ᠬᠤᠷᠸ᠎ᠠ ᠲᠥᠷᠥ ᠶᠢᠨ ᠪᠣᠳᠣᠯᠭ᠎ᠠ ᠶᠢᠨ ᠬᠦᠴᠦᠯᠡᠬᠦ ᠪᠠ ᠦᠷ᠎ᠡ ᠪᠦᠲᠦᠮᠵᠢ ᠭᠠᠷᠭᠠᠬᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠬᠤ ᠵᠢᠴᠢ ᠰᠢᠨ᠎ᠡ ᠬᠥᠳᠡᠯᠭᠡᠭᠴᠢ ᠡᠨᠧᠷᠭᠢ ᠶᠢᠨ ᠳᠠᠶᠢᠴᠢᠯᠠᠬᠤ | ᠦᠢᠯᠡᠳᠦᠯ ᠢ ᠴᠢᠩᠭᠠᠷᠠᠭᠤᠯᠬᠤ ᠵᠡᠷᠭᠡ ᠬᠦᠴᠦᠨ ᠵᠦᠢᠯ ᠤᠨ ᠶᠡᠷᠦᠩᠬᠡᠶᠢᠯᠡᠭᠰᠡᠨ ᠦᠢᠯᠡᠳᠦᠯ ᠳᠤᠤᠷ᠎ᠠ᠂ ᠪᠥᠬᠦ | ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠦᠢᠯᠡᠰ ᠤᠨ | ᠪᠦᠲᠦᠴᠡ ᠦᠷᠭᠦᠯᠵᠢᠯᠡᠨ ᠰᠢᠯᠢᠳᠡᠭᠵᠢᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7. | 2% ᠢᠶᠠᠷ ᠨᠡᠮᠡᠭᠳᠡᠪᠡ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ | ᠭᠤᠷᠪᠠᠨ ᠶᠡᠭᠡ ᠲᠥᠷᠥᠯ ᠵᠦᠢᠯ ᠳᠤ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠦᠢᠯᠡᠳᠬᠦ ᠦᠢᠯᠡᠰ 9.0% ᠪᠠᠷ ᠨᠡᠮᠡᠭᠳᠡᠵᠦ᠂ ᠴᠠᠬᠢᠯᠭᠠᠨ | ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9. | 9% ᠪᠠᠷ ᠨᠡᠮᠡᠭᠳᠡᠪᠡ᠃ ᠵᠢᠷᠭᠤᠭᠠᠨ ᠬᠤᠪᠢ ᠶᠢᠨ ᠠᠵᠢᠯ ᠲᠥᠷᠥᠯ᠂ ᠲᠠᠪᠤᠨ ᠬᠤᠪᠢ ᠶᠢᠨ ᠦᠢᠯᠡᠳᠬᠦᠨ ᠨᠡᠮᠡᠭᠳᠡᠪᠡ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ 37 ᠶᠡᠭᠡ ᠲᠥᠷᠥᠯ ᠤᠨ ᠠᠵᠢᠯ | ᠲᠥᠷᠥᠯ ᠤᠨ ᠳᠣᠲᠣᠷ᠎ᠠ᠂ 22 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ ᠵᠢᠷᠭᠤᠭᠠᠨ ᠬᠤᠪᠢ ᠳᠤ ᠣᠶᠢᠷᠠᠲᠤᠪᠠ︔ ᠪᠥᠬᠦ ᠣᠷᠣᠨ ᠤ ᠪᠦᠷᠢᠳᠬᠡᠭᠰᠡᠨ | 255 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 125 ᠵᠦᠢᠯ ᠤᠨ ᠦᠢᠯᠡᠳᠬᠦᠨ ᠤ | ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 49.0% ᠳᠤ | ᠬᠦᠷᠴᠡᠶ᠃ | ᠬᠤᠶᠠᠷ᠂ ᠠᠵᠤ ᠠᠬᠤᠶᠢᠯᠠᠯ ᠤᠨ ᠡᠷᠦᠬᠡ ᠶᠢᠨ ᠲᠤᠭ᠎ᠠ ᠰᠢᠨ᠎ᠡ ᠳᠡᠭᠲᠡᠷ ᠲᠤ ᠭᠠᠷᠪᠠ᠃ | 9 ᠳ᠋ᠤᠭᠡᠷ ᠰᠠᠷ᠎ᠠ ᠶᠢᠨ ᠰᠡᠭᠦᠯᠴᠢ ᠪᠠᠷ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ 4004 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 266 ᠡᠷᠦᠬᠡ ᠴᠡᠪᠡᠷ | ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | 37.5% ᠬᠤᠪᠢ ᠨᠡᠮᠡᠷᠢ ᠦᠵᠡᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ 2021 ᠣᠨ ᠤ ᠡᠬᠢᠨ ᠤ 3011 ᠡᠷᠦᠬᠡ | ᠪᠠᠶᠢᠭᠰᠠᠨ ᠠᠴᠠ ᠪᠠᠨ ᠣᠲᠣ 4004 ᠡᠷᠦᠬᠡ ᠪᠣᠯᠵᠣ ᠨᠡᠮᠡᠭᠳᠡᠨ᠂ 993 ᠡᠷᠦᠬᠡ ᠴᠡᠪᠡᠷ ᠨᠡᠮᠡᠭᠳᠡᠵᠦ᠂ 1000 | ᠰᠢᠬᠠᠮ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠪᠥᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠳᠤ ︽ | ᠰᠢᠨ᠎ᠡ︾ ᠠᠮᠢᠵᠢᠷᠠᠯ ᠤᠨ ᠬᠦᠴᠦᠨ ᠨᠡᠮᠡᠷᠢᠯᠡᠪᠡ᠃ | ᠭᠤᠷᠪᠠ᠂ ᠲᠣᠨᠣᠭᠯᠠᠯ ᠦᠢᠯᠡᠳᠬᠦ ᠦᠢᠯᠡᠰ ᠤᠨ ᠬᠥᠲᠥᠯᠦᠨ ᠳᠠᠭᠠᠭᠤᠯᠬᠤ ᠦᠢᠯᠡᠳᠦᠯ ᠦᠷᠭᠦᠯᠵᠢᠯᠡᠨ | ᠲᠣᠪᠤᠶᠢᠮ᠎ᠠ ᠢᠯᠡᠷᠡᠵᠦ ᠪᠠᠶᠢᠨ᠎ᠠ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠢᠯᠡᠳᠬᠦ | ᠦᠢᠯᠡᠰ ᠠᠳᠠᠯᠢ ᠬᠤᠭᠤᠴᠠᠭᠠᠨ ᠳᠤ 16.1% ᠪᠠᠷ ᠨᠡᠮᠡᠭᠳᠡᠭᠰᠡᠨ ᠥᠨᠳᠥᠷ ᠰᠠᠭᠤᠷᠢ ᠬᠤᠭᠤᠴᠠᠭᠠᠨ ᠳᠤ | ᠦᠷᠭᠦᠯᠵᠢᠯᠡᠨ ᠥᠨᠳᠥᠷ ᠲᠦᠪᠰᠢᠨ ᠪᠥᠬᠦᠶ ᠠᠵᠢᠯᠯᠠᠭᠠᠨ ᠢᠶᠠᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ | 41.8% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠨᠢ 13.7% ᠳᠤ ᠬᠦᠷᠴᠦ᠂ ᠬᠤᠪᠢ ᠨᠡᠮᠡᠷᠢ ᠨᠢ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 9.7 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠡᠨᠡ ᠵᠢᠯ ᠠᠴᠠ ᠨᠠᠭᠠᠰᠢ | 10% ᠠᠴᠠ ᠳᠡᠭᠡᠭᠰᠢᠬᠢ ᠶᠢ ᠪᠠᠲᠤᠯᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠲᠣᠭᠲᠠᠭᠤᠨ ᠨᠡᠮᠡᠭᠳᠡᠯ ᠢ ᠳᠠᠶᠢᠴᠢᠯᠠᠬᠤ ᠰᠢᠨ᠎ᠡ ᠬᠥᠳᠡᠯᠭᠡᠬᠦ ᠬᠦᠴᠦᠨ ᠪᠣᠯᠵᠠᠶ᠃ ᠡᠭᠦᠨ ᠳᠤ᠂ | ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 42.2% ᠢᠶᠠᠷ ᠨᠡᠮᠡᠭᠳᠡᠪᠡ᠃ | ᠳᠥᠷᠪᠡ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠠᠰᠤᠷᠠᠯᠲᠠ ᠥᠬᠡᠶ ᠪᠤᠵᠠᠭᠠᠶᠢᠷᠠᠪᠠ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 31.6% ᠪᠠᠷ ᠨᠡᠮᠡᠭᠳᠡᠵᠦ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 24.4 | ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠬᠤᠯᠪᠣᠭᠳᠠᠯ ᠪᠥᠬᠦᠶ ᠲᠣᠮᠣ ᠲᠥᠷᠥᠯ ᠤᠨ ᠠᠵᠢᠯ ᠲᠥᠷᠥᠯ ᠤᠨ | ᠳᠣᠲᠣᠷ᠎ᠠ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ᠂ | ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠳᠡᠭᠡᠳᠦ ᠬᠡᠮᠵᠢᠶ᠎ᠡ ᠪᠠᠷ ᠡᠷᠭᠢᠯᠳᠦᠵᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 61.1% ᠪᠠ 48.8% ᠪᠠᠷ ᠨᠡᠮᠡᠭᠳᠡᠨ᠂ ᠡᠨᠡ ᠵᠢᠯ ᠠᠴᠠ ᠨᠠᠰᠢᠬᠢ | ᠥᠨᠳᠥᠷ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠪᠡ᠃ | |