10 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠣᠷᠣᠨ ᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ | ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ | ᠬᠤᠷᠠᠯ ᠳᠤ ᠣᠷᠣᠯᠴᠠᠵᠤ᠂ 4 ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠠᠵᠢᠯ ᠤᠨ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠪᠠ᠃ | ᠬᠤᠷᠠᠯ ᠠᠴᠠ 2024 ᠣᠨ ᠤ ᠪᠥᠬᠦ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 2024 ᠣᠨ ᠠᠴᠠ ᠨᠠᠭᠠᠰᠢᠬᠢ ᠪᠥᠬᠦ ᠣᠷᠣᠨ ᠤ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ᠲᠤᠭ᠎ᠠ ᠪᠦᠷᠢᠳᠬᠡᠯ ᠤᠨ | ᠬᠠᠭᠤᠷᠮᠠᠭᠯᠠᠬᠤ ᠠᠵᠢᠯᠯᠠᠭ᠎ᠠ ᠶᠢ ᠰᠡᠷᠭᠡᠶᠢᠯᠡᠨ ᠵᠠᠰᠠᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ | ᠵᠠᠳᠠᠯᠵᠤ᠂ ᠲᠠᠷᠠᠭᠠᠴᠢ ᠶᠢᠨ ᠱᠠᠲᠤᠨ ᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠪᠥᠬᠦ ᠣᠷᠣᠨ ᠤ ᠡᠯ᠎ᠡ ᠱᠠᠲᠤᠨ ᠤ ᠲᠤᠭ᠎ᠠ | ᠪᠦᠷᠢᠳᠬᠡᠯ ᠤᠨ ᠰᠢᠰᠲ᠋ᠧᠮ ᠠᠳᠠᠯᠢ ᠠᠯᠬᠤᠮ ᠢᠶᠠᠷ ᠬᠦᠴᠦ ᠪᠠᠨ ᠲᠥᠪᠯᠡᠷᠡᠭᠦᠯᠦᠨ᠂ ᠦᠨᠡᠨ ᠬᠦ ᠠᠳᠬᠤᠨ ᠪᠣᠳᠠᠲᠠᠶ | ᠠᠵᠢᠯᠯᠠᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠬᠦᠴᠦᠯᠡᠨ | ᠪᠠᠳᠠᠷᠠᠭᠤᠯᠵᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠩᠭᠤ ᠶᠢᠨ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠰᠠᠭᠤᠷᠢ | ᠠᠵᠢᠯ ᠵᠡᠷᠭᠡ ᠭᠤᠤᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠨ᠂ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠡᠯ᠎ᠡ ᠵᠦᠢᠯ ᠤᠨ ᠠᠵᠢᠯ ᠵᠣᠬᠢᠬᠤ ᠠᠮᠵᠢᠯᠲᠠ ᠤᠯᠪᠠ᠃ ᠭᠡᠪᠡᠴᠦ ᠬᠡᠰᠡᠭ ᠭᠠᠵᠠᠷ ᠣᠷᠣᠨ ᠤ | ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠴᠤᠬᠤᠶᠢᠯᠲᠠ ᠶᠢᠨ ᠳᠠᠯᠳᠠ ᠬᠡᠮ ᠢ ᠣᠮᠲᠣᠭᠠᠶᠢᠯᠠᠵᠤ ᠪᠣᠯᠬᠤ | ᠥᠬᠡᠶ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠪᠠᠰᠠ ᠴᠢᠩᠭᠠᠳᠬᠠᠬᠤ ᠴᠢᠬᠤᠯᠠᠲᠠᠶ ᠪᠠᠶᠢᠵᠤ᠂ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠡᠯ᠎ᠡ ᠱᠠᠲᠤᠨ ᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠨᠤᠭᠤᠳ ᠲᠣᠰ ᠪᠡᠶ᠎ᠡ ᠪᠠᠨ ᠪᠠᠶᠢᠴᠠᠭᠠᠨ ᠦᠵᠡᠵᠦ᠂ ᠪᠠᠶᠢᠳᠠᠯ ᠢ ᠴᠢᠩᠭ᠎ᠠ ᠲᠠᠭᠠᠨ᠂ | ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠮᠠᠨ ᠤ ᠣᠷᠣᠨ ᠤ | ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ | ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠲᠤᠭ᠎ᠠ ᠪᠦᠷᠢᠳᠬᠡᠯ ᠤᠨ ᠬᠠᠤᠯᠢ︾ ᠳᠤ ᠵᠠᠰᠠᠪᠤᠷᠢ | ᠣᠷᠣᠭᠤᠯᠬᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠲᠤᠭ᠎ᠠ ᠪᠦᠷᠢᠳᠬᠡᠯ ᠤᠨ ᠬᠠᠤᠯᠢ︾ ᠶᠢᠨ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠵᠦ᠂ ᠰᠤᠷᠤᠯᠴᠠᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠤᠭ᠎ᠠ | ᠪᠦᠷᠢᠳᠬᠡᠯ ᠤᠨ ᠣᠷᠣᠨ ᠨᠤᠲᠤᠭ ᠤᠨ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠶᠢ ᠲᠦᠷᠭᠡᠳᠬᠡᠨ | ᠠᠬᠢᠭᠤᠯᠬᠤ ᠬᠡᠷᠡᠭᠲᠡᠶ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠩᠭᠤ ᠶᠢᠨ ᠲᠤᠭ᠎ᠠ | ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ | ᠪᠠᠬᠢᠵᠢᠭᠦᠯᠦᠨ ᠥᠷᠭᠡᠳᠬᠡᠵᠦ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠳᠤᠤᠷᠠᠳᠤ ᠱᠠᠲᠤ ᠪᠠᠷ ᠢᠶᠠᠨ ᠰᠡᠳᠬᠢᠯ | ᠨᠢᠭᠡᠳᠦᠨ ᠠᠯᠬᠤᠮ ᠢᠶᠠᠨ ᠨᠢᠭᠡᠳᠬᠡᠵᠦ᠂ ᠲᠤᠭ᠎ᠠ ᠪᠦᠷᠢᠳᠬᠡᠯ ᠤᠨ ᠬᠠᠤᠯᠢᠵᠢᠯ ᠤᠨ ᠭᠦᠨᠵᠡᠭᠡᠶᠢᠷᠡᠨ ᠬᠥᠭᠵᠢᠬᠦ ᠶᠢ | ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ | ᠪᠦᠷᠢᠳᠬᠡᠯ ᠤᠨ ᠬᠠᠤᠯᠢ︾ ᠶᠢ ᠢᠳᠡᠪᠬᠢᠲᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠬᠡᠷᠡᠭᠲᠡᠢ᠃ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠰᠤᠷᠤᠯᠴᠠᠵᠤ ᠤᠬᠠᠭᠤᠯᠤᠨ | ᠲᠤᠭᠤᠰᠢᠯᠠᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠬᠡᠯᠪᠡᠷᠢᠴᠢ | ᠦᠵᠡᠯ ᠠᠴᠠ ᠵᠠᠶᠢᠯᠠᠰᠬᠢᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠳᠡᠢ᠃ ᠬᠤᠶᠠᠷ ᠲᠤ᠂ | ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠦᠷᠭᠦᠯᠵᠢᠯᠡᠨ ᠰᠡᠷᠭᠡᠶᠢᠯᠡᠨ ᠵᠠᠰᠠᠬᠤ ᠬᠡᠷᠡᠭᠲᠡᠶ᠃ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ | ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ | ᠤᠶᠠᠯᠳᠤᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ | ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠰᠢᠰᠲ᠋ᠧᠮ ᠲᠠᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠲᠤᠭ᠎ᠠ | ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠳᠡᠢ᠃ | ᠭᠤᠷᠪᠠ ᠳᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ | ᠲᠤᠰᠬᠠᠶ ᠵᠠᠰᠠᠯᠲᠠ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ | ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠬᠦᠯᠬᠦ ᠬᠡᠷᠡᠭᠳᠡᠢ ᠭᠡᠵᠡᠢ᠃ | ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠲᠤᠭ᠎ᠠ | ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠤᠭ᠎ᠠ ᠪᠦᠷᠢᠳᠬᠡᠯ ᠤᠨ | ᠬᠠᠤᠯᠢ ᠪᠠᠷ ᠵᠠᠰᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠠᠵᠢᠯ ᠦᠢᠯᠡᠰ ᠤᠨ ᠨᠢᠭᠡᠴᠡ ᠶᠢᠨ | ᠬᠠᠷᠢᠭᠤᠴᠠᠯᠭᠠᠲᠠᠨ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠶᠢᠨ | ᠪᠥᠬᠦ ᠠᠵᠢᠯᠲᠠᠨ ᠬᠤᠷᠠᠯ ᠳᠤ ᠣᠷᠣᠯᠴᠠᠵᠠᠶ᠃ | |