ᠯᠢ ᡁᠢ ᠫᠧᠩ᠄ 1—10 ᠰᠠᠷ᠎ᠠ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ ᠰᠢᠨ᠎ᠡ ᠬᠥᠳᠡᠯᠭᠡᠬᠦ ᠡᠨᠧᠷᠭᠢ ᠶᠢᠨ ᠠᠵᠢᠯ ᠲᠥᠷᠥᠯ ᠤᠶᠠᠨ ᠬᠠᠲᠠᠨ ᠴᠢᠨᠠᠷ ᠢ ᠳᠣᠪᠤᠶᠢᠯᠭᠠᠪᠠ
ᠨᠡᠶᠢᠲᠡᠯᠡᠭᠰᠡᠨ ᠴᠠᠭ᠄
2024/11/20
   1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠵᠢᠯ ᠤᠨ ᠡᠬᠢᠨ ᠠᠴᠠ ᠨᠠᠰᠢᠬᠢ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠢᠶᠠᠷ ᠲᠥᠯᠥᠭᠡᠯᠡᠭᠦᠯᠦᠭᠰᠡᠨ ᠰᠢᠨ᠎ᠡ ᠬᠥᠳᠡᠯᠭᠡᠭᠴᠢ ᠡᠨᠧᠷᠭᠢ ᠶᠢᠨ ᠠᠵᠢᠯ ᠲᠥᠷᠥᠯ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠲᠣᠭᠲᠠᠭᠤᠨ ᠢᠶᠠᠷ ᠠᠭᠢᠪᠠ᠃    ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ    1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.9% ᠨᠡᠮᠡᠭᠳᠡᠵᠦ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠬᠢᠷᠢ ᠲᠦᠪᠰᠢᠨ ᠠᠴᠠ 1.1 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠪᠥᠬᠦ ᠣᠷᠣᠨ ᠤ 37 ᠠᠵᠤ ᠦᠢᠯᠡᠳᠪᠦᠷᠢ ᠶᠢᠨ ᠲᠣᠮᠣ ᠲᠥᠷᠥᠯ ᠤᠨ ᠠᠵᠢᠯ ᠲᠥᠷᠥᠯ ᠤᠨ ᠳᠣᠲᠣᠷ᠎ᠠ᠂ 23 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 62.2% ᠢᠶᠠᠷ ᠨᠡᠮᠡᠭᠳᠡᠪᠡ᠃ ᠪᠥᠬᠦ ᠣᠷᠣᠨ ᠤ ᠪᠦᠷᠢᠳᠬᠡᠭᠰᠡᠨ 254  ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 127 ᠵᠦᠢᠯ ᠤᠨ ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ  ᠨᠡᠮᠡᠭᠳᠡᠵᠦ ᠂ ᠨᠡᠮᠡᠭᠳᠡᠯ ᠤᠨ ᠬᠡᠪᠴᠢᠶ᠎ᠡ ᠨᠢ 50% ᠬᠦᠷᠴᠡᠢ᠃    ᠬᠤᠶᠠᠷ᠂ ᠭᠤᠷᠪᠠᠨ ᠶᠡᠭᠡ ᠲᠥᠷᠥᠯ ᠬᠠᠮᠵᠢᠯᠴᠠᠨ ᠨᠡᠮᠡᠭᠳᠡᠪᠡ᠃     1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 2.6 ᠵᠠᠭᠤᠨ ᠤ ᠬᠤᠪᠢ ᠶᠢᠨ ᠴᠡᠭ ᠨᠡᠮᠡᠭᠳᠡᠬᠦ ᠶᠢ ᠳᠠᠶᠢᠴᠢᠯᠠᠪᠠ︔ ᠦᠢᠯᠡᠳᠬᠦ ᠦᠢᠯᠡᠰ 8.9% ᠪᠠᠷ ᠨᠡᠮᠡᠭᠳᠡᠵᠦ᠂ 3.1 ᠵᠠᠭᠤᠨ ᠤ ᠬᠤᠪᠢ ᠶᠢᠨ ᠴᠡᠭ ᠳᠠᠶᠢᠴᠢᠯᠠᠭᠳᠠᠪᠠ︔ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.1% ᠪᠠᠷ ᠨᠡᠮᠡᠭᠳᠡᠵᠦ᠂ 1.2 ᠵᠠᠭᠤᠨ ᠤ ᠬᠤᠪᠢ ᠶᠢᠨ ᠴᠡᠭ ᠳᠠᠶᠢᠴᠢᠯᠠᠭᠳᠠᠪᠠ᠃    ᠭᠤᠷᠪᠠ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠨᠳᠤᠰᠢ ᠰᠠᠶᠢᠨ ᠪᠠᠶᠢᠨ᠎ᠠ᠃     1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 26.2% ᠢᠶᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ 39.5% ᠪᠠᠷ ᠨᠡᠮᠡᠭᠳᠡᠵᠦ᠂ ᠡᠨᠡ ᠵᠢᠯ ᠠᠴᠠ ᠨᠠᠰᠢᠬᠢ ᠥᠨᠳᠥᠷ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠪᠡ᠃ ᠪᠥᠬᠦ ᠣᠷᠣᠨ ᠤ ᠰᠢᠨ᠎ᠡ ᠡᠨᠧᠷᠭᠢ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20.0% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠬᠥᠭᠵᠢᠯᠲᠡ ᠨᠢ ᠪᠥᠬᠦ ᠣᠷᠣᠨ ᠤ ᠠᠵᠤ ᠦᠢᠯᠡᠳᠪᠦᠷᠢ ᠶᠢᠨ ᠪᠣᠬᠢᠷᠲᠤᠯ ᠥᠬᠡᠶ ᠪᠣᠯᠬᠤ ᠠᠯᠬᠤᠴᠠ ᠶᠢ ᠲᠦᠷᠭᠡᠳᠬᠡᠪᠡ᠃ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠵᠦ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号