ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ ᠡᠳ᠋ ᠤᠨ ᠶᠠᠪᠤᠳᠠᠯ ᠪᠠ ᠨᠢᠭᠲᠠᠯᠠᠨ ᠪᠤᠳᠤᠬᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/11/5
    ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠨᠢ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ᠂ ᠡᠳ᠋ ᠤᠨ ᠵᠠᠰᠠᠭ ᠤᠨ ᠰᠠᠬᠢᠯᠭ᠎ᠠ ᠪᠠᠲᠤ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠴᠢᠬᠤᠯᠠ  ᠦᠢᠯᠡᠳᠦᠯ ᠦᠵᠡᠭᠦᠯᠪᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢ ᠢᠳᠡᠪᠬᠢᠲᠡᠶ ᠪᠠᠶᠢᠭᠤᠯᠬᠤ ᠪᠠᠷ ᠳᠠᠮᠵᠢᠭᠤᠯᠤᠨ᠂ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃    ᠨᠢᠭᠡ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ︽ᠪᠠᠶᠢᠭᠤᠯᠵᠤ︾᠂ ᠲᠦᠷᠢᠮ ᠤᠨ ᠰᠠᠭᠤᠷᠢ ᠶᠢ ᠪᠠᠲᠤᠳᠬᠠᠪᠠ     ᠶᠣᠰᠣ ᠳᠦᠷᠢᠮ ᠦᠭᠡᠢ ᠪᠣᠯ ᠬᠡᠪ ᠵᠠᠩᠰᠢᠯ ᠪᠦᠷᠢᠯᠳᠦᠵᠦ ᠴᠢᠳᠠᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠦᠷᠢᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ 2024 ᠣᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠲᠦᠷᠢᠮ ᠤᠨ ᠪᠢᠴᠢᠭ ᠮᠠᠲ᠋ᠧᠷᠢᠶᠠᠯ ᠳᠤ ᠤᠷᠢᠳ ᠬᠤᠵᠢᠳ ᠵᠠᠰᠠᠪᠤᠷᠢ ᠣᠷᠣᠭᠤᠯᠪᠠ᠃ ᠰᠠᠯᠠᠭ᠎ᠠ ᠮᠥᠴᠢᠷ ᠤᠨ ᠳᠣᠲᠣᠭᠠᠳᠤ ᠶᠢᠨ ᠡᠳ᠋ ᠤᠨ ᠶᠠᠪᠤᠳᠠᠯ ᠤᠨ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠳᠤ ᠨᠢᠭᠲᠠᠯᠠᠨ ᠪᠤᠳᠤᠬᠤ ᠬᠢᠨᠠᠯᠲᠠ ᠲᠠᠯᠪᠢᠬᠤ ᠦᠨᠳᠦᠰᠦᠯᠡᠯ ᠢ ᠪᠠᠲᠤᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠠᠵᠢᠯ ᠢ ᠤᠷᠤᠭᠰᠢᠲᠠᠶ ᠥᠷᠨᠢᠭᠦᠯᠬᠦ ᠳᠤ ᠪᠦᠲᠦᠮᠵᠢᠲᠡᠶ ᠪᠠᠲᠤᠯᠠᠭ᠎ᠠ ᠬᠠᠩᠭᠠᠪᠠ᠃    ᠬᠤᠶᠠᠷ᠂ ︽ᠰᠢᠮᠳᠠᠭᠤᠯᠬᠤ︾ ᠶᠢ ᠦᠨᠡᠨᠬᠦ ᠳᠣᠪᠤᠶᠢᠯᠭᠠᠵᠤ᠂ ᠬᠢᠨᠠᠯᠲᠠ ᠬᠠᠮᠢᠶᠠᠷᠤᠯᠲᠠ ᠶᠢ ᠪᠦᠷᠢᠨ ᠪᠦᠷᠬᠦᠬᠦᠯᠪᠡ    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠪᠠᠶᠢᠬᠤ ᠠᠷᠭ᠎ᠠ ᠮᠠᠶ᠋ᠢᠭ ᠢ ᠬᠡᠷᠡᠭᠯᠡᠨ ᠬᠠᠷᠢᠶ᠎ᠠ ᠨᠢᠭᠡᠴᠡ ᠳᠡᠭᠡᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠬᠦᠯᠪᠡ᠃ ᠨᠢᠭᠡ ᠳᠤ᠂ ᠰᠠᠯᠠᠭ᠎ᠠ ᠮᠥᠴᠢᠷ ᠤᠨ ᠳᠣᠲᠣᠭᠠᠳᠤ ᠶᠢᠨ ᠡᠵᠡᠮᠳᠡᠯ ᠬᠠᠮᠢᠶᠠᠷᠤᠯᠲᠠ ᠶᠢᠨ ᠰᠢᠰᠲ᠋ᠧᠮ ᠪᠠ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠢᠶᠠᠷ ᠳᠠᠮᠵᠢᠭᠤᠯᠤᠨ᠂ ᠬᠠᠷᠢᠶ᠎ᠠ ᠨᠢᠭᠡᠴᠢ ᠶᠢᠨ ᠢᠶᠠᠨ ᠲᠥᠰᠦᠪ ᠤᠨ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ ᠦᠨᠡᠯᠡᠯᠲᠡ ᠪᠠ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠨᠢᠭᠡᠴᠢ ᠶᠢᠨ ᠠᠵᠤ ᠠᠬᠤᠢ ᠶᠢᠨ ᠠᠵᠢᠯᠯᠠᠭ᠎ᠠ ᠶᠢ ᠬᠥᠳᠡᠯᠦᠩᠭᠦᠢ ᠪᠠᠷ ᠰᠢᠪᠠᠳᠠᠨ ᠵᠢᠯᠣᠭᠤᠳᠬᠤ ᠶᠢ ᠪᠡᠶᠡᠯᠡᠬᠦᠯᠪᠡ᠃ ᠬᠤᠶᠠᠷ ᠲᠤ᠂ ᠵᠢᠯ ᠪᠦᠷᠢ ᠶᠢᠨ ᠡᠳ᠋ ᠤᠨ ᠶᠠᠪᠤᠳᠠᠯ ᠤᠨ ᠳᠣᠲᠣᠭᠠᠳᠤ ᠬᠢᠨᠠᠨ ᠪᠣᠳᠣᠬᠤ ᠰᠢᠰᠲ᠋ᠧᠮ ᠤᠨ ᠡᠳ᠋ ᠤᠨ ᠶᠠᠪᠤᠳᠠᠯ ᠤᠨ ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠤᠨ᠂ ᠡᠯ᠎ᠡ ᠨᠢᠭᠡᠴᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠳᠦᠷᠢᠮ ᠢ ᠵᠢᠷᠤᠮᠵᠢᠭᠤᠯᠬᠤ᠂ ᠡᠳ᠋ ᠤᠨ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠵᠡᠷᠭᠡ ᠲᠠᠯ᠎ᠠ ᠪᠠᠷ ᠪᠣᠳᠠᠲᠤ ᠭᠠᠵᠠᠷ ᠲᠤᠨᠢ ᠬᠢᠨᠠᠨ ᠪᠠᠶᠢᠴᠠᠭᠠᠯᠲᠠ ᠬᠢᠵᠦ᠂ ᠨᠢᠭᠲᠠᠯᠠᠨ ᠪᠣᠳᠣᠬᠤ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ ᠬᠠᠷᠢᠶ᠎ᠠ ᠨᠢᠭᠡᠴᠡ ᠶᠢᠨ ᠲᠤᠬᠠᠶᠢᠯᠠᠭᠰᠠᠨ ᠠᠵᠢᠯ ᠪᠣᠯᠤᠨ ᠠᠵᠤ ᠠᠬᠤᠶ ᠶᠢᠨ ᠠᠵᠢᠯᠯᠠᠭ᠎ᠠ ᠶᠢᠨ ᠪᠦᠬᠦ ᠶᠠᠪᠤᠴᠠ ᠳᠤ ᠲᠤᠤᠱᠯᠠᠭᠳᠠᠵᠤ ᠪᠠᠶᠢᠭ᠎ᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠶᠢ ᠠᠰᠠᠭᠤᠳᠠᠯ ᠢ ᠢᠯᠡᠷᠡᠭᠦᠯᠬᠦ ︽ᠲᠣᠮᠣᠷᠠᠭᠤᠯᠤᠭᠴᠢ ᠰᠢᠯ︾ ᠪᠣᠯᠭᠠᠵᠤ᠂ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠶᠢ ᠪᠡᠶᠡᠯᠡᠬᠦᠯᠪᠡ᠃    ᠭᠤᠷᠪᠠ᠂ ︽ᠪᠣᠳᠠᠲᠠᠶ︾ ᠶᠢ ᠲᠠᠰᠤᠷᠠᠯᠲᠠ ᠥᠬᠡᠶ ᠴᠢᠩᠭᠠᠳᠬᠠᠵᠤ᠂ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢ ᠤᠯᠠᠷᠢᠯᠠᠭᠤᠯᠪᠠ    ᠬᠠᠮᠵᠢᠯᠴᠠᠨ ᠬᠥᠳᠡᠯᠦᠯᠴᠡᠬᠦ᠂ ᠪᠦᠲᠦᠮᠵᠢᠲᠡᠶ ᠵᠠᠯᠠᠷᠠᠭᠤᠯᠤᠨ ᠵᠠᠰᠠᠬᠤ ᠶᠢ ᠪᠠᠷᠢᠮᠲᠠᠯᠠᠨ᠎ᠠ᠃ ᠨᠢᠭᠡ ᠳᠤ᠂ ᠮᠥᠷᠳᠡᠨ ᠬᠢᠨᠠᠨ ᠵᠢᠯᠣᠭᠤᠳᠬᠤ ᠲᠣᠭᠲᠠᠴᠠ ᠶᠢ ᠴᠢᠩᠭᠠᠳᠬᠠᠪᠠ᠃ ᠡᠳ᠋ ᠤᠨ ᠶᠠᠪᠤᠳᠠᠯ ᠤᠨ ᠬᠢᠨᠠᠯᠲᠠ ᠶᠢᠨ ᠢᠯᠡᠷᠡᠭᠦᠯᠦᠭᠰᠡᠨ ᠠᠰᠠᠭᠤᠳᠠᠯ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠴᠡ ᠶᠢᠨ ᠡᠳ᠋ ᠤᠨ ᠶᠠᠪᠤᠳᠠᠯ ᠤᠨ ᠣᠨ ᠤ ᠰᠢᠯᠭᠠᠨ ᠬᠢᠨᠠᠬᠤ ᠠᠭᠤᠯᠭ᠎ᠠ ᠳᠤ ᠤᠷᠤᠭᠤᠯᠪᠠ᠃ ︽ᠬᠢᠨᠠᠯᠲᠠ ᠲᠠᠯᠪᠢᠭᠰᠠᠨ ᠦᠷ᠎ᠡ ᠳ᠋ᠦᠩ ᠢ ᠬᠠᠷᠢᠭᠤ ᠲᠤᠰᠬᠠᠬᠤ᠂ ᠬᠠᠷᠢᠭᠤ ᠲᠤᠰᠬᠠᠭᠰᠠᠨ ᠦᠷ᠎ᠡ ᠳ᠋ᠦᠩ ᠢ ᠬᠡᠷᠡᠭᠯᠡᠬᠦ︾ ᠶᠢ ᠦᠨᠡᠨᠬᠦ ᠪᠡᠶᠡᠯᠡᠭᠦᠯᠬᠦ ᠶᠢᠨ ᠬᠠᠮᠲᠤ ᠦᠷ᠎ᠡ ᠳ᠋ᠦᠩ ᠢ ᠰᠠᠯᠠᠭ᠎ᠠ ᠮᠥᠴᠢᠷ ᠤᠨ ᠪᠤᠰᠤᠳ ᠭᠠᠵᠠᠷ ᠲᠠᠰᠤᠭ ᠯᠤᠭ᠎ᠠ ᠬᠠᠮᠲᠤᠪᠠᠷ ᠡᠳ᠋ᠯᠡᠵᠦ᠂ ᠬᠢᠨᠠᠯᠲᠠ ᠲᠠᠯᠪᠢᠭᠰᠠᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠢᠨᠠᠯᠲᠠ ᠲᠠᠯᠪᠢᠭᠰᠠᠨ ᠦᠷ᠎ᠡ ᠪᠦᠲᠦᠮᠵᠢ ᠶᠢ ᠳᠡᠭᠡᠭᠰᠢᠯᠡᠬᠦᠯᠪᠡ᠃ ᠬᠤᠶᠠᠷ ᠲᠤ᠂ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠬᠢᠨᠠᠯᠲᠠ ᠲᠠᠯᠪᠢᠬᠤ ᠦᠷ᠎ᠡ ᠪᠦᠲᠦᠮᠵᠢ ᠶᠢᠨ ᠦᠨᠳᠦᠰᠦᠨ ᠬᠡᠮᠵᠢᠭᠦᠷ ᠪᠣᠯᠭᠠᠬᠤ ᠶᠢ ᠪᠠᠷᠢᠮᠳᠠᠯᠠᠪᠠ᠃ ᠪᠦᠲᠦᠮᠵᠢᠲᠡᠶ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠵᠦ᠂ ︽ᠨᠡᠪᠲᠡᠷᠡᠯᠴᠡᠨ ᠵᠣᠬᠢᠴᠠᠭᠤᠯᠬᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠦᠷ᠎ᠡ ᠪᠦᠲᠦᠮᠵᠢ ᠳᠠᠪᠬᠤᠴᠠᠬᠤ︾ ᠬᠢᠨᠠᠯᠲᠠ ᠲᠠᠯᠪᠢᠬᠤ ᠦᠢᠯᠡᠳᠦᠯ ᠢ ᠲᠠᠰᠤᠷᠠᠯᠲᠠ ᠥᠬᠡᠶ ᠪᠠᠳᠠᠷᠠᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠬᠦ ᠲᠠᠯ᠎ᠠ ᠪᠠᠷ ᠬᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠯᠠᠪᠯᠠᠯᠲᠠ ᠪᠣᠯᠭᠠᠬᠤ ᠦᠨᠳᠦᠰᠦᠯᠡᠯ ᠬᠠᠩᠭᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号