ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢᠨ ᠦᠨᠳᠦᠰᠦᠨ ᠲᠣᠮᠢᠶᠠᠯᠠᠯ
ᠨᠡᠶᠢᠲᠡᠯᠡᠭᠰᠡᠨ ᠴᠠᠭ᠄
2024/11/18
    ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢ ᠪᠠᠰᠠ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ ᠭᠡᠳᠡᠭ᠂ ᠲᠡᠷᠡ ᠨᠢ ᠵᠣᠭᠤᠰᠣᠨ ᠤ ᠬᠡᠯᠪᠡᠷᠢ ᠪᠠᠷ ᠢᠯᠡᠷᠡᠭᠰᠡᠨ ᠵᠣᠬᠢᠬᠤ ᠬᠤᠭᠤᠴᠠᠭᠠᠨ ᠤ ᠳᠣᠲᠣᠷ᠎ᠠ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢ ᠪᠠᠶᠢᠭᠤᠯᠬᠤ ᠪᠠ ᠬᠤᠳᠠᠯᠳᠤᠨ ᠠᠪᠬᠤ ᠠᠵᠢᠯ ᠤᠨ ᠬᠡᠮᠵᠢᠶ᠎ᠡ ᠵᠢᠴᠢ ᠡᠭᠦᠨ ᠲᠠᠢ ᠬᠤᠯᠪᠣᠭᠳᠠᠬᠤ ᠵᠠᠷᠤᠳᠠᠯ ᠤᠨ ᠶᠡᠷᠦᠩᠬᠡᠢ ᠨᠡᠷᠡᠶᠢᠳᠦᠯ ᠢ ᠵᠢᠭᠠᠵᠤ ᠪᠠᠶᠢᠨ᠎ᠠ᠃ ᠲᠣᠰ ᠭᠦᠢᠴᠡᠳᠭᠡᠯ ᠲᠤᠭ᠎ᠠ ᠪᠣᠯ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠬᠡᠪᠴᠢᠶ᠎ᠡ᠂ ᠪᠦᠲᠦᠴᠡ ᠪᠠ ᠬᠥᠭᠵᠢᠯᠲᠡ ᠶᠢᠨ ᠬᠤᠷᠳᠤᠴᠠ ᠶᠢ ᠲᠤᠰᠬᠠᠭᠰᠠᠨ ᠶᠡᠷᠦᠩᠬᠡᠶᠢᠯᠡᠭᠰᠡᠨ ᠴᠢᠨᠠᠷᠲᠠᠶ ᠭᠦᠢᠴᠡᠳᠭᠡᠯ ᠲᠤᠭ᠎ᠠ ᠮᠥᠨ᠂ ᠪᠠᠰᠠ ᠴᠤ ᠪᠠᠷᠢᠯᠭ᠎ᠠ ᠶᠢᠨ ᠠᠬᠢᠴᠠ ᠪᠠ ᠪᠠᠯᠠ ᠣᠷᠣᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠴᠢᠬᠤᠯᠠ ᠦᠨᠳᠦᠰᠦᠯᠡᠯ ᠮᠥᠨ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠣᠨᠣᠪᠴᠢᠲᠠᠢ ᠣᠶᠢᠯᠠᠭᠠᠬᠤ ᠳᠤ ᠳᠣᠣᠷᠠᠬᠢ ᠦᠨᠳᠦᠰᠦᠨ ᠤᠬᠠᠭᠳᠠᠬᠤᠨ ᠢ ᠣᠶᠢᠯᠠᠭᠠᠬᠤ ᠴᠢᠬᠤᠯᠠᠲᠠᠢ᠃    ︵ᠨᠢᠭᠡ︶ ᠲᠣᠭᠲᠠᠮᠠᠯ ᠬᠦᠷᠦᠩᠭᠡ    ᠲᠣᠭᠲᠠᠮᠠᠯ ᠬᠦᠷᠦᠩᠭᠡ ᠭᠡᠳᠡᠭ ᠨᠢ ᠲᠠᠸᠠᠷ ᠦᠢᠯᠡᠳᠪᠦᠷᠢᠯᠡᠬᠦ᠂ ᠬᠥᠳᠡᠯᠮᠦᠷᠢ ᠦᠢᠯᠡᠴᠢᠯᠡᠭᠡ ᠬᠠᠩᠭᠠᠬᠤ᠂ ᠲᠦᠷᠢᠶᠡᠰᠦᠯᠡᠭᠦᠯᠬᠦ᠂ ᠡᠵᠡᠩᠨᠡᠬᠦ ᠪᠤᠶᠤ ᠬᠠᠮᠢᠶᠠᠷᠬᠤ ᠶᠢᠨ ᠲᠥᠯᠥᠭᠡ ᠡᠵᠡᠮᠰᠢᠵᠦ᠂ ᠬᠡᠷᠡᠭᠯᠡᠬᠦ ᠬᠤᠭᠤᠴᠠᠭ᠎ᠠ ᠨᠢ ᠨᠢᠭᠡ ᠵᠢᠯ ᠠᠴᠠ ᠳᠡᠭᠡᠭᠰᠢ ᠪᠠᠶᠢᠬᠤ ᠭᠡᠷ ᠪᠠᠶᠢᠰᠢᠩ ᠵᠢᠴᠢ ᠪᠠᠷᠢᠯᠭ᠎ᠠ᠂ ᠮᠠᠰᠢᠨ᠂ ᠮᠧᠬᠠᠨᠢᠭ᠂ ᠲᠡᠭᠡᠭᠡᠪᠦᠷᠢ ᠶᠢᠨ ᠪᠠᠭᠠᠵᠢ ᠵᠢᠴᠢ ᠦᠢᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ ᠳᠤ ᠬᠤᠯᠪᠣᠭᠳᠠᠬᠤ ᠪᠤᠰᠤᠳ ᠲᠤᠨᠤᠭ ᠲᠥᠬᠦᠭᠡᠷᠦᠮᠵᠢ᠂ ᠪᠠᠭᠠᠵᠢ ᠬᠡᠷᠡᠭᠰᠡᠯ᠂ ᠪᠠᠭᠠᠵᠢ ᠬᠡᠷᠡᠭᠰᠡᠯ ᠵᠡᠷᠭᠡ ᠶᠢ ᠵᠢᠭᠠᠵᠤ ᠪᠠᠶᠢᠨ᠎ᠠ᠃ ᠲᠣᠭᠲᠠᠮᠠᠯ ᠬᠦᠷᠦᠩᠭᠡ ᠨᠢ ᠬᠥᠳᠡᠯᠮᠦᠷᠢ ᠶᠢᠨ ᠬᠡᠷᠡᠭᠰᠡᠯ ᠪᠤᠶᠤ ᠬᠥᠳᠡᠯᠮᠦᠷᠢ ᠶᠢᠨ ᠠᠷᠭ᠎ᠠ ᠬᠡᠷᠡᠭᠯᠡᠭᠦᠷ ᠪᠣᠯᠤᠭᠰᠠᠨ ᠤ ᠬᠤᠪᠢ ᠳᠤ ᠵᠠᠷᠢᠮ ᠨᠢ ᠦᠢᠯᠡᠳᠪᠦᠷᠢᠯᠡᠯ ᠤᠨ ᠶᠠᠪᠤᠴᠠ ᠳᠤ ᠰᠢᠭᠤᠳ ᠣᠷᠣᠯᠴᠠᠵᠤ᠂ ᠬᠥᠳᠡᠯᠮᠦᠷᠢᠴᠢᠳ ᠤᠨ ᠬᠥᠳᠡᠯᠮᠦᠷᠢ ᠶᠢ ᠬᠥᠳᠡᠯᠮᠦᠷᠢ ᠶᠢᠨ ᠡᠲᠡᠭᠡᠳ ᠲᠤ ᠳᠠᠮᠵᠢᠭᠤᠯᠬᠤ ᠦᠢᠯᠡᠳᠦᠯ ᠭᠠᠷᠭᠠᠳᠠᠭ᠂ ᠵᠢᠱᠢᠶᠡᠯᠡᠪᠡᠯ ᠮᠠᠰᠢᠨ ᠲᠥᠬᠦᠭᠡᠷᠦᠮᠵᠢ ᠪᠠ ᠦᠢᠯᠡᠳᠪᠦᠷᠢᠯᠡᠯ ᠤᠨ ᠪᠠᠭᠠᠵᠢ ᠵᠡᠷᠭᠡ ᠪᠣᠯᠤᠨ᠎ᠠ︔ ᠵᠠᠷᠢᠮ ᠨᠢ ᠦᠢᠯᠡᠳᠪᠦᠷᠢᠯᠡᠯ ᠤᠨ ᠶᠠᠪᠤᠴᠠ ᠳᠤ ᠲᠤᠰᠠᠯᠠᠬᠤ ᠦᠢᠯᠡᠳᠦᠯ ᠦᠵᠡᠭᠦᠯᠳᠡᠭ᠂ ᠵᠢᠱᠢᠶᠡᠯᠡᠪᠡᠯ ᠲᠡᠭᠡᠭᠡᠪᠦᠷᠢ ᠶᠢᠨ ᠪᠠᠭᠠᠵᠢ ᠵᠡᠷᠭᠡ ᠪᠣᠯᠤᠨ᠎ᠠ︔ ᠵᠠᠷᠢᠮ ᠨᠢ ᠦᠢᠯᠡᠳᠪᠦᠷᠢᠯᠡᠯ ᠬᠢᠬᠦ ᠴᠢᠬᠤᠯᠠ ᠨᠥᠬᠦᠴᠡᠯ ᠤᠨ ᠬᠤᠪᠢ ᠪᠠᠷ ᠣᠷᠣᠰᠢᠵᠤ ᠪᠠᠶᠢᠳᠠᠭ᠂ ᠵᠢᠱᠢᠶᠡᠯᠡᠪᠡᠯ ᠭᠡᠷ ᠪᠠᠶᠢᠰᠢᠩ᠂ ᠪᠠᠷᠢᠯᠭ᠎ᠠ᠂ ᠵᠠᠮ᠂ ᠬᠥᠭᠦᠷᠭᠡ ᠵᠡᠷᠭᠡ ᠪᠣᠯᠤᠨ᠎ᠠ᠃    ᠲᠣᠭᠲᠠᠮᠠᠯ ᠬᠦᠷᠦᠩᠭᠡ ᠳᠤ ᠭᠤᠣᠯᠳᠠᠭᠤ ᠭᠤᠷᠪᠠᠨ ᠣᠨᠴᠠᠯᠢᠭ ᠲᠠᠢ᠄ ᠨᠢᠭᠡ ᠳᠤ᠂ ᠲᠣᠭᠲᠠᠮᠠᠯ ᠬᠦᠷᠦᠩᠭᠡ ᠪᠣᠯ ᠲᠠᠸᠠᠷ ᠦᠢᠯᠡᠳᠪᠦᠷᠢᠯᠡᠬᠦ᠂ ᠬᠥᠳᠡᠯᠮᠦᠷᠢ ᠦᠢᠯᠡᠴᠢᠯᠡᠭᠡ ᠬᠠᠩᠭᠠᠬᠤ᠂ ᠲᠦᠷᠢᠶᠡᠰᠦᠯᠡᠭᠦᠯᠬᠦ᠂ ᠡᠵᠡᠩᠨᠡᠬᠦ ᠪᠤᠶᠤ ᠬᠠᠮᠢᠶᠠᠷᠬᠤ ᠶᠢᠨ ᠲᠥᠯᠥᠭᠡ ᠡᠵᠡᠮᠰᠢᠵᠦ ᠪᠠᠶᠢᠳᠠᠭ᠃ ᠠᠵᠤ ᠠᠬᠤᠶᠢᠯᠠᠯ ᠤᠨ ᠨᠢᠭᠡᠴᠢ ᠳᠤ ᠪᠠᠶᠢᠭ᠎ᠠ ᠲᠣᠭᠲᠠᠮᠠᠯ ᠬᠦᠷᠦᠩᠭᠡ ᠪᠣᠯ ᠬᠤᠳᠠᠯᠳᠤᠬᠤ ᠳᠤ ᠰᠢᠭᠤᠳ ᠬᠡᠷᠡᠭᠯᠡᠳᠡᠭ ᠦᠢᠯᠡᠳᠬᠦᠨ ᠪᠢᠰᠢ᠂ ᠬᠠᠷᠢᠨ ᠠᠵᠤ ᠠᠬᠤᠶᠢᠯᠠᠯ ᠤᠨ ᠬᠥᠳᠡᠯᠮᠦᠷᠢ ᠶᠢᠨ ᠪᠠᠭᠠᠵᠢ ᠪᠤᠶᠤ ᠠᠷᠭ᠎ᠠ ᠪᠠᠷᠢᠯ ᠮᠥᠨ᠃ ᠬᠤᠶᠠᠷ ᠲᠤ᠂ ᠬᠡᠷᠡᠭᠯᠡᠬᠦ ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠭᠰᠡᠨ᠃ ᠲᠣᠭᠲᠠᠮᠠᠯ ᠬᠦᠷᠦᠩᠭᠡ ᠪᠣᠯ ᠡᠷᠭᠢᠮᠡᠯ ᠬᠦᠷᠦᠩᠭᠡ ᠲᠠᠢ ᠠᠳᠠᠯᠢ ᠦᠭᠡᠢ᠂ ᠲᠡᠷᠡ ᠨᠢ ᠦᠢᠯᠡᠳᠪᠦᠷᠢᠯᠡᠯ ᠤᠨ ᠶᠠᠪᠤᠴᠠ ᠳᠤ ᠤᠯᠠᠨ ᠤᠳᠠᠭ᠎ᠠ ᠣᠷᠣᠯᠴᠠᠭᠠᠳ ᠪᠣᠳᠠᠲᠤ ᠶᠠᠭᠤᠮ᠎ᠠ ᠶᠢᠨ ᠬᠡᠯᠪᠡᠷᠢ ᠪᠠᠨ ᠬᠤᠪᠢᠷᠠᠭᠤᠯᠳᠠᠭ ᠦᠭᠡᠢ᠂ ᠲᠡᠭᠦᠨ ᠤ ᠦᠷᠳᠡᠭ ᠨᠢ ᠲᠣᠭᠲᠠᠮᠠᠯ ᠬᠦᠷᠦᠩᠭᠡ ᠶᠢᠨ ᠡᠯᠡᠭᠳᠡᠯ ᠢ ᠲᠠᠭᠠᠯᠳᠤᠨ ᠢᠳᠡᠭ ᠢᠳᠡᠭ ᠢᠶᠠᠷ᠂ ᠬᠡᠰᠡᠭ ᠲᠠᠯ᠎ᠠ ᠪᠠᠷ ᠡᠯᠡᠭᠳᠡᠯ ᠤᠨ ᠬᠡᠯᠪᠡᠷᠢ ᠪᠠᠷ ᠦᠢᠯᠡᠳᠬᠦᠨ ᠤ ᠥᠪᠡᠷ ᠤᠨ ᠦᠷᠳᠡᠭ ᠲᠤ ᠪᠤᠳᠤᠵᠤ ᠤᠷᠤᠭᠤᠯᠳᠠᠭ᠂ ᠦᠢᠯᠡᠳᠬᠦᠨ ᠤ ᠦᠷᠳᠡᠭ ᠤᠨ ᠪᠡᠶᠡᠯᠡᠭᠳᠡᠬᠦ ᠶᠢ ᠲᠠᠭᠠᠯᠳᠤᠨ ᠵᠣᠭᠤᠰ ᠮᠥᠩᠭᠦ ᠪᠤᠯᠵᠤ ᠬᠤᠪᠢᠷᠠᠳᠠᠭ ᠪᠥᠭᠡᠳ ᠪᠣᠳᠠᠲᠤ ᠶᠠᠭᠤᠮ᠎ᠠ ᠶᠢᠨ ᠬᠡᠯᠪᠡᠷᠢ ᠠᠴᠠ ᠪᠠᠨ ᠠᠩᠭᠢᠵᠢᠷᠠᠳᠠᠭ᠃ ᠭᠤᠷᠪᠠ ᠳᠤ ᠲᠣᠭᠲᠠᠮᠠᠯ ᠬᠦᠷᠦᠩᠭᠡ ᠨᠢ ᠵᠠᠷᠴᠢᠮ ᠳᠡᠭᠡᠷ᠎ᠡ ᠪᠠᠨ ᠢᠯᠡ ᠬᠦᠷᠦᠩᠭᠡ ᠪᠣᠯᠤᠨ᠎ᠠ᠃    ︵ᠬᠤᠶᠠᠷ︶ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ    ᠲᠣᠭᠲᠠᠮᠠᠯ ᠬᠦ᠋ᠷᠦᠩᠭᠡ ᠳᠤ ᠪᠡᠯᠡ ᠣᠷᠣᠭᠤᠯᠬᠤ ᠭᠡᠳᠡᠭ ᠪᠣᠯ ᠲᠣᠭᠲᠠᠮᠠᠯ ᠬᠦ᠋ᠷᠦᠩᠭᠡ ᠶᠢ ᠪᠠᠶᠢᠭᠤᠯᠬᠤ ᠪᠠ ᠬᠤᠳᠠᠯᠳᠤᠨ ᠠᠪᠬᠤ ᠠᠵᠤ ᠠᠬᠤᠢ ᠶᠢᠨ ᠠᠵᠢᠯᠯᠠᠭ᠎ᠠ ᠶᠢ ᠬᠡᠯᠡᠵᠦ ᠪᠠᠶᠢᠨ᠎ᠠ᠂ ᠲᠡᠷᠡ ᠪᠣᠯ ᠨᠡᠶᠢᠭᠡᠮ ᠤᠨ ᠲᠣᠭᠲᠠᠮᠠᠯ ᠬᠦ᠋ᠷᠦᠩᠭᠡ ᠶᠢ ᠨᠡᠮᠡᠭᠳᠡᠭᠦᠯᠬᠦ᠂ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠬᠦ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠤᠯᠤᠰ ᠠᠷᠠᠳ ᠤᠨ ᠠᠵᠤ ᠠᠬᠤᠢ ᠶᠢ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠠᠷᠠᠳ ᠲᠦᠮᠡᠨ ᠤ ᠪᠣᠳᠠᠰ ᠤᠨ ᠪᠠ ᠰᠣᠶᠣᠯ ᠤᠨ ᠠᠮᠢᠳᠤᠷᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠨᠥᠬᠦᠴᠡᠯ ᠮᠥᠨ᠃ ᠲᠣᠭᠲᠠᠮᠠᠯ ᠬᠥᠷᠥᠩᠭᠡ ᠶᠢᠨ ᠠᠵᠢᠯᠯᠠᠭ᠎ᠠ ᠡᠷᠬᠢᠯᠡᠬᠦ ᠪᠡᠶᠡᠴᠢ ᠴᠣᠭᠴᠠ ᠳᠤ ᠡᠯ᠎ᠡ ᠱᠠᠲᠤᠨ ᠤ ᠵᠠᠰᠠᠭ ᠤᠨ ᠣᠷᠳᠣᠨ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠪᠢ ᠬᠥᠮᠦᠨ ᠵᠢᠴᠢ ᠬᠢᠯᠢ ᠶᠢᠨ ᠭᠠᠳᠠᠨᠠᠬᠢ ᠤᠯᠤᠰ ᠪᠠ ᠭᠠᠵᠠᠷ ᠣᠷᠣᠨ ᠤ ᠪᠡᠯᠡ ᠣᠷᠣᠭᠤᠯᠤᠭᠴᠢ ᠵᠡᠷᠭᠡ ᠪᠠᠭᠲᠠᠨ᠎ᠠ᠃    ︵ᠭᠤᠷᠪᠠ︶ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢᠨ ᠲᠤᠭ᠎ᠠ    ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢ ᠪᠠᠰᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠲᠤᠭ᠎ᠠ ᠭᠡᠳᠡᠭ᠂ ᠵᠣᠭᠤᠰ ᠤᠨ ᠬᠡᠯᠪᠡᠷᠢ ᠪᠠᠷ ᠢᠯᠡᠷᠡᠭᠰᠡᠨ ᠵᠣᠬᠢᠬᠤ ᠬᠤᠭᠤᠴᠠᠭᠠᠨ ᠤ ᠳᠣᠲᠣᠷ᠎ᠠ ᠲᠣᠭᠲᠠᠮᠠᠯ ᠬᠥᠷᠥᠩᠭᠡ ᠶᠢ ᠪᠠᠶᠢᠭᠤᠯᠬᠤ ᠪᠠ ᠬᠤᠳᠠᠯᠳᠤᠨ ᠠᠪᠬᠤ ᠠᠵᠢᠯ ᠤᠨ ᠬᠡᠮᠵᠢᠶ᠎ᠡ ᠵᠢᠴᠢ ᠡᠭᠦᠨ ᠲᠠᠢ ᠬᠤᠯᠪᠣᠭᠳᠠᠬᠤ ᠵᠠᠷᠤᠳᠠᠯ ᠤᠨ ᠶᠡᠷᠦᠩᠬᠡᠶ ᠨᠡᠷᠡᠶᠢᠳᠦᠯ ᠪᠣᠯᠤᠨ᠎ᠠ᠃ ᠲᠡᠷᠡ ᠨᠢ ᠡᠯ᠎ᠡ ᠵᠦᠢᠯ ᠤᠨ ᠪᠡᠯᠡ ᠮᠥᠩᠭᠦ ᠪᠠᠷ ᠪᠡᠶᠡᠯᠡᠭᠦᠯᠦᠭᠰᠡᠨ ᠥᠷᠲᠡᠭ ᠢᠶᠠᠷ ᠢᠯᠡᠷᠡᠭᠦᠯᠦᠭᠰᠡᠨ ᠪᠣᠳᠠᠲᠤ ᠠᠵᠢᠯ ᠤᠨ ᠬᠡᠮᠵᠢᠶ᠎ᠡ ᠪᠤᠶᠤ ᠲᠡᠭᠦᠨ ᠲᠠᠢ ᠵᠣᠬᠢᠴᠠᠯᠳᠤᠭᠰᠠᠨ ᠡᠳ᠋ ᠤᠨ ᠶᠠᠪᠤᠳᠠᠯ ᠤᠨ ᠵᠠᠷᠤᠯᠭ᠎ᠠ ᠶᠢᠨ ᠲᠤᠭ᠎ᠠ ᠶᠢ ᠲᠤᠰᠬᠠᠳᠠᠭ᠃
 
ᠢᠷᠡᠯᠲᠡ᠄ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号