1—10 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 4505.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.6% ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.2 ᠵᠠᠭᠤᠨ ᠤ | ᠬᠤᠪᠢ ᠶᠢᠨ ᠴᠡᠭ ᠲᠦᠷᠭᠡᠳᠴᠦ᠂ ᠪᠥᠬᠦ ᠤᠯᠤᠰ ᠤᠨ ᠬᠢ ᠠᠴᠠ 0.1 ᠵᠠᠭᠤᠨ ᠤ ᠬᠤᠪᠢ ᠶᠢᠨ ᠴᠡᠭ ᠥᠨᠳᠥᠷ | ᠪᠣᠯᠪᠠ᠃ | ᠨᠢᠭᠡ᠂ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠤᠷᠳᠤᠴᠠ ᠲᠦᠷᠭᠡᠳᠪᠡ᠃ | 1—10 ᠳ᠋ᠤᠭᠠᠷ ᠰᠠᠷ᠎ᠠ ᠳᠤ᠂ ᠪᠥᠬᠦ ᠣᠷᠣᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 3.1% ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.3 | ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ | ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 16. | 9% ᠨᠡᠮᠡᠭᠳᠡᠵᠦ᠂ ᠤᠮᠳᠠᠭᠠᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 24.1% ᠨᠡᠮᠡᠭᠳᠡᠵᠦ᠂ ᠠᠷᠢᠬᠢ | ᠲᠠᠮᠠᠬᠢᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ | ᠲᠥᠷᠥᠯ ᠠᠳᠠᠯᠢ ᠬᠤᠭᠤᠴᠠᠭᠠᠨ ᠤ ᠬᠢ ᠠᠴᠠ 13.6% ᠨᠡᠮᠡᠭᠳᠡᠪᠡ᠃ | ᠬᠤᠶᠠᠷ᠂ ᠬᠠᠭᠤᠴᠢᠨ ᠢᠶᠠᠷ ᠰᠢᠨ᠎ᠡ ᠶᠢ ᠰᠣᠯᠢᠭᠰᠠᠨ ᠦᠷ᠎ᠡ ᠪᠦᠲᠦᠮᠵᠢ ᠢᠯᠡᠷᠬᠡᠢ᠃ | 1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠢᠵᠠᠭᠠᠷᠯᠠᠭᠰᠠᠨ ᠮᠠᠰᠢᠨ ᠲᠡᠷᠭᠡᠨ ᠤ ᠲᠥᠷᠥᠯ ᠤᠨ ᠲᠠᠸᠠᠷ ᠤᠨ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ 2.9 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 83.5% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠲᠦᠷᠦᠭᠦᠦ ᠭᠤᠷᠪᠠᠨ ᠤᠯᠠᠷᠢᠯ ᠤᠨ ᠬᠢ ᠠᠴᠠ 4.2 ᠵᠠᠭᠤᠨ ᠤ ᠬᠤᠪᠢ ᠶᠢᠨ ᠴᠡᠭ | ᠲᠦᠷᠭᠡᠳᠪᠡ᠃ 10 ᠳ᠋ᠤᠭᠠᠷ ᠰᠠᠷ᠎ᠠ ᠳᠤ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠪᠠᠷ᠂ ᠪᠥᠬᠦ ᠣᠷᠣᠨ ᠤ ᠬᠡᠷ ᠤᠨ ᠴᠠᠬᠢᠯᠭᠠᠨ ᠬᠡᠷᠡᠭᠰᠡᠯ ᠪᠠ ᠲᠠᠭᠤ | ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ | ᠠᠳᠠᠯᠢ ᠬᠤᠭᠤᠴᠠᠭᠠᠨ ᠤ ᠬᠢ ᠠᠴᠠ 24.9% ᠪᠠᠷ ᠨᠡᠮᠡᠭᠳᠡᠵᠦ᠂ 9 ᠳ᠋ᠤᠭᠡᠷ ᠰᠠᠷ᠎ᠠ ᠶᠢᠨ ᠬᠢ ᠠᠴᠠ 38.7 | ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠭᠤᠷᠪᠠ᠂ ᠢᠳᠡᠭᠡᠨ ᠤᠮᠳᠠᠭᠠᠨ ᠤ ᠬᠡᠷᠡᠭᠯᠡᠭᠡ ᠨᠡᠮᠡᠭᠳᠡᠯ ᠢᠶᠠᠨ ᠪᠠᠲᠤᠯᠠᠪᠠ᠃ | ᠤᠯᠤᠰ ᠤᠨ ᠪᠠᠶᠠᠷ ᠤᠨ ᠬᠤᠭᠤᠴᠠᠭᠠᠨ ᠳᠤ᠂ ᠳᠠᠶᠢᠯᠠᠯᠭ᠎ᠠ ᠨᠢ ᠠᠮᠠᠷᠠᠯᠲᠠ ᠶᠢᠨ ᠡᠳᠦᠷ ᠤᠨ ᠠᠵᠤ ᠠᠬᠤᠶ ᠶᠢᠨ | ᠳᠠᠶᠢᠴᠢᠯᠠᠯᠲᠠ ᠶᠢ ᠨᠡᠮᠡᠭᠳᠡᠭᠦᠯᠵᠦ᠂ 1—10 ᠳ᠋ᠤᠭᠠᠷ ᠰᠠᠷ᠎ᠠ ᠳᠤ᠂ ᠪᠥᠬᠦ ᠣᠷᠣᠨ ᠤ ᠢᠳᠡᠭᠡᠨ ᠤᠮᠳᠠᠭᠠᠨ ᠤ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ 4.5 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ | ᠳᠥᠷᠪᠡ᠂ ᠰᠦᠯᠵᠢᠶᠡᠨ ᠤ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ | ᠬᠤᠤᠰ ᠠᠷᠪᠠᠨ ᠨᠢᠭᠡ ᠰᠢᠬᠠᠮ᠂ ᠪᠥᠬᠦ ᠣᠷᠣᠨ ᠤ ᠰᠦᠯᠵᠢᠶᠡᠨ ᠤ ᠬᠡᠷᠡᠭᠯᠡᠭᠡᠨ ᠤ ᠨᠡᠮᠡᠭᠳᠡᠯ ᠤᠨ ᠬᠤᠷᠳᠤᠴᠠ | ᠵᠣᠬᠢᠬᠤ ᠬᠡᠮᠵᠢᠶ᠎ᠡ ᠪᠠᠷ ᠳᠡᠭᠡᠭᠰᠢᠯᠡᠪᠡ᠃ 1—10 ᠳ᠋ᠤᠭᠠᠷ ᠰᠠᠷ᠎ᠠ ᠳᠤ᠂ ᠪᠥᠬᠦ ᠣᠷᠣᠨ ᠤ ᠬᠢᠵᠠᠭᠠᠷ ᠠᠴᠠ | ᠳᠡᠭᠡᠭᠰᠢᠬᠢ ᠨᠢᠭᠡᠴᠡ ᠶᠢᠨ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 31.4% ᠪᠠᠷ ᠨᠡᠮᠡᠭᠳᠡᠵᠦ᠂ ᠲᠦᠷᠦᠭᠦᠦ ᠭᠤᠷᠪᠠᠨ | ᠤᠯᠠᠷᠢᠯ ᠤᠨ ᠬᠢ ᠠᠴᠠ 0.8 ᠵᠠᠭᠤᠨ ᠤᠬᠤᠪᠢ ᠶᠢᠨ ᠴᠡᠭ ᠲᠦᠷᠭᠡᠳᠴᠦ᠂ ᠬᠢᠵᠠᠭᠠᠷ ᠠᠴᠠ ᠳᠡᠭᠡᠭᠰᠢᠬᠢ | ᠬᠤᠷᠰᠢᠶ᠎ᠠ ᠶᠢᠨ ᠵᠢᠵᠢᠭᠯᠡᠨ ᠬᠤᠳᠠᠯᠳᠤᠭᠰᠠᠨ ᠲᠤᠭ᠎ᠠ ᠶᠢᠨ 8.3% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 1.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ |