ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠲᠤᠰᠬᠠᠶ ᠰᠡᠳᠦᠪ ᠢᠶᠠᠷ ᠰᠤᠷᠤᠯᠴᠠᠪᠠ
ᠨᠡᠶᠢᠲᠡᠯᠡᠭᠰᠡᠨ ᠴᠠᠭ᠄
2024/10/26
   10 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︵ᠳᠣᠷᠣᠭᠰᠢ ︽ᠲᠤᠭ᠎ᠠ ᠪᠦᠷᠢᠳᠬᠡᠯ ᠤᠨ ᠬᠠᠤᠯᠢ︾ ᠭᠡᠵᠦ ᠲᠣᠪᠴᠢᠯᠠᠨ᠎ᠠ︶ ᠶᠢ ᠲᠤᠰᠬᠠᠶ ᠰᠡᠳᠦᠪ ᠢᠶᠠᠷ ᠰᠤᠷᠤᠯᠴᠠᠵᠤ᠂ ︽ᠰᠢᠨ᠎ᠡ ᠪᠠᠷ ᠵᠠᠰᠠᠪᠤᠷᠢ ᠤᠷᠤᠭᠤᠯᠤᠭᠰᠠᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ﹀ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠦᠷᠨᠢᠬᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠦᠰᠦᠪ︾ ᠢ ᠰᠤᠳᠤᠯᠤᠨ ᠬᠢᠨᠠᠨ ᠵᠥᠪᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠬᠤᠷᠠᠯ ᠢ ᠡᠷᠭᠢᠯᠡᠭᠰᠡᠨ ᠪᠥᠭᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠭᠰᠠᠨ ᠨᠢ᠂ ᠲᠣᠰ ᠤᠳᠠᠭ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠤᠭ᠎ᠠ ᠪᠦᠷᠢᠳᠬᠡᠯ ᠤᠨ ᠬᠠᠤᠯᠢ ᠶᠢᠨ ᠲᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠬᠤᠪᠢᠷᠠᠭᠤᠯᠬᠤ ᠥᠬᠡᠶ ᠪᠠᠶᠢᠬᠤ ᠰᠠᠭᠤᠷᠢᠨ ᠳᠡᠭᠡᠷ᠎ᠡ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂  ᠲᠤᠭ᠎ᠠ ᠪᠦᠷᠢᠳᠬᠡᠯ ᠢ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠠᠬᠢᠭᠤᠯᠬᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠬᠤ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠵᠠᠰᠠᠪᠤᠷᠢ ᠣᠷᠣᠭᠤᠯᠵᠤ᠂ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢᠨ ᠬᠠᠤᠯᠢ ᠪᠠᠷ ᠵᠠᠰᠠᠬᠤ ᠰᠠᠭᠤᠷᠢ ᠶᠢ ᠪᠠᠬᠢᠵᠢᠭᠦᠯᠪᠡ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢᠨ ᠭᠤᠤᠯ ᠵᠣᠷᠢᠯᠲᠠ ᠴᠢᠬᠤᠯᠠ ᠠᠭᠤᠯᠭ᠎ᠠ ᠪᠣᠯᠤᠨ ᠭᠤᠤᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠳᠤ ᠭᠠᠷᠭᠠᠭᠰᠠᠨ ᠡᠯ᠎ᠡ ᠵᠦᠢᠯ ᠤᠨ ᠴᠢᠬᠤᠯᠠ ᠲᠦᠷᠢᠮ ᠤᠨ ᠲᠣᠬᠢᠷᠠᠭᠤᠯᠤᠯᠲᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠳᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠣᠯᠤᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠲᠤᠭ᠎ᠠ ᠪᠦᠷᠢᠳᠬᠡᠯ ᠤᠨ ᠠᠵᠢᠯ ᠤᠨ ᠡᠯ᠎ᠡ ᠲᠠᠯ᠎ᠠ᠂ ᠡᠯ᠎ᠡ ᠭᠤᠭᠴᠤᠭ᠎ᠠ ᠶᠢᠨ  ᠬᠠᠤᠯᠢ ᠪᠠᠷ ᠵᠠᠰᠠᠬᠤ ᠵᠠᠮ ᠢᠶᠠᠷ ᠡᠮᠬᠢ ᠵᠢᠷᠤᠮ ᠲᠠᠢ ᠠᠵᠢᠯᠯᠠᠬᠤ ᠶᠢ ᠠᠬᠢᠭᠤᠯᠬᠤ ᠬᠡᠷᠡᠭᠲᠡᠶᠭᠡᠵᠡᠢ᠃    ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨᠬᠠᠤᠯᠢ︾ ᠶᠢᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠴᠢᠭᠯᠡᠯᠲᠦ ᠴᠢᠨᠠᠷ ᠢ ᠭᠦᠨᠵᠡᠭᠡᠢ ᠲᠠᠨᠢᠵᠤ᠂ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ︽ᠰᠢᠨ᠎ᠡ ᠪᠠᠷ ᠵᠠᠰᠠᠪᠤᠷᠢ ᠣᠷᠣᠭᠤᠯᠤᠭᠰᠠᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ﹀ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠥᠷᠨᠢᠭᠦᠯᠬᠦ ᠲᠤᠬᠠᠶ ᠲᠦᠰᠦᠪ︾ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠭᠤᠤᠯᠳᠠᠯᠭ᠎ᠠ ᠲᠠᠢ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠬᠥᠮᠦᠰ ᠢ ᠠᠳᠬᠤᠨ᠂ ᠠᠷᠭ᠎ᠠ ᠬᠡᠯᠪᠡᠷᠢ ᠶᠢ ᠴᠢᠬᠤᠯᠠᠴᠢᠯᠠᠵᠤ᠂ ᠲᠠᠰ ᠲᠥᠷᠥᠯ ᠬᠤᠪᠢᠶᠠᠨ ᠠᠬᠢᠭᠤᠯᠵᠤ᠂ ︽ᠲᠤᠭ᠎ᠠ ᠪᠦᠷᠢᠳᠬᠡᠯ ᠤᠨ ᠬᠠᠤᠯᠢ︾ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠭᠦᠨᠵᠡᠭᠡᠶ ᠰᠠᠶᠢᠲᠤᠷ ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠠᠤᠯᠢ ᠴᠠᠭᠠᠵᠠ ᠶᠢᠨ ᠲᠢᠩᠬᠢᠮ ᠯᠦᠭᠡ ᠶᠢᠨ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠦᠷᠢᠮ︾ ᠵᠡᠷᠭᠡ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠲᠦᠷᠢᠮ ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠬᠠᠨᠳᠤᠯᠭᠠᠲᠤ ᠴᠢᠨᠠᠷ᠂ ᠳᠣᠭᠢᠷᠠᠬᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠳᠡᠢᠭᠡᠵᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号