ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1347.0 ᠳ᠋ᠦᠩᠰᠢᠭᠤᠷ ᠺᠢᠯᠤᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.5% ᠨᠡᠮᠡᠭᠳᠡᠵᠦ᠂ ᠪᠥᠬᠦ ᠴᠠᠬᠢᠯᠭᠠᠨ | ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 13.9 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ | ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 ᠳ᠋ᠦᠩᠰᠢᠭᠤᠷ ᠺᠢᠯᠤᠸᠠᠲ | ᠴᠠᠭ ᠲᠤ ᠬᠦᠷᠴᠦ᠂ 20.9% ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ | 230.6 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 41.9% ᠪᠠᠷ ᠨᠡᠮᠡᠭᠳᠡᠪᠡ᠃ | ᠠᠶᠢᠮᠠᠭ ᠬᠤᠲᠠ ᠬᠤᠪᠢᠶᠠᠨ ᠦᠵᠡᠪᠡᠯ᠂ ᠪᠥᠬᠦ ᠣᠷᠣᠨ ᠤ 8 ᠠᠶᠢᠮᠠᠭ ᠬᠤᠲᠠ ᠶᠢᠨ ᠰᠢᠨ᠎ᠡ ᠡᠨᠧᠷᠭᠢ ᠶᠢᠨ | ᠴᠠᠬᠢᠯᠭᠠᠨ ᠭᠠᠷᠭᠠᠭᠰᠠᠨ ᠬᠡᠮᠵᠢᠶ᠎ᠡ 100 ᠳ᠋ᠦᠩᠰᠢᠭᠤᠷ ᠺᠢᠯᠤᠸᠠᠲ ᠴᠠᠭ ᠢ ᠳᠠᠪᠠᠪᠠ᠃ ᠡᠭᠦᠨ ᠳᠤ᠂ ᠰᠢᠯᠢ ᠶᠢᠨ | ᠭᠤᠤᠯ ᠠᠶᠢᠮᠠᠭ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠪᠥᠬᠦ ᠣᠷᠣᠨ ᠤ ᠲᠡᠷᠢᠭᠦᠨ ᠳᠤ | ᠣᠷᠣᠵᠤ᠂ 284.6 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. | 5% ᠪᠠᠷ ᠨᠡᠮᠡᠭᠳᠡᠪᠡ︔ ᠤᠯᠠᠭᠠᠨᠴᠠᠪ ᠬᠤᠲᠠ᠂ ᠬᠢᠩᠭᠠᠨ ᠠᠶᠢᠮᠠᠭ ᠤᠨ ᠪᠥᠬᠦ ᠣᠷᠣᠨ ᠤ ᠰᠢᠨ᠎ᠡ ᠡᠨᠧᠷᠭᠢ ᠶᠢᠨ | ᠴᠠᠬᠢᠯᠭᠠᠨ ᠭᠠᠷᠭᠠᠭᠰᠠᠨ ᠬᠡᠮᠵᠢᠶ᠎ᠡ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ ᠲᠦᠷᠦᠭᠦᠦ ᠬᠤᠶᠠᠷ ᠲᠤ | ᠣᠷᠣᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠲᠣᠰ ᠲᠣᠰ 185.5᠂ 104.8 ᠳ᠋ᠦᠩᠰᠢᠭᠤᠷ | ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 44.1%᠂ 57.3% ᠪᠠᠷ | ᠨᠡᠮᠡᠭᠳᠡᠵᠦ᠂ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠶᠢ ᠨᠡᠶᠢᠲᠡ 8.7 ᠵᠠᠭᠤᠨ ᠤ | ᠬᠤᠪᠢ ᠶᠢᠨ ᠴᠡᠭ ᠳᠠᠶᠢᠴᠢᠯᠠᠪᠠ᠃ | |