2024 ᠣᠨ ᠤ ᠪᠥᠬᠦ ᠣᠷᠣᠨ ᠤ ᠵᠢᠩᠬᠢᠨᠢ ᠳᠡᠭᠡᠳᠦ ᠲᠠᠰ ᠤᠨ ᠪᠦᠷᠢᠳᠬᠡᠭᠴᠢ ᠶᠢᠨ ᠬᠢᠷᠢ ᠬᠡᠮ ᠤᠨ ᠬᠢᠨᠠᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2024/11/25
    ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2024 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ  ﹇2024﹈ 85 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠢᠷᠢᠰ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ ᠺᠣᠮᠢᠰ ᠢᠶᠠᠷ ᠬᠢᠨᠠᠨ ᠲᠣᠭᠲᠠᠭᠠᠯᠭᠠᠵᠤ᠂ ᠪᠠᠶ ᠮᠢᠨ ᠵᠢᠩᠬᠢᠨᠢ ᠳᠡᠭᠡᠳᠦ ᠵᠡᠷᠭᠡ ᠶᠢᠨ ᠲᠤᠭ᠎ᠠ ᠪᠦᠷᠢᠳᠬᠡᠭᠴᠢ ᠶᠢᠨ ᠬᠢᠷᠢ ᠬᠡᠮ ᠢ ᠬᠢᠨᠠᠨ ᠲᠣᠭᠲᠠᠭᠠᠬᠤ ᠳᠤ ᠪᠠᠲᠤᠯᠠᠭᠤᠯᠵᠤ᠂ ᠳᠤᠤᠷᠠᠬᠢ ᠮᠡᠲᠦ ᠵᠠᠷᠯᠠᠨ ᠨᠡᠶᠢᠲᠡᠯᠡᠪᠡ᠄    ᠪᠠᠶ ᠮᠢᠨ     ᠣᠷᠳᠣᠰ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠲᠤᠭ᠎ᠠ ᠪᠦᠷᠢᠳᠬᠡᠯ ᠤᠨ ᠲᠥᠪ    ᠨᠡᠶᠢᠲᠡ ᠳᠤ ᠵᠠᠷᠯᠠᠬᠤ ᠬᠤᠭᠤᠴᠠᠭᠠᠨ ᠳᠤ᠂ ᠬᠡᠷᠪᠡ ᠬᠢᠨᠠᠨ ᠲᠣᠭᠲᠠᠭᠠᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠣᠯ ᠰᠤᠷᠪᠤᠯᠵᠢᠯᠠᠯ᠂ ᠤᠲᠠᠰᠤ᠂ ᠵᠠᠬᠢᠳᠠᠯ ᠴᠢᠮᠡᠭᠡ ᠵᠡᠷᠭᠡ ᠬᠡᠯᠪᠡᠷᠢ ᠪᠠᠷ ᠳᠠᠮᠵᠢᠭᠤᠯᠤᠨ ᠳᠡᠭᠡᠷ᠎ᠡ ᠳᠤᠷᠠᠳᠤᠭᠰᠠᠨ ᠨᠡᠶᠢᠲᠡ ᠳᠤ ᠵᠠᠷᠯᠠᠬᠤ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠭᠠᠵᠠᠷ ᠪᠤᠶᠤ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠲᠤᠰᠬᠠᠬᠤ ᠶᠢᠨ ᠬᠠᠮᠲᠤ ᠪᠠᠶᠢᠴᠠᠭᠠᠬᠤ ᠳᠤ ᠪᠣᠯᠬᠤ ᠭᠡᠷᠡᠴᠢᠯᠡᠭᠴᠢ ᠵᠢᠴᠢ ᠪᠤᠰᠤᠳ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠵᠤ ᠪᠣᠯᠤᠨ᠎ᠠ᠃ ᠪᠢᠳᠡ ᠠᠰᠠᠭᠤᠳᠠᠯ ᠢ ᠲᠤᠰᠬᠠᠭᠴᠢ ᠵᠢᠴᠢ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃    ᠢᠯᠡ ᠨᠡᠶᠢᠲᠡᠯᠡᠬᠦ ᠴᠠᠭ᠄ 2024 ᠣᠨ ᠤ 11 ᠰᠠᠷ᠎ᠠ ᠶᠢᠨ 25 ᠤ ᠡᠳᠦᠷ ᠠᠴᠠ 2024 ᠣᠨ ᠤ 11 ᠰᠠᠷ᠎ᠠ ᠶᠢᠨ 29 ᠤ ᠡᠳᠦᠷ ᠪᠣᠯᠲᠠᠯ᠎ᠠ    ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00--12᠄ 00    ᠦᠳᠡ ᠶᠢᠨ ᠬᠤᠶᠢᠨ᠎ᠠ 13᠄ 30--17᠄ 00     ᠬᠦᠯᠢᠶᠡᠨ ᠠᠪᠬᠤ ᠤᠲᠠᠰᠤ᠄ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠢᠯᠲᠠᠨ ᠤ ᠭᠠᠵᠠᠷ 0471 - 6944518    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 0471 - 6610085    ᠵᠠᠬᠢᠳᠠᠯ ᠨᠡᠪᠲᠡᠷᠡᠬᠦ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ    ᠰᠢᠦᠳᠠᠨ ᠳ᠋ᠤᠭᠠᠷ᠄ 010055       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ               2024 ᠣᠨ ᠤ 11 ᠰᠠᠷ᠎ᠠ ᠶᠢᠨ 24 ᠤ ᠡᠳᠦᠷ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号