ᠵᠠᠩ ᠸᠧᠨ ᠵᠢᠶᠦ᠋ᠨ᠄ 1—10 ᠳ᠋ᠤᠭᠠᠷ ᠰᠠᠷ᠎ᠠ ᠳᠤ ᠪᠥᠬᠦ ᠣᠷᠣᠨ ᠤ ᠡᠨᠧᠷᠭᠢ ᠶᠢᠨ ᠬᠠᠩᠭᠠᠯᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/11/20
    2024 ᠣᠨ ᠤ 1 - 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯ ᠪᠣᠯᠬᠤ ᠡᠨᠧᠷᠭᠢ ᠶᠢᠨ ᠦᠢᠯᠡᠳᠬᠦᠨ ᠤ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠦᠭᠦᠬᠡᠶ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠨᠢ ᠪᠥᠬᠦ ᠤᠯᠤᠰ ᠤᠨ ᠲᠡᠷᠢᠭᠦᠨ ᠪᠠᠶᠢᠷᠢᠨ ᠳᠤ ᠪᠠᠶᠢᠬᠤ ᠶᠢ ᠪᠠᠲᠤᠯᠠᠵᠤ᠂ ᠡᠨᠧᠷᠭᠢ ᠶᠢᠨ ᠬᠠᠩᠭᠠᠯᠭ᠎ᠠ ᠶᠢ ᠲᠣᠭᠲᠠᠭᠤᠨ ᠪᠥᠭᠡᠳ ᠬᠦᠴᠦᠲᠡᠶᠪᠠᠲᠤᠯᠠᠪᠠ᠃    ᠨᠢᠭᠡ᠂ ᠨᠡᠭᠦᠷᠡᠰᠦᠨ ᠤ ᠭᠠᠷᠤᠯᠲᠠ ᠲᠦᠷᠭᠡᠨ ᠨᠡᠮᠡᠭᠳᠡᠵᠦ ᠪᠠᠶᠢᠨ᠎ᠠ᠃    1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠭᠠᠷᠤᠯᠲᠠ 10.61 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1—9 ᠳ᠋ᠤᠭᠡᠷ ᠰᠠᠷ᠎ᠠ ᠶᠢᠨ ᠬᠢ ᠠᠴᠠ 0.3 ᠵᠠᠭᠤᠨ ‍ᠤ‌ᠬᠤᠪᠢ ᠶᠢᠨ ᠴᠡᠭ ᠲᠦᠷᠭᠡᠳᠪᠡ᠃ ᠡᠭᠦᠨ ᠳᠤ 10 ᠳ᠋ᠤᠭᠠᠷ ᠰᠠᠷ᠎ᠠ ᠶᠢᠨ ᠨᠡᠭᠦᠷᠡᠰᠦᠨ ᠤ ᠭᠠᠷᠤᠯᠲᠠ 1.12 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.8 ᠵᠠᠭᠤᠨ ᠤ ᠬᠤᠪᠢ ᠶᠢᠨ ᠴᠡᠭ ᠲᠦᠷᠭᠡᠳᠪᠡ᠃    ᠲᠦᠭᠦᠬᠡᠶ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠤ ᠬᠤᠪᠢ ᠨᠡᠮᠡᠷᠢ ᠳᠤᠪᠤᠶᠢᠮ᠎ᠠ᠃ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 7.29 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ︔ ᠰᠢᠯᠢ ᠶᠢᠨ ᠭᠤᠤᠯ ᠠᠶᠢᠮᠠᠭ ᠤᠨ ᠲᠦᠭᠦᠬᠡᠶ ᠨᠡᠭᠦᠷᠡᠰᠦᠨ ᠤ ᠭᠠᠷᠤᠯᠲᠠ 1.20 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠵᠦ᠂ ᠬᠤᠶᠠᠷ ᠠᠶᠢᠮᠠᠭ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ ᠨᠢ ᠪᠥᠬᠦ ᠣᠷᠣᠨ ᠤ ᠨᠠᠢᠮᠠᠨ ᠬᠤᠪᠢ ᠶᠢ ᠡᠵᠡᠯᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 95.6% ᠳᠤ ᠬᠦᠷᠴᠡᠶ᠃    ᠬᠤᠶᠠᠷ᠂ ᠴᠠᠬᠢᠯᠭᠠᠨ ᠭᠠᠷᠭᠠᠬᠤ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃     1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 6666.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ᠃ ᠡᠭᠦᠨ ᠳᠤ᠂ 10 ᠰᠠᠷ᠎ᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 665.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ᠃    ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠡᠷᠴᠢᠮ ᠴᠢᠩᠭᠠᠷᠠᠵᠤ ᠪᠠᠢᠨ᠎ᠠ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1536.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.8% ᠨᠡᠮᠡᠭᠳᠡᠵᠦ᠂ ᠪᠥᠬᠦ ᠴᠠᠬᠢᠯᠭᠠᠨ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 17.5 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1264.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.8% ᠨᠡᠮᠡᠭᠳᠡᠪᠡ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 259.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.7% ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号