| ︵2024 ᠣᠨ ᠤ 11 ᠰᠠᠷ᠎ᠠ ᠶᠢᠨ 18 ᠤ ᠡᠳᠦᠷ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ | ᠶᠡᠷᠦᠩᠬᠡᠶ ᠠᠩᠭᠢ | | 1—10 ᠳ᠋ᠤᠭᠠᠷ ᠰᠠᠷ᠎ᠠ ᠳᠤ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠤᠯ ᠰᠢᠵᠢᠮ ᠪᠣᠯᠭᠠᠵᠤ᠂ ᠬᠤᠶᠠᠷ ᠶᠡᠭᠡ | ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠦᠴᠦᠯᠡᠨ | ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ | ᠬᠤᠪᠢᠷᠠᠭᠤᠯᠵᠤ᠂ ᠪᠥᠬᠦ ᠣᠷᠣᠨ ᠤ ᠠᠵᠤ ᠠᠬᠤᠶ ᠲᠣᠭᠲᠠᠭᠤᠨ ᠠᠵᠢᠯᠯᠠᠭᠠᠨ ᠤ ᠪᠠᠶᠢᠳᠠᠯ ᠢ ᠪᠠᠲᠤᠯᠠᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠰᠢᠨ᠎ᠡ ᠬᠥᠳᠡᠯᠭᠡᠭᠴᠢ | ᠡᠨᠧᠷᠭᠢ ᠶᠢᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ | 1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.9% ᠨᠡᠮᠡᠭᠳᠡᠪᠡ᠃ ᠭᠤᠷᠪᠠᠨ ᠶᠡᠭᠡ ᠲᠥᠷᠥᠯ ᠢᠶᠠᠷ | ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 5.0% ᠨᠡᠮᠡᠭᠳᠡᠵᠦ᠂ ᠦᠢᠯᠡᠳᠬᠦ ᠦᠢᠯᠡᠰ 8.9% ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ | ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.1% ᠨᠡᠮᠡᠭᠳᠡᠪᠡ᠃ ᠠᠵᠤ ᠠᠬᠤᠶ ᠶᠢᠨ | ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ | ᠠᠵᠤ ᠠᠬᠤᠶᠢᠯᠠᠯ 7.1% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ | ᠲᠠᠶᠢᠸᠠᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 3.4% ᠨᠡᠮᠡᠭᠳᠡᠵᠦ᠂ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ 6.2% ᠨᠡᠮᠡᠭᠳᠡᠪᠡ᠃ ᠰᠢᠨ᠎ᠡ ᠬᠥᠳᠡᠯᠭᠡᠬᠦ ᠡᠨᠧᠷᠭᠢ ᠠᠴᠠ ᠦᠵᠡᠪᠡᠯ᠂ ᠲᠣᠨᠣᠭᠯᠠᠯ ᠦᠢᠯᠡᠳᠬᠦ | ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 39.5% ᠪᠠᠷ ᠨᠡᠮᠡᠭᠳᠡᠵᠦ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 26.2% ᠢᠶᠠᠷ ᠨᠡᠮᠡᠭᠳᠡᠵᠦ᠂ ᠡᠨᠡ ᠵᠢᠯ ᠠᠴᠠ ᠨᠠᠭᠠᠰᠢᠬᠢ | ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠬᠠᠨᠳᠤᠰᠢ ᠶᠢ ᠪᠠᠲᠤᠯᠠᠪᠠ᠃ ᠭᠤᠤᠯ ᠪᠣᠯᠬᠤ ᠦᠢᠯᠡᠳᠬᠦᠨ ᠠᠴᠠ | ᠦᠵᠡᠪᠡᠯ᠂ ᠨᠡᠭᠦᠷᠡᠰᠦᠨ ᠤ ᠭᠠᠷᠤᠯᠲᠠ 10.6 ᠳ᠋ᠦᠩᠰᠢᠭᠤᠷ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 6666.6 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ 9.3% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ | ᠴᠠᠬᠢᠯᠭᠠᠨ ᠭᠠᠷᠭᠠᠯᠲᠠ ᠶᠢᠨ ᠬᠡᠮᠵᠢᠶ᠎ᠡ 1536.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 26.8% ᠪᠠᠷ | ᠨᠡᠮᠡᠭᠳᠡᠪᠡ︔ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠂ ᠬᠤᠪᠣᠷ ᠰᠢᠷᠣᠶ ᠶᠢᠨ ᠨᠢᠭᠡᠳᠪᠦᠷᠢ ᠶᠢᠨ | ᠭᠠᠷᠤᠯᠲᠠ ᠲᠣᠰ ᠲᠣᠰ 54.0%᠂ 112.7% ᠪᠠ 223.1% ᠨᠡᠮᠡᠭᠳᠡᠪᠡ᠃ 1—9 ᠳ᠋ᠤᠭᠡᠷ ᠰᠠᠷ᠎ᠠ ᠳᠤ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ | ᠣᠷᠣᠯᠭ᠎ᠠ 21186.6 ᠳ᠋ᠦᠩᠰᠢᠭᠤᠷ ᠲᠥᠭᠦᠷᠢᠭ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 2211.1 | ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠨᠢᠭᠡᠳᠦᠭᠡᠷ ᠠᠵᠤ | ᠦᠢᠯᠡᠰ ᠤᠨ ᠪᠡᠯᠡ ᠣᠷᠣᠭᠤᠯᠤᠯᠲᠠ ᠡᠷᠴᠢᠮᠲᠡᠢ ᠨᠡᠮᠡᠭᠳᠡᠪᠡ᠃ | 1—10 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ 1— | 9 ᠳ᠋ᠤᠭᠡᠷ ᠰᠠᠷ᠎ᠠ ᠶᠢᠨ ᠬᠢ ᠠᠴᠠ 0.4 ᠵᠠᠭᠤᠨ ᠤ ᠬᠤᠪᠢ ᠶᠢᠨ ᠴᠡᠭ ᠲᠦᠷᠭᠡᠳᠪᠡ᠃ ᠬᠦᠷᠢᠶ᠎ᠡ ᠴᠠᠷᠠᠭ᠎ᠠ ᠬᠤᠪᠢᠶᠠᠵᠤ | ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ 14.0% ᠢᠶᠠᠷ ᠨᠡᠮᠡᠭᠳᠡᠵᠦ᠂ ᠦᠢᠯᠡᠳᠬᠦ | ᠦᠢᠯᠡᠰ ᠤᠨ ᠪᠠᠯᠠ ᠣᠷᠣᠭᠤᠯᠤᠯᠲᠠ 1.4% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠪᠠᠯᠠ ᠣᠷᠣᠭᠤᠯᠤᠯᠲᠠ 2.5% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 66.1% ᠪᠠᠷ | ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 11.5% ᠪᠠᠷ ᠨᠡᠮᠡᠭᠳᠡᠵᠦ᠂ ᠡᠭᠦᠨ ᠳᠤ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 11.5% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ | ᠪᠠᠯᠠ ᠣᠷᠣᠭᠤᠯᠤᠯᠲᠠ 6.0% ᠢᠶᠠᠷ ᠨᠡᠮᠡᠭᠳᠡᠪᠡ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ 5.5% | ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ᠂ ᠠᠷᠠᠳ ᠤᠨ | ᠳᠤᠮᠳᠠᠬᠢ ᠪᠡᠯᠡ ᠣᠷᠣᠭᠤᠯᠤᠯᠲᠠ 10.2% ᠨᠡᠮᠡᠭᠳᠡᠪᠡ᠃ | ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ ᠳᠡᠭᠡᠭᠰᠢᠯᠡᠵᠦ᠂ ᠳᠡᠰ ᠳᠠᠪᠰᠢᠭᠰᠠᠨ | ᠲᠥᠷᠥᠯ ᠤᠨ ᠬᠡᠰᠡᠭ ᠲᠠᠸᠠᠷ ᠤᠨ ᠪᠣᠷᠣᠯᠠᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ | 1—10 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 4505.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.6% ᠪᠠᠷ ᠨᠡᠮᠡᠭᠳᠡᠵᠦ᠂ 1—9 ᠳ᠋ᠤᠭᠡᠷ ᠰᠠᠷ᠎ᠠ ᠶᠢᠨ ᠬᠢ ᠠᠴᠠ 0.2 ᠵᠠᠭᠤᠨ ᠤ | ᠬᠤᠪᠢ ᠶᠢᠨ ᠴᠡᠭ ᠲᠦᠷᠭᠡᠳᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.5% ᠨᠡᠮᠡᠭᠳᠡᠵᠦ᠂ ᠬᠥᠳᠡᠭᠡ ᠲᠣᠰᠬᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.4% ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ | ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 7.6% ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 3. | 1% ᠨᠡᠮᠡᠭᠳᠡᠪᠡ᠃ ᠬᠡᠰᠡᠭ ᠲᠠᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ | ᠬᠠᠨᠳᠤᠰᠢ ᠨᠡᠯᠢᠶᠡᠳ ᠲᠦᠷᠭᠡᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 83.5% ᠨᠡᠮᠡᠭᠳᠡᠵᠦ᠂ ᠴᠢᠮᠡᠭᠡ | ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 84.8% ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ | ᠬᠡᠷᠡᠭᠰᠡᠯ ᠤᠨ ᠲᠥᠷᠥᠯ 57.0% ᠨᠡᠮᠡᠭᠳᠡᠪᠡ᠃ | ᠳᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠨᠠᠮᠵᠢᠭᠤᠨ ᠪᠥᠭᠡᠳ ᠡᠵᠡᠮᠳᠡᠵᠦ ᠪᠣᠯᠬᠤ | ᠪᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ | ᠪᠠᠭᠤᠷᠠᠪᠠ᠃ | 10 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ | ᠠᠳᠠᠯᠢ ᠬᠤᠭᠤᠴᠠᠭᠠᠨ ᠤ ᠬᠢ ᠠᠴᠠ 0.1% ᠪᠠᠷ ᠪᠠᠭᠤᠷᠠᠪᠠ᠂ ᠡᠭᠦᠨ ᠳᠤ ᠬᠤᠲᠠ ᠶᠢᠨ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠬᠠᠩᠰᠢ ᠠᠳᠠᠯᠢ ᠪᠠᠶᠢᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ | ᠦᠨ᠎ᠡ ᠬᠠᠩᠰᠢ 0.1% ᠪᠠᠷ ᠪᠠᠭᠤᠷᠠᠪᠠ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ ᠠᠷᠢᠬᠢ | ᠲᠠᠮᠠᠬᠢᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 1.2% ᠢᠶᠠᠷ ᠥᠰᠴᠦ᠂ ᠬᠤᠪᠴᠠᠰᠤ ᠬᠤᠨᠠᠷ ᠤᠨ ᠦᠨ᠎ᠡ | ᠬᠠᠩᠰᠢ 1.3% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ ᠠᠳᠠᠯᠢ ᠪᠠᠶᠢᠵᠤ᠂ ᠠᠮᠢᠳᠤᠷᠠᠯ ᠤᠨ | ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 2.0% ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ | ᠬᠤᠯᠪᠣᠭᠠᠨ ᠤ ᠦᠨ᠎ᠡ ᠬᠠᠩᠰᠢ 5.2% ᠢᠶᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ | ᠦᠨ᠎ᠡ ᠬᠠᠩᠰᠢ 0.4% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ ᠬᠠᠩᠰᠢ 0.4% ᠪᠠᠷ ᠪᠠᠭᠤᠷᠠᠵᠤ᠂ | ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 6.4% ᠪᠠᠷ ᠥᠰᠴᠡᠶ᠃ 1—10 ᠳ᠋ᠤᠭᠠᠷ | ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠨᠡᠶᠢᠲᠡ 0. | 3% ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ 1—9 ᠳ᠋ᠤᠭᠡᠷ ᠰᠠᠷ᠎ᠠ ᠶᠢᠨ ᠬᠢ ᠠᠴᠠ 0.1 ᠵᠠᠭᠤᠨ ᠤ | ᠬᠤᠪᠢ ᠶᠢᠨ ᠴᠡᠭ ᠪᠠᠭᠠᠰᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ | ᠦᠨ᠎ᠡ ᠬᠠᠩᠰᠢ ᠨᠡᠶᠢᠲᠡ 3.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1—9 ᠳ᠋ᠤᠭᠡᠷ | ᠰᠠᠷ᠎ᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ ᠪᠠᠭᠠᠰᠴᠠᠶ︔ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠬᠠᠩᠰᠢ ᠨᠡᠶᠢᠲᠡ 2.9% ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ ᠨᠢ 1—9 ᠳ᠋ᠤᠭᠡᠷ ᠰᠠᠷ᠎ᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ | ᠥᠷᠭᠡᠳᠴᠡᠶ᠃ | ᠶᠡᠷᠦᠩᠬᠡᠶ ᠳᠤᠨᠢ ᠠᠪᠴᠤ ᠦᠵᠡᠪᠡᠯ᠂ 1—10 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠠᠬᠤᠶ ᠶᠢᠨ | ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠭᠢᠪᠠ᠃ | ᠭᠡᠪᠡᠴᠦ ᠳᠣᠲᠣᠭᠠᠳᠤ ᠭᠠᠳᠠᠭᠠᠳᠤ ᠶᠢᠨ ᠣᠷᠴᠢᠨ ᠠᠬᠤᠢ ᠳᠤ ᠲᠣᠭᠲᠠᠭᠠᠯᠲᠤ ᠪᠤᠰᠤ ᠬᠦᠴᠦᠨ ᠵᠦᠢᠯ ᠨᠡᠯᠢᠶᠡᠳ | ᠤᠯᠠᠨ ᠪᠠᠶᠢᠵᠤ᠂ ᠬᠦᠴᠢᠷᠳᠡᠯ ᠪᠠ ᠰᠢᠯᠭᠠᠯᠲᠠ ᠮᠥᠨ ᠯᠡ ᠣᠷᠣᠰᠢᠵᠤ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ | ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠬᠤᠷᠠᠯ ᠪᠣᠯᠤᠨ ᠪᠥᠬᠦ | ᠣᠷᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ | ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ | ᠡᠭᠦᠷᠭᠡ ᠶᠢ ᠰᠠᠶᠢᠲᠤᠷ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ | ᠰᠡᠷᠭᠦᠨ ᠳᠡᠭᠡᠭᠰᠢᠯᠡᠬᠦ ᠰᠠᠶᠢᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠬᠤ ᠬᠡᠷᠡᠭᠲᠡᠶ᠃ |