ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ | ᠳᠤᠷᠠᠳᠤᠭᠰᠠᠨ ᠲᠡᠭ ᠰᠠᠭᠤᠷᠢ ᠲᠥᠰᠦᠪ ᠤᠨ ᠥᠭᠡᠷᠡᠴᠢᠯᠡᠯᠲᠡ᠂ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ | ᠲᠥᠰᠦᠪ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ᠂ ᠰᠠᠯᠠᠭ᠎ᠠ ᠮᠥᠴᠢᠷ ᠤᠨ ᠡᠳ᠋ ᠤᠨ ᠬᠦᠴᠦᠨ ᠪᠠ | ᠬᠠᠷᠠᠯᠲᠠ ᠵᠢᠭᠰᠠᠭᠠᠭᠰᠠᠨ ᠶᠡᠷᠦᠩᠬᠡᠶᠢᠯᠡᠭᠰᠡᠨ ᠲᠥᠰᠦᠪ ᠢ ᠨᠠᠶᠢᠷᠠᠭᠤᠯᠤᠨ ᠵᠣᠬᠢᠶᠠᠬᠤ ᠠᠷᠭ᠎ᠠ ᠶᠢ ᠡᠮᠬᠢᠯᠡᠨ | ᠨᠡᠶᠢᠯᠡᠭᠦᠯᠬᠦ ᠨᠢ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠬᠦ ᠳᠤ ᠬᠦᠴᠦᠲᠡᠢ ᠠᠬᠢᠭᠤᠯᠬᠤ ᠦᠢᠯᠡᠳᠦᠯ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠨᠢ ᠲᠥᠰᠦᠪ ᠤᠨ ᠬᠡᠷᠡᠭᠵᠢᠭᠦᠯᠦᠯᠲᠡ᠂ ᠲᠥᠰᠦᠪ ᠨᠠᠶᠢᠷᠠᠭᠤᠯᠤᠨ ᠵᠣᠬᠢᠶᠠᠬᠤ᠂ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠲᠠᠯ᠎ᠠ ᠠᠴᠠ ᠭᠠᠷᠳᠠᠵᠤ᠂ ᠨᠢᠭᠡᠳᠦᠯᠲᠡᠶ ᠲᠥᠯᠥᠪᠯᠡᠬᠦ ᠠᠵᠢᠯ ᠤᠨ | ᠬᠤᠭᠤᠷᠣᠨᠳᠣ ᠠᠳᠠᠯᠢ ᠳᠠᠪᠲᠠᠮᠵᠢ ᠲᠠᠢ᠂ ᠠᠳᠠᠯᠢ ᠴᠢᠭᠯᠡᠯ ᠲᠠᠢ᠂ ᠠᠳᠠᠯᠢ ᠠᠯᠬᠤᠮ ᠲᠠᠢ ᠬᠥᠭᠵᠢᠬᠦ ᠶᠢ | ᠴᠢᠬᠤᠯᠠᠴᠢᠯᠠᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠨᠡᠭᠡᠭᠡᠬᠦ ᠬᠡᠷᠡᠭᠲᠡᠶ᠃ | ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠡᠭᠦᠷᠭᠡ ᠲᠠᠢ ᠠᠳᠠᠯᠢ ᠲᠠᠪᠲᠠᠮᠵᠢ ᠲᠠᠢ ᠪᠠᠶᠢᠯᠭᠠᠵᠤ᠂ ᠴᠢᠨᠠᠷ | ᠰᠠᠶᠢᠲᠠᠶ ᠦᠷ᠎ᠡ ᠪᠦᠲᠦᠮᠵᠢᠲᠡᠶ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠪᠡ᠃ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠥᠭᠡᠷᠡᠴᠢᠯᠡᠯᠲᠡ ᠶᠢᠨ ᠡᠭᠦᠷᠭᠡ ᠶᠢᠨ | ᠠᠬᠢᠴᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠲᠤᠰᠬᠠᠶ ᠰᠡᠳᠦᠪᠲᠦ ᠬᠤᠷᠠᠯ ᠳᠡᠭᠡᠷ᠎ᠡ | ᠠᠵᠢᠯ ᠤᠨ ᠠᠬᠢᠴᠠ ᠶᠢ ᠠᠬᠢᠭᠤᠯᠪᠠ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠤᠷᠠᠳᠤᠭᠰᠠᠨ | ᠥᠭᠡᠷᠡᠴᠢᠯᠡᠯᠲᠡ ᠶᠢᠨ ᠰᠡᠳᠬᠢᠴᠡ ᠶᠢ ᠦᠨᠳᠦᠰᠦᠯᠡᠨ᠂ ᠡᠳ᠋ ᠤᠨ ᠶᠠᠪᠤᠳᠠᠯ ᠤᠨ ᠠᠵᠢᠯ ᠨᠢ ᠲᠤᠭ᠎ᠠ ᠪᠦᠷᠢᠳᠬᠡᠯ ᠤᠨ | ᠥᠭᠡᠷᠡᠴᠢᠯᠡᠯᠲᠡ ᠶᠢᠨ ᠡᠭᠦᠷᠭᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠨᠢᠭᠲᠠ ᠤᠶᠠᠯᠳᠤᠵᠤ᠂ ᠨᠢᠭᠡ | ᠨᠢᠭᠡ ᠪᠠᠷ ᠨᠢᠭᠤᠷᠳᠠᠨ ᠦᠢᠯᠡᠴᠢᠯᠡᠬᠦ ᠠᠷᠭ᠎ᠠ ᠮᠠᠶ᠋ᠢᠭ ᠢ ᠠᠪᠬᠤ᠂ ᠲᠣᠪᠴᠢᠶᠠᠨ ᠤ ᠡᠯ᠎ᠡ ᠨᠢᠭᠡᠴᠡ ᠲᠠᠢ ᠲᠥᠰᠦᠪ ᠢ | ᠭᠦᠢᠴᠡᠳᠭᠡᠬᠦ ᠬᠦᠴᠢᠷ ᠠᠰᠠᠭᠤᠳᠠᠯ ᠢ ᠬᠠᠮᠳᠤᠪᠠᠷ ᠰᠤᠳᠤᠯᠵᠤ᠂ ᠲᠡᠭ ᠰᠠᠭᠤᠷᠢ ᠲᠥᠰᠦᠪ ᠤᠨ ᠥᠭᠡᠷᠡᠴᠢᠯᠡᠯᠲᠡ ᠲᠠᠢ | ᠤᠶᠠᠯᠳᠤᠭᠤᠯᠤᠨ᠂ ᠡᠯ᠎ᠡ ᠨᠢᠭᠡᠴᠡ ᠶᠢᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠡᠭᠦᠷᠭᠡ ᠳᠤ ᠴᠢᠭᠯᠡᠭᠦᠯᠦᠨ᠂ | ᠡᠳ᠋ ᠤᠨ ᠵᠠᠰᠠᠭ ᠠᠵᠤ ᠠᠬᠤᠶ ᠶᠢᠨ ᠳᠦᠷᠢᠮ ᠳᠤ ᠨᠢᠭᠡᠳ ᠨᠢᠭᠡ ᠪᠠᠷ ᠲᠠᠶᠢᠯᠤᠮᠵᠢ ᠬᠢᠵᠦ᠂ ᠲᠥᠰᠦᠪ ᠤᠨ | ᠬᠡᠷᠡᠭᠴᠡᠭᠡ ᠶᠢ ᠵᠦᠢᠯ ᠳᠠᠷᠠᠭᠠᠯᠠᠨ ᠬᠢᠨᠠᠨ ᠵᠦᠪᠯᠡᠵᠦ᠂ ᠪᠡᠯᠡ ᠮᠥᠩᠭᠦ ᠶᠢᠨ ᠦᠷ᠎ᠡ ᠪᠦᠲᠦᠮᠵᠢ ᠶᠢ ᠨᠢᠭᠡᠳ ᠨᠢᠭᠡ ᠪᠠᠷ | ᠲᠠᠭᠯᠠᠨ ᠵᠢᠭᠰᠠᠭᠠᠵᠤ᠂ ᠬᠠᠮᠤᠭ ᠤᠨ ᠪᠠᠭ᠎ᠠ ᠬᠡᠰᠡᠭ ᠠᠴᠠ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠬᠦᠯᠦᠨ᠂ | ᠡᠳ᠋ ᠤᠨ ᠶᠠᠪᠤᠳᠠᠯ ᠤᠨ ᠳᠡᠮᠵᠢᠯᠭᠡ ᠬᠢᠭᠡᠳ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠷᠢᠯᠴᠠᠨ ᠲᠣᠬᠢᠷᠠᠯᠴᠠᠭᠤᠯᠬᠤ ᠶᠢ ᠦᠨᠡᠨᠬᠦ ᠪᠠᠲᠤᠯᠠᠪᠠ᠃ | ᠲᠥᠰᠦᠪ ᠤᠨ ᠳᠦᠷᠢᠮ ᠤᠨ ᠥᠭᠡᠷᠡᠴᠢᠯᠡᠯᠲᠡ ᠲᠠᠢ ᠠᠳᠠᠯᠢ ᠴᠢᠭᠯᠡᠯ ᠲᠠᠢ ᠪᠣᠯᠭᠠᠵᠤ᠂ ᠥᠭᠡᠷᠡᠴᠢᠯᠡᠯᠲᠡ ᠶᠢᠨ | ᠬᠠᠷᠠᠯᠲᠠ ᠲᠠᠢ ᠨᠡᠶᠢᠴᠡᠬᠦ ᠬᠡᠮᠵᠢᠶ᠎ᠡ ᠶᠢ ᠳᠡᠭᠡᠭᠰᠢᠯᠡᠬᠦᠯᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠲᠥᠰᠦᠪ ᠤᠨ ᠥᠭᠡᠷᠡᠴᠢᠯᠡᠯᠲᠡ ᠶᠢ ᠠᠬᠢᠭᠤᠯᠬᠤ ᠶᠢᠨ ᠬᠠᠮᠲᠤ᠂ ᠰᠠᠯᠠᠭ᠎ᠠ ᠮᠥᠴᠢᠷ ᠤᠨ | ᠭᠤᠣᠯᠳᠠᠯᠭ᠎ᠠ ᠲᠠᠢ ᠠᠵᠢᠯ ᠬᠢᠭᠡᠳ ᠥᠭᠡᠷᠡᠴᠢᠯᠡᠯᠲᠡ ᠶᠢᠨ ᠡᠭᠦᠷᠭᠡ ᠶᠢᠨ ᠶᠡᠷᠦᠩᠬᠡᠶ ᠱᠠᠭᠠᠷᠳᠠᠯᠭ᠎ᠠ ᠪᠣᠯᠤᠨ ᠪᠣᠳᠠᠲᠠᠶ | ᠲᠣᠬᠢᠷᠠᠭᠤᠯᠤᠯᠲᠠ ᠶᠢ ᠭᠦᠢᠴᠡᠳ ᠪᠣᠳᠣᠯᠬᠢᠯᠠᠵᠤ᠂ ᠬᠤᠶᠠᠭᠤᠯᠠ ᠪᠠᠨ ᠬᠠᠷᠢᠯᠴᠠᠨ ᠵᠣᠬᠢᠴᠠᠯᠳᠤᠵᠤ᠂ ᠬᠠᠷᠢᠯᠴᠠᠨ | ᠠᠬᠢᠭᠤᠯᠬᠤ ᠶᠢ ᠦᠨᠡᠨᠬᠦ ᠪᠠᠲᠤᠯᠠᠪᠠ᠃ ᠨᠢᠭᠡ ᠳᠤ᠂ ᠲᠥᠰᠦᠪ ᠤᠨ ᠬᠠᠮᠢᠶᠠᠷᠤᠯᠲᠠ ᠶᠢᠨ ᠰᠠᠭᠤᠷᠢ ᠪᠣᠯᠬᠤ ᠪᠠᠶᠢᠷᠢ | ᠰᠠᠭᠤᠷᠢ ᠶᠢ ᠴᠢᠩᠭᠠᠳᠬᠠᠵᠤ᠂ ᠠᠵᠢᠯ ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ | ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ ᠶᠢ ᠦᠨᠡᠨ ᠬᠦ ᠪᠠᠲᠤᠯᠠᠪᠠ︔ | ᠬᠤᠶᠠᠷ ᠲᠤ᠂ ᠲᠥᠰᠦᠪ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠯ᠎ᠡ ᠨᠢᠭᠡᠴᠡ ᠶᠢᠨ ᠪᠣᠳᠠᠲᠤ | ᠬᠡᠷᠡᠭᠴᠡᠭᠡ ᠪᠠ ᠲᠥᠰᠦᠪ ᠤᠨ ᠲᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠲᠥᠰᠦᠪ ᠤᠨ ᠵᠠᠷᠤᠯᠭ᠎ᠠ ᠶᠢᠨ | ᠪᠦᠲᠦᠴᠡ ᠶᠢ ᠵᠦᠢ ᠵᠣᠬᠢᠰᠲᠠᠢ ᠲᠤᠬᠢᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠬᠦᠯᠪᠡ︔ ᠭᠤᠷᠪᠠ ᠳᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠴᠢᠭᠯᠡᠯ ᠳᠤ ᠲᠣᠭᠲᠠᠮᠠᠯ | ᠬᠤᠭᠤᠴᠠᠭ᠎ᠠ ᠲᠠᠢ ᠪᠠᠷ ᠰᠠᠨᠠᠭᠤᠯᠤᠨ ᠬᠢᠨᠠᠯᠲᠠ ᠲᠠᠯᠪᠢᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠵᠢᠱᠢᠭᠰᠡᠨ ᠦᠷ᠎ᠡ ᠪᠦᠲᠦᠮᠵᠢ ᠪᠠ ᠬᠠᠷᠠᠯᠲᠠ ᠳᠤ ᠬᠦᠷᠬᠦ ᠶᠢ ᠦᠨᠡᠨ ᠬᠦ ᠪᠠᠲᠤᠯᠠᠪᠠ᠃ | ᠲᠤᠬᠠᠶᠢᠯᠠᠭᠰᠠᠨ ᠠᠵᠢᠯ ᠲᠠᠢ ᠠᠳᠠᠯᠢ ᠠᠯᠬᠤᠮ ᠢᠶᠠᠷ ᠤᠶᠠᠯᠳᠤᠭᠤᠯᠤᠨ ᠬᠥᠭᠵᠢᠭᠦᠯᠵᠦ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠡᠳ᠋ ᠤᠨ ᠶᠠᠪᠤᠳᠠᠯ ᠤᠨ ᠬᠠᠮᠢᠶᠠᠷᠤᠯᠲᠠ ᠳᠤ ᠬᠦᠴᠦᠨ ᠨᠡᠮᠡᠷᠢᠯᠡᠪᠡ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ 4 ᠵᠢᠯ ᠲᠠᠰᠤᠷᠠᠯᠲᠠ ᠥᠬᠡᠶ ᠲᠡᠭᠦᠯᠳᠡᠷᠵᠢᠬᠦ ᠪᠠᠷ ᠳᠡᠮᠵᠢᠨ᠂ ᠲᠥᠰᠦᠪ | ᠨᠠᠶᠢᠷᠠᠭᠤᠯᠤᠨ ᠵᠣᠬᠢᠶᠠᠬᠤ᠂ ᠲᠥᠰᠦᠪ ᠢ ᠭᠦᠢᠴᠡᠳᠭᠡᠬᠦ᠂ ᠲᠥᠰᠦᠪ ᠤᠨ ᠠᠮᠵᠢᠯᠲᠠ ᠪᠦᠲᠦᠮᠵᠢ ᠶᠢ ᠰᠦᠯᠵᠢᠶ᠎ᠡ ᠪᠠᠷ | ᠬᠠᠮᠢᠶᠠᠷᠬᠤ ᠶᠢ ᠨᠢᠭᠡᠨᠲᠡ ᠠᠩᠬ᠎ᠠ ᠠᠯᠬᠤᠮ ᠪᠡᠶᠡᠯᠡᠭᠦᠯᠪᠡ᠃ ︽ᠠᠵᠢᠯ ᠢᠶᠠᠨ ᠰᠠᠶᠢᠨ ᠬᠢᠶ᠎ᠠ ᠭᠡᠪᠡᠯ ᠤᠷᠢᠳ ᠢᠶᠠᠷ | ᠪᠠᠭᠠᠵᠢ ᠪᠠᠨ ᠬᠤᠷᠴᠠ ᠪᠣᠯᠭᠠᠬᠤ ᠬᠡᠷᠡᠭᠲᠡᠶ︾᠂ ᠴᠠᠭ ᠦᠶ᠎ᠡ ᠶᠢᠨ ᠤᠷᠢᠶ᠎ᠠ ᠳᠤ ᠰᠠᠯᠠᠭ᠎ᠠ ᠮᠥᠴᠢᠷ ᠤᠨ ᠡᠳ᠋ ᠤᠨ | ᠶᠠᠪᠤᠳᠠᠯ ᠤᠨ ᠬᠠᠮᠢᠶᠠᠷᠤᠯᠲᠠ ᠨᠢ ᠬᠡᠪᠰᠢᠭᠰᠡᠨ ᠰᠡᠳᠬᠢᠬᠦᠶ ᠶᠢ ᠡᠪᠳᠡᠵᠦ᠂ ᠡᠳ᠋ ᠤᠨ ᠶᠠᠪᠤᠳᠠᠯ ᠤᠨ ᠲᠤᠰᠬᠠᠶ | ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠬᠢᠭᠡᠳ | ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠨᠡᠪᠲᠡᠷᠡᠯᠴᠡᠭᠡ ᠪᠠᠷ ᠳᠠᠮᠵᠢᠭᠤᠯᠤᠨ᠂ ︽ᠲᠥᠰᠦᠪ ᠤᠨ ᠲᠤᠭ᠎ᠠ | ᠪᠠᠷᠢᠮᠲᠠ ᠶᠢ ᠦᠵᠡᠭᠳᠡᠭᠦᠯᠬᠦ᠂ ᠲᠥᠰᠦᠪ ᠢ ᠭᠦᠢᠴᠡᠳᠭᠡᠬᠦ ᠶᠢ ᠢᠯᠡ ᠲᠣᠳᠣ ᠪᠣᠯᠭᠠᠬᠤ︾ ᠶᠢ ᠪᠡᠶᠡᠯᠡᠭᠦᠯᠵᠦ᠂ | ᠲᠤᠬᠠᠶᠢᠯᠠᠭᠰᠠᠨ ᠠᠵᠢᠯ ᠬᠢᠭᠡᠳ ᠡᠳ᠋ ᠤᠨ ᠶᠠᠪᠤᠳᠠᠯ ᠢ ᠦᠨᠡᠨ ᠬᠦ ᠨᠡᠪᠲᠡᠷᠡᠯᠴᠡᠭᠦᠯᠵᠦ᠂ ᠬᠠᠷᠢᠯᠴᠠᠨ ᠢᠲᠡᠭᠡᠭᠦᠯᠪᠡ᠃ | ᠪᠠᠶᠢᠳᠠᠯ ᠳᠤᠨᠢ ᠲᠣᠬᠢᠷᠠᠭᠤᠯᠤᠨ ᠬᠥᠲᠥᠯᠥᠨ ᠵᠢᠯᠣᠭᠤᠳᠬᠤ ᠳᠤ ᠯᠠᠪᠲᠠᠶ ᠪᠠᠭ᠎ᠠ ᠬᠦᠴᠦ ᠣᠷᠣᠭᠤᠯᠵᠤ ᠶᠡᠭᠡ | ᠠᠮᠵᠢᠯᠲᠠ ᠤᠯᠬᠤ ᠶᠤᠮ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠠᠵᠢᠯ ᠥᠭᠡᠷᠡᠴᠢᠯᠡᠯᠲᠡ ᠶᠢᠨ ᠵᠠᠮ ᠳᠡᠭᠡᠷ᠎ᠡ ᠮᠥᠨ ᠬᠦ ᠲᠠᠰᠤᠷᠠᠯᠲᠠ ᠥᠬᠡᠶ | ᠰᠦᠪᠡᠭᠴᠢᠯᠡᠵᠦ᠂ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠬᠤ | ᠪᠣᠯᠤᠨ᠎ᠠ᠃ | |