ᠡᠨᠡ ᠵᠢᠯ ᠠᠴᠠ ᠨᠠᠭᠠᠰᠢ᠂ ᠮᠠᠨ ᠤ ᠣᠷᠣᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠪᠠᠯᠠ | ᠣᠷᠣᠭᠤᠯᠤᠯᠲᠠ ᠶᠢ ᠲᠣᠭᠲᠠᠪᠤᠷᠢᠵᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠲᠦᠷᠦᠭᠦᠦ | ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 11% ᠪᠠᠷ ᠨᠡᠮᠡᠭᠳᠡᠵᠦ᠂ ᠪᠥᠬᠦ ᠤᠯᠤᠰ ᠲᠤ ᠬᠤᠶᠠᠳᠤᠭᠠᠷ ᠲᠤ ᠣᠷᠣᠪᠠ᠃ | ᠨᠢᠭᠡᠳᠦᠭᠡᠷ ᠲᠤ᠂ ᠴᠢᠬᠤᠯᠠ ᠶᠡᠭᠡ ᠲᠦᠷᠦᠯ ᠵᠦᠢᠯ ᠤᠨ ᠬᠤᠪᠢ ᠨᠡᠮᠡᠷᠢ ᠲᠤᠪᠤᠶᠢᠮ᠎ᠠ ᠪᠠᠶᠢᠨ᠎ᠠ᠃ 9 ᠳ᠋ᠤᠭᠡᠷ | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ | ᠲᠥᠷᠥᠯ ᠵᠦᠢᠯ 2812 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 175 ᠨᠡᠮᠡᠭᠳᠡᠵᠦ᠂ ᠪᠠᠯᠠ | ᠣᠷᠣᠭᠤᠯᠤᠯᠲᠠ ᠶᠢᠨ ᠨᠡᠮᠡᠭᠳᠡᠯ ᠢ 13.4% ᠪᠠᠷ ᠪᠡᠶᠡᠯᠡᠭᠦᠯᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 90% ᠰᠢᠬᠠᠮ ᠪᠣᠯᠵᠠᠶ᠃ ᠡᠭᠦᠨ ᠳᠤ᠂ 10 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠶᠢᠭᠤᠯᠵᠤ ᠪᠠᠶᠢᠭ᠎ᠠ ᠪᠠᠯᠠ ᠣᠷᠣᠭᠤᠯᠤᠯᠲᠠ ᠶᠢᠨ ᠲᠥᠷᠥᠯ ᠵᠦᠢᠯ | 567 ᠪᠠᠶᠢᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ | 23.7% ᠳᠤ ᠬᠦᠷᠴᠡᠶ᠃ | ᠬᠤᠶᠠᠳᠤᠭᠠᠷ ᠲᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ 1-8 ᠳ᠋ᠤᠭᠠᠷ ᠰᠠᠷ᠎ᠠ ᠶᠢᠨ ᠬᠢ ᠠᠴᠠ 2.9 ᠵᠠᠭᠤᠨ ᠤ | ᠬᠤᠪᠢ ᠶᠢᠨ ᠴᠡᠭ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 4.7 ᠵᠠᠭᠤᠨ ᠤ ᠬᠤᠪᠢ ᠶᠢᠨ ᠴᠡᠭ | ᠳᠠᠶᠢᠴᠢᠯᠠᠪᠠ᠃ ᠡᠭᠦᠨ ᠳᠤ᠂ ︽ ᠳᠤᠯᠠᠭᠠᠨ ᠬᠠᠯᠠᠮᠵᠢ ᠶᠢᠨ ᠢᠨᠵᠧᠨᠧᠷᠢᠩ︾ ᠤᠨ ᠬᠡᠷᠡᠭᠵᠢᠭᠦᠯᠦᠯᠲᠡ ᠶᠢᠨ | ᠳᠠᠶᠢᠴᠢᠯᠠᠯᠲᠠ ᠳᠤᠤᠷ᠎ᠠ᠂ ᠪᠥᠬᠦ ᠣᠷᠣᠨ ᠤ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ 21.1% ᠪᠠᠷ ᠨᠡᠮᠡᠭᠳᠡᠪᠡ᠃ | ᠭᠤᠷᠪᠠᠳᠤᠭᠠᠷ ᠲᠤ᠂ ︽ᠬᠤᠶᠠᠷ ᠰᠢᠨ᠎ᠡ︾ ᠲᠦᠷᠦ ᠶᠢᠨ ᠪᠤᠳᠤᠯᠭ᠎ᠠ ᠶᠢ ᠲᠦᠷᠭᠡᠯᠡᠨ ᠠᠬᠢᠭᠤᠯᠪᠠ᠃ 9 ᠳ᠋ᠤᠭᠡᠷ | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ | ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ 119 ᠰᠢᠨ᠎ᠡ ᠪᠠᠷ ᠨᠡᠮᠡᠭᠳᠡᠵᠦ᠂ ᠲᠤᠭ᠎ᠠ ᠬᠡᠮᠵᠢᠶ᠎ᠡ ᠶᠢᠨ ᠪᠥᠬᠦ | ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ ᠳᠠᠬᠢ ᠡᠵᠡᠯᠡᠬᠦ ᠬᠤᠪᠢ ᠶᠢᠨ ᠵᠢᠩ ᠨᠢ 60% ᠶᠢ ᠳᠠᠪᠠᠵᠤ᠂ | ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 1 ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠪᠠ᠃ ᠡᠭᠦᠨ ᠳᠤ | ᠦᠢᠯᠡᠳᠬᠦ ᠦᠢᠯᠡᠰ ᠪᠠ ᠠᠭᠤᠷᠬᠠᠶ ᠮᠠᠯᠲᠠᠬᠤ ᠦᠢᠯᠡᠰ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠯᠠᠪᠳᠠᠭᠤᠨ ᠢᠶᠠᠷ | ᠠᠬᠢᠭᠤᠯᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ ᠨᠢ ᠪᠥᠬᠦ ᠲᠥᠬᠦᠭᠡᠷᠦᠮᠵᠢ ᠬᠤᠳᠠᠯᠳᠤᠨ ᠠᠪᠬᠤ ᠲᠥᠷᠥᠯ | ᠵᠦᠢᠯ ᠤᠨ ᠳᠣᠲᠣᠷ᠎ᠠ ᠨᠡᠶᠢᠲᠡ ᠡᠵᠡᠯᠡᠬᠦ ᠬᠤᠪᠢ ᠶᠢᠨ ᠵᠢᠩ ᠨᠢ ᠬᠠᠭᠠᠰ ᠠᠴᠠ ᠳᠠᠪᠠᠭᠰᠠᠨ ᠪᠠᠶᠢᠨ᠎ᠠ᠃ | |