ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/11/23
    11 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠰᠠᠶᠢᠳ ᠯᠢ ᠴᠢᠶᠠᠩ ᠤᠨ ᠨᠢᠩᠰᠢᠶᠠ᠂ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠵᠢᠴᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠬᠤᠷᠠᠯ ᠢ ᠡᠷᠭᠢᠯᠡᠪᠡ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠳᠠᠬᠢᠨᠲᠠ ᠭᠦᠨᠵᠡᠭᠡᠶ ᠲᠣᠳᠣᠷᠬᠠᠶᠢᠯᠠᠨ ᠥᠭᠦᠯᠡᠭᠰᠡᠨ ᠪᠥᠭᠡᠳ ᠪᠠᠰᠠ ᠪᠥᠬᠦᠳᠡ ᠬᠤᠷᠠᠯ ᠤᠨ ︽ᠲᠣᠭᠲᠠᠭᠠᠯ︾ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠦᠴᠦᠲᠡᠶ ᠳᠠᠶᠢᠴᠢᠯᠠᠯᠲᠠ ᠪᠠᠶᠢᠵᠤ᠂ ᠪᠢᠳᠡᠨ ᠤ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠬᠦ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠣᠨᠣᠴᠠᠲᠠᠶ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠶᠠᠷᠢᠶᠠᠨ ᠤ ᠵᠣᠷᠢᠭ ᠰᠠᠨᠠᠭ᠎ᠠ ᠶᠢ ᠣᠨᠣᠪᠴᠢᠲᠠᠶ ᠡᠵᠡᠮᠰᠢᠨ ᠡᠵᠡᠮᠰᠢᠵᠦ᠂ ᠲᠤᠭ᠎ᠠ ᠪᠦᠷᠢᠳᠬᠡᠯ ᠤᠨ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠶᠣᠰᠣᠭᠠᠷ᠂ ᠡᠬᠡ ᠲᠠᠩᠰᠠ ᠮᠠᠶ᠋ᠢᠭ ᠤᠨ ᠬᠠᠮᠢᠶᠠᠷᠤᠯᠲᠠ᠂ ᠲᠥᠷᠥᠯ ᠵᠦᠢᠯᠵᠢᠬᠦᠯᠦᠨ ᠠᠬᠢᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠶ᠃ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠲᠤᠷ ᠬᠢᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠶᠢ ᠠᠵᠢᠯ ᠤᠨ ᠭᠤᠭᠴᠤᠭ᠎ᠠ ᠨᠢᠭᠡᠪᠦᠷᠢ᠂ ᠣᠷᠣᠯᠴᠠᠭᠴᠢ ᠨᠢᠭᠡᠪᠦᠷᠢ ᠶᠢᠨ ᠪᠡᠶ᠎ᠡ ᠳᠡᠭᠡᠷ᠎ᠡ ᠨᠠᠶᠢᠳᠠᠪᠤᠷᠢᠵᠢᠭᠤᠯᠵᠤ᠂ ᠦᠨᠡᠨ ᠪᠣᠳᠠᠲᠠᠶ ᠵᠥᠪ ᠣᠨᠣᠪᠴᠢᠲᠠᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠪᠥᠬᠦ ᠣᠷᠣᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠦᠴᠦᠲᠡᠶ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠰᠠᠶᠢᠳ ᠯᠢ ᠴᠢᠶᠠᠩ ᠤᠨ ᠨᠢᠩᠰᠢᠶᠠ᠂ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠪᠣᠯᠤᠨ ᠪᠥᠬᠦ ᠲᠠᠯ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠡᠨᠧᠷᠭᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ᠂ ᠲᠠᠷᠢᠶᠠᠯᠠᠩ ᠮᠠᠯ ᠠᠵᠤ ᠠᠬᠤᠶ ᠵᠡᠷᠭᠡ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠡᠷᠡᠭᠴᠡᠭᠡ ᠳᠤ ᠰᠠᠭᠤᠷᠢᠯᠠᠵᠤ᠂ ᠮᠠᠨ ᠤ ᠣᠷᠣᠨ ᠤ ᠡᠨᠧᠷᠭᠢ ᠶᠢᠨ ᠠᠵᠤ ᠦᠢᠯᠡᠰ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠳᠤᠮᠳᠠᠬᠢ ᠲᠦᠭᠵᠢᠷᠡᠯ ᠬᠦᠴᠢᠷ ᠠᠰᠠᠭᠤᠳᠠᠯ ᠢ ᠤᠯᠠᠮ ᠴᠢᠨᠠᠭᠰᠢᠳᠠ ᠰᠤᠳᠤᠯᠵᠤ᠂ ᠠᠯᠤᠰ ᠬᠡᠲᠦ ᠶᠢᠨ ᠴᠢᠨᠠᠷᠲᠠᠶ᠂ ᠭᠦᠨ ᠳᠠᠪᠬᠤᠷᠭ᠎ᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠪᠠ ᠵᠥᠪᠯᠡᠯᠭᠡ ᠰᠠᠨᠠᠭᠤᠯᠭ᠎ᠠ ᠶᠢ ᠨᠠᠩ ᠣᠯᠠᠨ ᠭᠠᠷᠭᠠᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ  ᠰᠢᠢᠳᠭᠡᠬᠦ ᠠᠵᠢᠯ ᠤᠨ ᠲᠣᠭᠲᠠᠭᠠᠯ ᠢ ᠬᠡᠷᠡᠭᠵᠢᠭᠦᠯᠬᠦ ᠠᠷᠭ᠎ᠠ︾ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢᠨ ᠲᠦᠢᠯ ᠤᠨ ᠬᠤᠤᠷ ᠬᠥᠨᠥᠭᠡᠯᠲᠦ ᠴᠢᠨᠠᠷ ᠢ ᠭᠦᠨᠵᠡᠭᠡᠶ ᠲᠠᠨᠢᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠬᠠᠲᠠᠭᠤ ᠲᠦᠷᠢᠮ ᠤᠨ ᠬᠢᠵᠠᠭᠠᠷᠯᠠᠯ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ︽ᠥᠴᠦᠬᠡᠨ ᠴᠦ ᠠᠭᠤᠴᠢᠯᠠᠬᠤ ᠥᠬᠡᠶ︾ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ᠂ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠣᠷᠣᠨ ᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ ᠭᠡᠵᠡᠢ᠃    ᠬᠤᠷᠠᠯ ᠠᠴᠠ ︽ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ ᠤᠳ︾ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠠᠷᠢᠮᠵᠢᠶ᠎ᠠ ᠪᠠᠨ ᠳᠡᠭᠡᠭᠰᠢᠯᠡᠭᠦᠯᠦᠨ ᠬᠤᠷᠳᠤᠴᠠ ᠪᠠᠨ ᠲᠦᠷᠭᠡᠳᠬᠡᠵᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠵᠤ᠂ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ ᠰᠤᠳᠤᠯᠭᠠᠨ ᠤ ᠦᠷ᠎ᠡ ᠪᠦᠲᠦᠭᠡᠯ ᠪᠣᠯᠭᠠᠨ    ᠬᠤᠪᠢᠷᠠᠭᠤᠯᠵᠤ᠂ ᠰᠤᠳᠤᠯᠭᠠᠨ ᠤ ᠦᠷ᠎ᠡ ᠪᠦᠲᠦᠭᠡᠯ ᠢ ᠨᠠᠮ ᠵᠠᠰᠠᠭ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠡᠷᠡᠭᠯᠡᠵᠦ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠠᠮᠢᠶ᠎ᠠ ᠪᠥᠬᠦᠶ ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠵᠠᠮ ᠤᠨ ᠵᠠᠷᠤᠳᠠᠯ ᠪᠠ ᠬᠤᠲᠠ ᠶᠢᠨ ᠳᠣᠲᠣᠷᠠᠬᠢ ᠵᠠᠮ ᠬᠠᠷᠢᠯᠴᠠᠭᠠᠨ ᠤ ᠵᠠᠷᠤᠳᠠᠯ ᠢ ᠵᠢᠷᠤᠮᠵᠢᠭᠤᠯᠬᠤ ᠬᠠᠮᠢᠶ᠎ᠠ ᠪᠥᠬᠦᠶ ᠲᠣᠭᠲᠠᠭᠠᠯ ᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号