ᠡᠨᠡ ᠵᠢᠯ ᠠᠴᠠ ᠨᠠᠭᠠᠰᠢ᠂ ᠪᠦᠬᠦ ᠣᠷᠣᠨ ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ | ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ︽ᠵᠢᠷᠭᠤᠭᠠᠨ ᠶᠡᠭᠡ ᠢᠨᠵᠧᠨᠧᠷᠢᠩ︾ ᠢ ᠶᠡᠭᠡ ᠪᠠᠷ ᠠᠬᠢᠭᠤᠯᠵᠤ᠂ | ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠵᠦ᠂ ᠶᠡᠭᠡ ᠬᠡᠪᠴᠢᠶᠡᠨ ᠤ ᠲᠤᠨᠤᠭ | ᠲᠥᠬᠦᠭᠡᠷᠦᠮᠵᠢ ᠶᠢᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ | ᠪᠦᠲᠦᠮᠵᠢᠲᠡᠢ ᠬᠥᠭᠵᠢᠭᠡᠪᠡ᠃ 1—10 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠲᠦᠷᠦᠭᠦᠦ ᠭᠤᠷᠪᠠᠨ | ᠤᠯᠠᠷᠢᠯ ᠤᠨ ᠬᠢ ᠠᠴᠠ 0.4 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ | ᠦᠷᠭᠦᠯᠵᠢᠯᠡᠨ ᠬᠤᠶᠠᠷ ᠰᠠᠷ᠎ᠠ ᠳᠡᠭᠡᠭᠰᠢᠯᠡᠵᠦ᠂ ᠦᠷᠭᠦᠯᠵᠢᠯᠡᠨ ᠪᠥᠬᠦ ᠤᠯᠤᠰ ᠤᠨ ᠬᠤᠶᠠᠳᠤᠭᠠᠷ ᠲᠤ ᠣᠷᠣᠪᠠ᠃ | ᠨᠢᠭᠡ᠂ ᠭᠤᠷᠪᠠᠳᠤᠭᠠᠷ ᠠᠵᠤ ᠦᠢᠯᠡᠰ ᠲᠣᠭᠲᠠᠭᠤᠨ ᠢᠶᠠᠷ ᠳᠠᠬᠢᠨ ᠳᠡᠭᠡᠭᠰᠢᠯᠡᠪᠡ᠃ | 1—10 ᠳ᠋ᠤᠭᠠᠷ ᠰᠠᠷ᠎ᠠ ᠳᠤ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠲᠤ ︽ᠨᠢᠭᠡᠳᠦᠭᠡᠷ ᠠᠵᠤ | ᠦᠢᠯᠡᠰ ᠲᠦᠷᠭᠡᠨ ᠨᠡᠮᠡᠭᠳᠡᠵᠦ᠂ ᠬᠤᠶᠠᠳᠤᠭᠠᠷ ᠠᠵᠤ ᠦᠢᠯᠡᠰ ᠲᠣᠭᠲᠠᠭᠤᠨ ᠢᠶᠠᠷ ᠠᠵᠢᠯᠯᠠᠵᠤ᠂ ᠭᠤᠷᠪᠠᠳᠤᠭᠠᠷ ᠠᠵᠤ | ᠦᠢᠯᠡᠰ ᠲᠣᠭᠲᠠᠭᠤᠨ ᠢᠶᠠᠷ ᠳᠡᠭᠡᠭᠰᠢᠯᠡᠬᠦ︾ ᠪᠠᠶᠢᠳᠠᠯ ᠢᠯᠡᠷᠡᠪᠡ᠃ ᠨᠢᠭᠡᠳᠦᠭᠡᠷ ᠠᠵᠤ ᠦᠢᠯᠡᠰ ᠤᠨ ᠪᠠᠯᠠ | ᠣᠷᠣᠭᠤᠯᠤᠯᠲᠠ 66.1% ᠪᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ | ᠵᠢᠩ ᠨᠢ 5.2% ᠪᠣᠯᠵᠣ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 2.3 | ᠵᠠᠭᠤᠨ ᠤ ᠬᠤᠪᠢ ᠶᠢᠨ ᠴᠡᠭ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 11. | 5% ᠪᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 6.9 | ᠵᠠᠭᠤᠨ ᠤ ᠬᠤᠪᠢ ᠶᠢᠨ ᠴᠡᠭ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 6. | 0% ᠢᠶᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 1.4 ᠵᠠᠭᠤᠨ ᠤ ᠬᠤᠪᠢ ᠶᠢᠨ ᠴᠡᠭ | ᠳᠡᠭᠡᠭᠰᠢᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 2.2 ᠵᠠᠭᠤᠨ ᠤ | ᠬᠤᠪᠢ ᠶᠢᠨ ᠴᠡᠭ ᠳᠠᠶᠢᠴᠢᠯᠠᠪᠠ᠃ | ᠬᠤᠶᠠᠷ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢ ᠲᠦᠷᠭᠡᠳᠬᠡᠪᠡ᠃ | 1—10 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 14.0% ᠢᠶᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 1.7 | ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ | ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ ᠶᠢᠨ ᠬᠤᠪᠢ ᠨᠡᠮᠡᠷᠢ ᠪᠠᠷ | ᠬᠠᠮᠤᠭ ᠤᠨ ᠶᠡᠭᠡ ᠪᠠᠶᠢᠵᠤ᠂ 22.6% ᠪᠠᠷ ᠨᠡᠮᠡᠭᠳᠡᠪᠡ᠃ | ᠭᠤᠷᠪᠠ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠲᠦᠷᠭᠡᠳᠪᠡ᠃ | 1—10 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠮᠡᠷᠭᠡᠵᠢᠯ ᠤᠨ | ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠵᠦ᠂ | ᠲᠦᠷᠦᠭᠦᠦ ᠭᠤᠷᠪᠠᠨ ᠤᠯᠠᠷᠢᠯ ᠤᠨ ᠬᠢ ᠠᠴᠠ 10.9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ | ᠣᠷᠣᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 6.6% ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 0.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠠᠭᠤᠷᠬᠠᠶ | ᠮᠠᠯᠲᠠᠬᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ 51.9% ᠪᠠᠷ ᠨᠡᠮᠡᠭᠳᠡᠵᠦ᠂ | ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ 23.2% ᠢᠶᠠᠷ ᠪᠠᠭᠤᠷᠠᠵᠤ᠂ | ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ | ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ 93.8% ᠪᠠᠷ ᠨᠡᠮᠡᠭᠳᠡᠪᠡ᠃ |