ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠤᠯ ᠤᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2024/11/26
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠨᠢ ᠮᠠᠨ ᠤ ᠣᠷᠣᠨ ᠤ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠭᠤᠯᠤᠯ ᠪᠣᠯᠤᠨ ᠦᠷ᠎ᠡ ᠠᠰᠢᠭ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠲᠥᠷᠥᠯ ᠤᠨ ᠨᠢᠭᠡᠴᠡ ᠶᠢᠨ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠨ᠂ ᠤᠯᠤᠰ ᠠᠷᠠᠳ ᠤᠨ ᠠᠵᠤ ᠠᠬᠤᠶ ᠶᠢᠨ ᠠᠵᠢᠯ ᠲᠥᠷᠥᠯ ᠤᠨ ᠬᠤᠭᠤᠷᠣᠨᠳᠣᠬᠢ ᠠᠵᠤ ᠠᠬᠤᠶ ᠶᠢᠨ ᠬᠠᠷᠢᠯᠴᠠᠭ᠎ᠠ ᠶᠢ ᠡᠵᠡᠮᠰᠢᠵᠦ᠂ ᠲᠦᠢᠯ ᠤᠨ ᠡᠷᠬᠢᠮ ᠨᠠᠨᠳᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠤᠭᠰᠠᠨ ᠪᠠᠶᠢᠨ᠎ᠠ᠃ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠨᠡᠭᠡᠭᠡᠬᠦ ᠠᠵᠢᠯ ᠳᠤ ᠣᠷᠣᠯᠴᠠᠭᠤᠯᠵᠤ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠭᠡᠨ ᠤ ᠥᠷᠲᠡᠭ ᠢ ᠪᠠᠳᠠᠷᠠᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠰᠡᠳᠦᠪ ᠤᠨ ᠰᠤᠳᠤᠯᠤᠯ ᠤᠨ ᠠᠵᠢᠯ ᠢ ᠵᠣᠬᠢᠶᠠᠨ ᠪᠠᠶᠢᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠠᠯᠪᠠᠨ ᠵᠠᠷ ᠢᠶᠠᠷ ᠨᠡᠶᠢᠲᠡᠯᠡᠶ᠎ᠡ᠄    ᠨᠢᠭᠡ᠂ ᠳᠠᠭᠠᠭᠠᠴᠢᠯᠠᠯᠲᠠ ᠵᠠᠷᠯᠠᠬᠤ ᠨᠢᠭᠡᠴᠢ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠳᠣᠷᠣᠭᠰᠢ ︽ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ︾ ᠭᠡᠵᠦ ᠲᠣᠪᠴᠢᠯᠠᠨ᠎ᠠ︶᠃    ᠬᠤᠶᠠᠷ᠂ ᠳᠠᠭᠠᠭᠠᠴᠢᠯᠠᠯᠲᠠ ᠳᠤ ᠣᠷᠣᠯᠴᠠᠬᠤ ᠨᠢᠭᠡᠴᠢ    ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠢᠭᠡᠴᠡ    ᠭᠤᠷᠪᠠ᠂ ᠰᠡᠳᠦᠪ ᠰᠣᠩᠭᠤᠬᠤ ᠴᠢᠭᠯᠡᠯ     ᠳᠠᠭᠠᠭᠠᠴᠢᠯᠠᠯᠲᠠ ᠬᠦᠯᠢᠶᠡᠬᠦ ᠨᠢᠭᠡᠴᠡ ᠨᠦᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠤᠨ᠂ ᠣᠳᠣᠬᠠᠨ ᠤ ᠭᠤᠤᠯᠳᠠᠯᠭ᠎ᠠ ᠲᠠᠢ᠂ ᠬᠠᠯᠠᠮᠰᠢᠯ ᠪᠠ ᠲᠦᠪᠡᠭᠲᠡᠶ ᠵᠡᠷᠭᠡ ᠠᠰᠠᠭᠤᠳᠠᠯ ᠲᠠᠢ ᠤᠶᠠᠯᠳᠤᠭᠤᠯᠤᠨ ᠰᠡᠳᠦᠪ ᠰᠣᠩᠭᠤᠬᠤ ᠬᠡᠷᠡᠭᠲᠡᠶ᠃ ᠳᠠᠭᠠᠭᠠᠴᠢᠯᠠᠯᠲᠠ ᠬᠦᠯᠢᠶᠡᠬᠦ ᠰᠡᠳᠦᠪ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠤᠯ ᠤᠨ ᠯᠠᠪᠯᠠᠬᠤ ᠴᠢᠭᠯᠡᠯ︾  ︵ᠳᠠᠭᠠᠯᠳᠤᠭᠤᠯᠤᠯ 1 ᠶᠢ ᠦᠵᠡ︶ ᠠᠴᠠ ᠰᠣᠩᠭᠤᠵᠤ ᠪᠣᠯᠤᠨ᠎ᠠ᠂ ᠪᠠᠰᠠ ᠳᠠᠭᠠᠭᠠᠴᠢᠯᠠᠯᠲᠠ ᠬᠦᠯᠢᠶᠡᠬᠦ ᠨᠢᠭᠡᠴᠡ ᠶᠢᠨ ᠲᠤᠰ ᠪᠡᠶ᠎ᠡ ᠶᠢᠨ ᠰᠤᠳᠤᠯᠤᠯ ᠤᠨ ᠳᠠᠪᠠᠭᠤᠯᠢᠭ᠂ ᠭᠤᠶᠤᠴᠢᠯᠠᠯ ᠬᠢᠭᠡᠳ ᠰᠤᠳᠤᠯᠤᠯ ᠤᠨ ᠯᠠᠪᠯᠠᠬᠤ ᠰᠡᠳᠦᠪ ᠤᠨ ᠵᠢᠭᠰᠠᠭᠠᠭᠰᠠᠨ ᠴᠢᠭᠯᠡᠯ ᠤᠨ ᠬᠤᠯᠪᠣᠭᠳᠠᠯ ᠪᠦᠬᠦᠢ ᠰᠡᠳᠦᠪ ᠢ ᠦᠨᠳᠦᠰᠦᠯᠡᠵᠦ ᠪᠣᠯᠤᠨ᠎ᠠ᠃    ᠳᠥᠷᠪᠡ᠂ ᠰᠡᠳᠦᠪ ᠤᠨ ᠵᠠᠷᠤᠳᠠᠯ    ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠳᠠᠭᠠᠭᠠᠴᠢᠯᠠᠯᠲᠠ ᠣᠯᠤᠭᠰᠠᠨ ᠰᠡᠳᠦᠪ ᠨᠢᠭᠡᠪᠦᠷᠢ ᠳᠤ ᠵᠣᠬᠢᠬᠤ ᠵᠠᠷᠤᠳᠠᠯ ᠤᠨ ᠲᠤᠰᠠᠯᠠᠮᠵᠢ ᠦᠵᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠤᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ ᠶᠢᠨ ᠠᠷᠭ᠎ᠠ︾ ︵ᠳᠠᠭᠠᠯᠳᠤᠭᠤᠯᠤᠯ 2 ᠲᠤ ᠦᠵᠡ︶ ᠪᠠᠷ ᠪᠣᠳᠠᠲᠠᠶ ᠯᠠᠪᠯᠠᠯᠲᠠ ᠪᠣᠯᠭᠠᠨ᠎ᠠ᠃    ᠲᠠᠪᠤ᠂ ᠴᠠᠭ ᠤᠨ ᠲᠤᠬᠢᠷᠠᠭᠤᠯᠤᠯᠳᠠ    1 . ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠰᠡᠳᠦᠪ ᠤᠨ ᠭᠤᠶᠤᠴᠢᠯᠠᠯ ᠢ ᠬᠦᠯᠢᠶᠡᠨ ᠠᠪᠴᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠤᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠡᠳᠦᠪ ᠤᠨ ᠳᠠᠭᠠᠭᠠᠴᠢᠯᠠᠯᠲᠠ ᠵᠠᠷᠯᠠᠬᠤ᠂ ᠰᠡᠳᠦᠪ ᠲᠣᠭᠲᠠᠭᠠᠬᠤ᠂ ᠬᠢᠨᠠᠨ ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠢ ᠪᠡᠶᠡᠯᠡᠭᠦᠯᠦᠨ᠎ᠡ᠃ ᠡᠯ᠎ᠡ ᠳᠠᠭᠠᠭᠠᠴᠢᠯᠠᠯᠲᠠ ᠬᠦᠯᠢᠶᠡᠬᠦ ᠨᠢᠭᠡᠴᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶᠡᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠤᠯ ᠤᠨ ᠭᠤᠶᠤᠴᠢᠯᠠᠯ ᠤᠨ ᠪᠢᠴᠢᠭ︾ ︵ᠳᠣᠷᠣᠭᠰᠢ ᠭᠤᠶᠤᠴᠢᠯᠠᠯ ᠤᠨ ᠪᠢᠴᠢᠭ ᠭᠡᠵᠦ ᠲᠣᠪᠴᠢᠯᠠᠨ᠎ᠠ︶ ᠢ ᠪᠠᠭᠤᠯᠭᠠᠵᠤ ᠪᠣᠯᠤᠨ᠎ᠠ᠂ ᠳᠠᠭᠠᠯᠳᠤᠭᠤᠯᠤᠯ 3 ᠳᠤ ᠦᠵᠡ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠤᠯ ᠨᠤᠲᠠᠯᠠᠯᠲᠠ ᠶᠢᠨ ᠵᠠᠳᠠᠭᠠᠶ ᠬᠠᠭᠤᠳᠠᠰᠤ︾ ︵ᠳᠠᠭᠠᠯᠳᠤᠭᠤᠯᠤᠯ 4 ᠶᠢ ᠦᠵᠡ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠤᠯ ᠤᠨ ᠮᠡᠳᠡᠭᠡ ᠵᠠᠩᠭᠢ ᠶᠢᠨ ᠬᠦᠰᠦᠨᠦᠭᠲᠦ︾ ︵ᠳᠠᠭᠠᠯᠳᠤᠭᠤᠯᠤᠯ 5 ᠶᠢ ᠦᠵᠡ︶᠂ 2025 ᠣᠨ ᠤ 1 ᠰᠠᠷ᠎ᠠ ᠶᠢᠨ 3 ᠤ ᠡᠳᠦᠷ ᠠᠴᠠ ᠡᠮᠦᠨ᠎ᠡ ᠲᠠᠭᠯᠠᠵᠤ ᠳᠠᠭᠤᠰᠤᠭᠰᠠᠨ ᠤ ᠳᠠᠷᠠᠭ᠎ᠠ ᠢᠮᠧᠯ ᠢ 1ml@nmgtj.cn ︵ᠢᠮᠧᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠰᠡᠳᠦᠪ ᠤᠨ ᠰᠤᠳᠤᠯᠭᠠᠨ ᠭᠤᠶᠤᠴᠢᠯᠠᠭᠴᠢ ᠶᠢᠨ ᠣᠪᠣᠭ ᠨᠡᠷ᠎ᠡ︾ ᠭᠡᠵᠦ ᠨᠡᠷᠡᠶᠢᠳᠦᠨ᠎ᠡ︶ ᠳᠤ ᠶᠠᠪᠤᠭᠤᠯᠤᠨ᠎ᠠ᠂ ᠡᠭᠦᠨ ᠤ ᠬᠠᠮᠲᠤ ᠲᠠᠭᠯᠠᠭᠰᠠᠨ ᠭᠤᠶᠤᠴᠢᠯᠠᠯ ᠤᠨ ᠪᠢᠴᠢᠭ ︵3 ᠬᠤᠪᠢ︶ ᠢᠶᠠᠨ ᠴᠠᠭᠠᠰᠤᠨ ᠵᠠᠭᠤᠴᠢ ᠶᠢᠨ ᠬᠡᠯᠪᠡᠷᠢ ᠪᠠᠷ ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠲᠤ ᠮᠡᠳᠡᠭᠦᠯᠦᠨ᠎ᠡ ︵ᠢᠯᠡᠭᠡᠭᠰᠡᠨ ᠰᠢᠤᠳᠠᠨ ᠤ ᠲᠠᠮᠠᠭ᠎ᠠ ᠪᠠᠷ ᠪᠠᠷᠢᠮᠵᠢᠶ᠎ᠠ ᠪᠣᠯᠭᠠᠨ᠎ᠠ︶᠃    2 . ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠨᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠰᠡᠳᠦᠪ ᠤᠨ ᠳᠠᠭᠠᠭᠠᠴᠢᠯᠠᠯᠲᠠ ᠬᠦᠯᠢᠶᠡᠬᠦ ᠨᠢᠭᠡᠴᠡ ᠶᠢᠨ ᠰᠡᠳᠦᠪ ᠭᠤᠶᠤᠴᠢᠯᠠᠬᠤ ᠲᠥᠰᠦᠯ ᠪᠠ ᠰᠤᠳᠤᠯᠬᠤ ᠬᠦᠴᠦᠨ ᠢ ᠬᠢᠨᠠᠨ ᠲᠣᠭᠲᠠᠭᠠᠵᠤ᠂ ᠰᠢᠯᠢᠳᠡᠭ ᠢ ᠨᠢ ᠰᠣᠩᠭᠤᠨ ᠰᠡᠳᠦᠪ ᠲᠣᠭᠲᠠᠭᠠᠬᠤ ᠨᠢᠭᠡᠴᠡ ᠶᠢ ᠲᠣᠭᠲᠠᠭᠠᠬᠤ ᠶᠢᠨ ᠬᠠᠮᠲᠤ᠂ 2025 ᠣᠨ ᠤ 1 ᠳ᠋ᠦᠭᠡᠷ ᠰᠠᠷ᠎ᠠ ᠶᠢᠨ ᠳᠤᠮᠳᠠᠴᠢ ᠰᠡᠭᠦᠯᠴᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠰᠡᠳᠦᠪ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠨ᠎ᠡ᠃ ᠳᠠᠭᠠᠭᠠᠴᠢᠯᠠᠯᠲᠠ ᠣᠯᠤᠭᠰᠠᠨ ᠦᠭᠡᠢ ᠪᠠᠶᠢᠭᠤᠯᠭ᠎ᠠ ᠳᠠᠬᠢᠨ ᠮᠡᠳᠡᠭᠳᠡᠬᠦ ᠦᠭᠡᠢ᠃    ᠬᠠᠷᠢᠯᠴᠠᠬᠤ ᠬᠥᠮᠦᠨ᠄ ᠯᠦ ᠮᠧᠶ ᠯᠢᠩ    ᠬᠠᠷᠢᠯᠴᠠᠬᠤ ᠤᠲᠠᠰᠤ᠄ 0471 - 6945672    ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ 1 ᠳ᠋ᠤᠭᠡᠷ ᠠᠰᠠᠷ ᠤᠨ 413 ᠳ᠋ᠤᠭᠠᠷ ᠥᠷᠥᠭᠡ ︵ᠥᠪᠥᠷ ᠮᠣᠩᠭᠤᠯ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ︶    ᠰᠢᠦᠳᠠᠨ ᠳ᠋ᠤᠭᠠᠷ᠄ 010055    ᠳᠠᠭᠠᠯᠳᠤᠭᠤᠯᠤᠯ᠄        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ        ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ                    2024 ᠣᠨ ᠤ 11ᠰᠠᠷ᠎ᠠ ᠶᠢᠨ 25 ᠤ ᠡᠳᠦᠷ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号