︽ᠪᠥᠬᠦ ᠦᠶᠡᠯᠡᠯ ᠤᠨ ᠬᠤᠭᠤᠴᠠᠭ᠎ᠠ︾ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠯᠡᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠵᠢᠯ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/11/29
    ᠰᠠᠯᠠᠭ᠎ᠠ ᠮᠥᠴᠢᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠪᠠ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠦᠬᠦ ᠲᠠᠯ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠠᠪᠬᠤ ᠶᠢ ᠪᠠᠷᠢᠮᠲᠠᠯᠠᠵᠤ᠂ ︽ᠳᠦᠷᠢᠮ ᠤᠨ ᠵᠢᠯᠣᠭᠤᠳᠣᠯᠭ᠎ᠠ᠂ ᠲᠣᠬᠢᠷᠠᠭᠤᠯᠤᠯᠲᠠ ᠨᠢ ᠵᠦᠢ ᠵᠣᠬᠢᠰᠲᠠᠶ᠂ ᠬᠡᠷᠡᠭᠯᠡᠯᠲᠡ ᠨᠢ ᠥᠨᠳᠥᠷ ᠦᠷ᠎ᠡ ᠪᠦᠲᠦᠮᠵᠢᠲᠡᠶ᠂  ᠰᠢᠢᠳᠪᠦᠷᠢᠯᠡᠯᠳᠡ ᠨᠢ ᠵᠢᠷᠤᠮᠵᠢᠯ ᠲᠠᠢ᠂ ᠬᠢᠨᠠᠯᠲᠠ ᠲᠠᠯᠪᠢᠯᠲᠠ ᠨᠢ ᠬᠦᠴᠦᠲᠡᠶ︾ ᠪᠠᠶᠢᠬᠤ ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠤᠢᠭᠡᠢ ᠠᠬᠢᠭᠤᠯᠪᠠ᠃    ᠨᠢᠭᠡ᠂ ᠳᠦᠷᠢᠮ ᠢ ᠤᠷᠢᠳᠠᠪᠠᠷ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠵᠢᠷᠤᠮᠵᠢᠭᠤᠯᠪᠠ     2024 ᠣᠨ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠬᠠᠮᠢᠶᠠᠷᠤᠯᠲᠠ ᠶᠢᠨ ᠠᠷᠭ᠎ᠠ︾ ᠵᠡᠷᠭᠡ ᠲᠦᠷᠢᠮ ᠳᠤ ᠤᠷᠢᠳ ᠬᠤᠵᠢᠳ ᠵᠠᠰᠠᠪᠤᠷᠢᠣᠷᠣᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠪᠠ ᠠᠵᠢᠯ ᠤᠨ ᠵᠢᠷᠤᠮᠵᠢᠯ ᠢ ᠤᠯᠠᠮ ᠲᠣᠳᠣᠷᠬᠠᠶᠢᠯᠠᠨ᠂ ᠰᠢᠰᠲ᠋ᠧᠮᠵᠢᠭᠦᠯᠦᠨ ᠬᠠᠮᠢᠶᠠᠷᠬᠤ ᠪᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠤᠯᠬᠤ᠂ ᠬᠡᠷᠡᠭᠯᠡᠬᠦ᠂ ᠰᠢᠢᠳᠪᠦᠷᠢᠯᠡᠬᠦ ᠪᠥᠬᠦ ᠠᠮᠢ ᠨᠠᠰᠤᠨ ᠤ ᠦᠶᠡᠯᠡᠯ ᠤᠨ ᠬᠠᠮᠢᠶᠠᠷᠤᠯᠲᠠ ᠶᠢ ᠴᠢᠩᠭᠠᠳᠬᠠᠪᠠ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠳᠣᠭᠢᠷᠠᠭᠤᠯᠬᠤ ᠲᠥᠯᠥᠪᠯᠡᠭᠡ ᠶᠢᠨ ᠲᠥᠰᠦᠪ ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠳᠠᠯᠳᠤᠨ ᠠᠪᠬᠤ ᠪᠣᠶ ᠪᠥᠬᠦᠶ ᠲᠥᠷᠥᠯ ᠵᠦᠢᠯ ᠢ ᠣᠨ ᠤ ᠲᠥᠰᠦᠪ ᠲᠤ ᠣᠷᠣᠭᠤᠯᠤᠨ᠂ ᠪᠠᠷᠢᠮᠵᠢᠶ᠎ᠠ ᠶᠢᠨ ᠲᠣᠬᠢᠷᠠᠭᠤᠯᠤᠯᠲᠠ ᠶᠢ ᠬᠡᠷᠡᠭᠵᠢᠬᠦᠯᠪᠡ︔ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠪᠥᠬᠦ ᠲᠠᠯ᠎ᠠ ᠶᠢᠨ ᠪᠦᠷᠢᠳᠬᠡᠯ ᠬᠢᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠣᠳᠣᠬᠢ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠲᠠᠩᠰᠠ ᠨᠢ ᠪᠣᠳᠠᠲᠠᠶ᠂ ᠲᠠᠩᠰᠠ ᠶᠢᠨ ᠬᠦᠰᠦᠨᠦᠭᠲᠦ ᠨᠢ ᠬᠠᠷᠢᠯᠴᠠᠨ ᠨᠡᠶᠢᠴᠡᠬᠦ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠴᠢᠬᠤᠯᠠ ᠦᠨᠳᠦᠰᠦᠯᠡᠯ ᠬᠠᠩᠭᠠᠬᠤ ᠪᠠᠷ ᠲᠣᠭᠲᠠᠭᠠᠪᠠ᠃    ᠬᠤᠶᠠᠷ᠂ ᠡᠳᠦᠷ ᠲᠤᠲᠤᠮ ᠤᠨ ᠠᠵᠢᠯ ᠢ ᠴᠢᠬᠤᠯᠠᠴᠢᠯᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠦᠷ᠎ᠡ ᠠᠰᠢᠭ ᠢ ᠳᠡᠭᠡᠭᠰᠢᠯᠡᠬᠦᠯᠪᠡ    ᠨᠢᠭᠡ ᠳᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢ ᠡᠵᠡᠮᠳᠡᠬᠦ ︽ᠣᠷᠣᠬᠤ ᠪᠣᠭᠤᠮᠲᠠ︾ ᠪᠠ ᠰᠢᠢᠳᠪᠦᠷᠢᠯᠡᠬᠦ ︽ᠭᠠᠷᠬᠤ ᠪᠣᠭᠤᠮᠲᠠ︾ ᠶᠢ ᠴᠢᠩᠭ᠎ᠠ ᠡᠵᠡᠮᠳᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠤᠳᠠᠯᠳᠤᠨ ᠠᠪᠬᠤ᠂ ᠰᠢᠢᠳᠪᠦᠷᠢᠯᠡᠬᠦ ᠵᠡᠷᠭᠡ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠣᠷᠣᠮ ᠦᠯᠡᠳᠡᠭᠡᠬᠦ ᠶᠢ ᠪᠡᠶᠡᠯᠡᠬᠦᠯᠪᠡ᠃ ᠬᠤᠶᠠᠷ ᠲᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠶᠢ ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠳᠣᠲᠣᠭᠠᠳᠤ ᠳᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠤᠷᠢᠳ ᠢᠶᠠᠷ ᠲᠣᠬᠢᠷᠠᠭᠤᠯᠤᠨ ᠬᠡᠷᠡᠭᠯᠡᠬᠦ ᠵᠠᠭᠪᠤᠷ ᠢᠶᠠᠷ ᠳᠠᠮᠵᠢᠭᠤᠯᠤᠨ᠂ ᠲᠡᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠰᠤᠯᠠ ᠪᠠᠶᠢᠬᠤ ᠨᠣᠷᠮ᠎ᠠ ᠶᠢ ᠪᠠᠭᠤᠷᠠᠭᠤᠯᠤᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠪᠠ᠃ ᠭᠤᠷᠪᠠ ᠳᠤ᠂ ᠬᠡᠷᠡᠭᠯᠡᠵᠦ ᠪᠠᠶᠢᠭ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠶᠠᠪᠤᠳᠠᠯ ᠤᠨ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠲᠠᠪᠴᠠᠩ ᠢᠶᠠᠷ ᠰᠠᠭᠤᠷᠢ ᠪᠣᠯᠭᠠᠵᠤ᠂ ᠰᠠᠯᠠᠭ᠎ᠠ ᠮᠥᠴᠢᠷ ᠤᠨ ᠳᠣᠲᠣᠭᠠᠳᠤ ᠶᠢᠨ OA ᠬᠠᠮᠵᠢᠯᠴᠠᠨ ᠠᠯᠪᠠᠯᠠᠬᠤ ᠰᠢᠰᠲ᠋ᠧᠮ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠡᠰᠡᠭ ᠤᠨ ᠬᠠᠮᠢᠶᠠᠷᠤᠯᠲᠠ ᠶᠢᠨ ᠳᠠᠪᠠᠭᠤᠯᠢᠭ ᠲᠠᠢ ᠤᠶᠠᠯᠳᠤᠭᠤᠯᠤᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠤᠪᠢᠷᠠᠭᠤᠯᠵᠤ᠂ ᠡᠳ᠋ ᠤᠨ ᠶᠠᠪᠤᠳᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠲᠠᠩᠰᠠᠨ ᠤ ᠶᠠᠪᠤᠳᠠᠯ ᠤᠨ ᠬᠠᠮᠢᠶᠠᠷᠤᠯᠲᠠ ᠶᠢ ᠴᠠᠭ ᠲᠤᠬᠠᠶ ᠳᠤ ᠨᠢ ᠮᠡᠳᠡᠭᠳᠡᠬᠦ ᠶᠢ ᠪᠡᠶᠡᠯᠡᠭᠦᠯᠵᠦ᠂ ᠲᠠᠩᠰᠠ ᠪᠠ ᠪᠣᠳᠠᠲᠤ ᠶᠠᠪᠤᠳᠠᠯ ᠤᠨ ᠵᠣᠬᠢᠴᠠᠯᠳᠤᠬᠤ ᠬᠡᠮᠵᠢᠶ᠎ᠡ ᠶᠢ ᠥᠨᠳᠥᠷ ᠪᠦᠲᠦᠮᠵᠢᠲᠡᠶ ᠪᠠᠷ ᠪᠡᠶᠡᠯᠡᠬᠦᠯᠪᠡ᠃    ᠭᠤᠷᠪᠠ᠂ ᠦᠷ᠎ᠡ ᠳ᠋ᠦᠩ ᠢ ᠴᠢᠩᠭᠠᠷᠠᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠦᠵᠡᠯ ᠤᠬᠠᠮᠰᠠᠷ ᠢ ᠳᠡᠭᠡᠭᠰᠢᠯᠡᠬᠦᠯᠪᠡ     ᠤᠬᠠᠭᠤᠯᠤᠨ ᠲᠦᠭᠡᠮᠡᠯᠵᠢᠭᠦᠯᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠬᠦ᠂ ᠢᠯᠭᠠᠷᠠᠭᠤᠯᠤᠨ ᠪᠠᠶᠢᠴᠠᠭᠠᠵᠤ ᠥᠪᠡᠰᠦᠪᠡᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠲᠠᠯ᠎ᠠ ᠶᠢᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠬᠤᠯᠠᠴᠢᠯᠠᠬᠤ ᠦᠵᠡᠯ ᠰᠠᠨᠠᠭ᠎ᠠ ᠤᠬᠠᠮᠰᠠᠷ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠬᠠᠮᠠᠭᠠᠯᠠᠯᠲᠠ ᠶᠢᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠷᠠᠭᠤᠯᠪᠠ᠃ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠠᠩᠬᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠭᠴᠢ ᠪᠣᠯ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠨ᠂ ᠨᠢᠭᠡᠴᠡ ᠶᠢᠨ ᠬᠠᠷᠢᠭᠤᠴᠠᠯᠭᠠᠲᠠᠨ ᠨᠢ ᠲᠣᠰ ᠨᠢᠭᠡᠴᠡ ᠶᠢᠨ ᠢᠶᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠤ ᠬᠠᠮᠲᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠢᠰᠲ᠋ᠧᠮᠵᠢᠭᠦᠯᠦᠨ ᠬᠠᠮᠢᠶᠠᠷᠬᠤ ᠡᠩᠨᠡᠭᠡ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠪᠡ᠃    ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠪᠣᠯ ︽ᠠᠷᠪᠢᠴᠢ ᠭᠠᠮᠲᠠᠶ ᠠᠮᠢᠳᠤᠷᠠᠬᠤ︾ ᠶᠢ ᠠᠬᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠦᠷᠭᠦᠯᠵᠢᠯᠡᠨ ᠢᠳᠡᠪᠬᠢᠲᠡᠶ ᠰᠦᠪᠡᠭᠴᠢᠯᠡᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠳᠣᠭᠢᠷᠠᠭᠤᠯᠬᠤ᠂ ᠬᠠᠮᠢᠶᠠᠷᠬᠤ ᠪᠠ ᠰᠢᠢᠳᠪᠦᠷᠢᠯᠡᠬᠦ ᠰᠠᠶᠢᠨ ᠣᠷᠴᠢᠯ ᠢ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠭᠰᠠᠨ ᠥᠭᠡᠷᠡᠴᠢᠯᠡᠯᠲᠡ ᠬᠥᠭᠵᠢᠯᠲᠡ ᠶᠢ ᠪᠠᠲᠤᠯᠠᠬᠤ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号