︽ᠭᠤᠷᠪᠠ ᠶᠢ ᠴᠢᠩᠭᠠᠳᠬᠠᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠰᠣᠶᠣᠯ ᠤᠨ ᠠᠵᠤ ᠦᠢᠯᠡᠰ ᠤᠨ ᠨᠢᠭᠡᠴᠡ ᠶᠢ ᠬᠢᠨᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ
ᠨᠡᠶᠢᠲᠡᠯᠡᠭᠰᠡᠨ ᠴᠠᠭ᠄
2024/11/5
    2024 ᠣᠨ ᠤ ᠰᠣᠶᠣᠯ ᠤᠨ ᠠᠵᠤ ᠦᠢᠯᠡᠰ ᠤᠨ ᠨᠢᠭᠡᠴᠡ ᠶᠢ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠭᠦᠨᠵᠡᠭᠡᠶ ᠰᠤᠳᠤᠯᠵᠤ᠂ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠵᠤ᠂ ︽ᠭᠤᠷᠪᠠ ᠶᠢ ᠴᠢᠩᠭᠠᠳᠬᠠᠬᠤ︾ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠪᠠ᠃    ᠨᠢᠭᠡ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯ ᠤᠨ ᠰᠠᠭᠤᠷᠢ ᠪᠠᠨ ᠪᠠᠲᠤᠳᠬᠠᠪᠠ      2024 ᠣᠨ ᠤ ᠪᠥᠬᠦ ᠣᠷᠣᠨ ᠤ ᠨᠡᠶᠢᠭᠡᠮ ᠪᠠ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠨᠢᠭᠡ ᠲᠠᠯ᠎ᠠ ᠪᠠᠷ᠂ ᠡᠯ᠎ᠡ ᠠᠶᠢᠮᠠᠭ ᠬᠤᠲᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠳ ᠢᠶᠠᠨ ᠳᠠᠭᠠᠭᠤᠯᠤᠨ ︽ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠠᠩᠭᠢᠯᠠᠯ ︵2018︶︾ ᠢ ᠨᠠᠷᠢᠨ ᠬᠢᠨᠠᠮᠠᠭᠠᠶ ᠰᠤᠷᠤᠯᠴᠠᠵᠤ᠂ ᠰᠣᠶᠣᠯ ᠤᠨ ᠠᠵᠤ ᠦᠢᠯᠡᠰ ᠤᠨ ᠪᠦᠷᠢᠳᠬᠡᠯ ᠤᠨ ᠬᠠᠮᠢᠶ᠎ᠠ ᠪᠥᠬᠦᠶ ᠤᠬᠠᠭᠳᠠᠬᠤᠨ ᠵᠢᠴᠢ ᠠᠩᠭᠢᠯᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠠᠵᠢᠯ ᠲᠥᠷᠥᠯ ᠤᠨ ᠨᠢᠭᠡᠴᠡ ᠶᠢ ᠰᠢᠯᠢᠨ ᠰᠣᠩᠭᠤᠬᠤ ᠪᠠ ᠢᠯᠭᠠᠨ ᠲᠠᠨᠢᠬᠤ ᠶᠢ ᠭᠤᠤᠯᠳᠠᠯᠭ᠎ᠠ ᠲᠠᠢ ᠠᠩᠬᠠᠷᠴᠤ᠂ ᠰᠣᠶᠣᠯ ᠤᠨ ᠠᠵᠤ ᠦᠢᠯᠡᠰ ᠤᠨ ᠨᠢᠭᠡᠴᠡ ᠶᠢ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠠᠵᠢᠯ ᠤᠨ ᠵᠢᠷᠤᠮᠵᠢᠭᠤᠨ ᠪᠥᠭᠡᠳ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠪᠠ᠃ ᠨᠥᠭᠦᠭᠡ ᠲᠠᠯ᠎ᠠ ᠪᠠᠷ᠂ ᠲᠤᠰᠬᠠᠶ ᠮᠡᠷᠭᠡᠵᠢᠯ ᠤᠨ ᠠᠵᠢᠯᠲᠠᠨ ᠪᠣᠳᠠᠲᠤ ᠵᠢᠱᠢᠶ᠎ᠡ ᠲᠠᠢ ᠪᠠᠨ ᠤᠶᠠᠯᠳᠤᠭᠤᠯᠤᠨ ᠲᠤᠭ᠎ᠠ ᠪᠦᠷᠢᠳᠬᠡᠯ ᠤᠨ ᠡᠭᠦᠯᠡᠨ ᠲᠣᠮᠣ ᠳ᠋ᠠᠶᠢᠲ᠋ᠠ ᠶᠢᠨ ᠲᠠᠪᠴᠠᠩ ᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠮᠠᠭᠠᠳᠯᠠᠨ ᠲᠣᠭᠲᠠᠭᠠᠬᠤ ᠬᠤᠪᠢᠶᠠᠷᠢ ᠰᠢᠰᠲ᠋ᠧᠮ ᠤᠨ ᠠᠵᠢᠯᠯᠠᠭᠤᠯᠬᠤ ᠵᠢᠷᠤᠮ ᠪᠠ ᠠᠩᠬᠠᠷᠬᠤ  ᠵᠦᠢᠯᠡᠰ ᠢ ᠨᠠᠷᠢᠨ ᠲᠠᠶᠢᠯᠪᠤᠷᠢᠯᠠᠵᠤ᠂ ᠲᠤᠬᠠᠶᠢᠯᠠᠭᠰᠠᠨ ᠠᠵᠢᠯ ᠤᠨ ᠠᠵᠢᠯᠲᠠᠨ ᠤ ᠮᠠᠭᠠᠳᠯᠠᠨ ᠲᠣᠭᠲᠠᠭᠠᠬᠤ ᠰᠢᠰᠲ᠋ᠧᠮ ᠤᠨ ᠬᠡᠷᠡᠭᠯᠡᠬᠦ ᠠᠷᠭ᠎ᠠ ᠶᠢ ᠡᠵᠡᠮᠰᠢᠬᠦ ᠶᠢ ᠴᠢᠩᠭᠠᠳᠬᠠᠵᠤ᠂ ᠡᠯ᠎ᠡ ᠠᠶᠢᠮᠠᠭ ᠬᠤᠲᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠤ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠬᠤᠶᠠᠷ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠪᠠ     ᠰᠣᠶᠣᠯ ᠤᠨ ᠠᠵᠤ ᠦᠢᠯᠡᠰ ᠤᠨ ᠨᠢᠭᠡᠴᠡ ᠶᠢ ᠦᠨᠡᠮᠰᠢᠬᠦ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠮᠡᠳᠡᠭᠳᠡᠯ ᠲᠠᠢ ᠬᠠᠷᠢᠴᠠᠭᠤᠯᠵᠤ᠂ ᠠᠵᠢᠯ ᠤᠨ ᠠᠭᠤᠯᠭ᠎ᠠ ᠪᠠᠨ ᠬᠢᠨᠠᠮᠠᠭᠠᠶ ᠡᠮᠬᠢᠯᠡᠨ᠂ ᠠᠵᠢᠯ ᠤᠨ ᠪᠣᠳᠠᠲᠠᠶ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠡᠯ᠎ᠡ ᠠᠶᠢᠮᠠᠭ ᠬᠤᠲᠠ ᠳᠤ ᠰᠣᠶᠣᠯ ᠤᠨ ᠨᠢᠭᠡᠴᠡ ᠶᠢ ᠬᠢᠨᠠᠨ ᠬᠠᠷᠭᠤᠭᠤᠯᠬᠤ ᠲᠣᠳᠣᠷᠬᠠᠶ ᠬᠠᠭᠤᠳᠠᠰᠤ ᠪᠠᠭᠤᠯᠭᠠᠵᠤ᠂ ᠬᠢᠨᠠᠨ ᠬᠠᠷᠭᠤᠭᠤᠯᠵᠤ ᠦᠨᠡᠮᠰᠢᠬᠦ ᠳᠤ ᠠᠩᠬᠠᠷᠬᠤ ᠵᠦᠢᠯ ᠢ ᠭᠤᠣᠯᠳᠠᠯᠭ᠎ᠠ ᠲᠠᠢ ᠲᠣᠳᠣᠷᠬᠠᠶᠢᠯᠠᠵᠤ᠂ ᠡᠯ᠎ᠡ ᠠᠶᠢᠮᠠᠭ ᠬᠤᠲᠠ ᠶᠢ ᠠᠵᠢᠯ ᠲᠥᠷᠥᠯ᠂ ᠭᠤᠣᠯ ᠪᠣᠯᠬᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠨᠢ ᠲᠣᠳᠣᠷᠬᠠᠶ ᠦᠭᠡᠶ ᠨᠢᠭᠡᠴᠡ ᠶᠢ ᠭᠤᠣᠯᠳᠠᠯᠭ᠎ᠠ ᠲᠠᠢ ᠪᠠᠶᠢᠴᠠᠭᠠᠨ ᠯᠠᠪᠯᠠᠵᠤ᠂ ᠠᠵᠢᠯ ᠢ ᠲᠦᠯᠬᠢᠨ ᠠᠬᠢᠭᠤᠯᠬᠤ ᠶᠠᠪᠤᠴᠠ ᠳᠤ ᠡᠯ᠎ᠡ ᠠᠶᠢᠮᠠᠭ ᠬᠤᠲᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠤ ᠳᠤᠷᠠᠳᠤᠭᠰᠠᠨ ᠠᠰᠠᠭᠤᠯᠲᠠ ᠳᠤ ᠨᠠᠷᠢᠨ ᠨᠢᠮᠪᠠᠶ ᠬᠠᠷᠢᠭᠤᠯᠲᠠ ᠥᠭᠴᠦ᠂ ᠰᠣᠶᠣᠯ ᠤᠨ ᠠᠵᠤ ᠦᠢᠯᠡᠰ ᠤᠨ ᠨᠢᠭᠡᠴᠡ ᠶᠢ ᠬᠢᠨᠠᠨ ᠬᠠᠷᠭᠤᠭᠤᠯᠵᠤ ᠦᠨᠡᠮᠰᠢᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠭᠤᠷᠪᠠ᠂ ᠬᠢᠨᠠᠨ ᠬᠠᠷᠭᠤᠭᠤᠯᠬᠤ ᠪᠣᠭᠤᠮᠲᠠ ᠶᠢ ᠰᠠᠬᠢᠬᠤ ᠶᠢ ᠴᠢᠩᠭᠠᠳᠬᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠰᠤᠷᠪᠤᠯᠵᠢᠯᠠᠪᠠ      ᠨᠢᠭᠡ ᠲᠠᠯ᠎ᠠ ᠪᠠᠷ᠂ ᠡᠯ᠎ᠡ ᠠᠶᠢᠮᠠᠭ ᠬᠤᠲᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ︽ᠳ᠋ᠢᠶᠠᠩᠬᠤᠸᠠ ᠪᠠᠷ ᠬᠢᠨᠠᠨ ᠬᠠᠷᠭᠤᠭᠤᠯᠬᠤ︾ ᠪᠠᠷ ᠳᠠᠮᠵᠢᠭᠤᠯᠤᠨ᠂ ᠨᠢᠭᠡᠴᠡ ᠶᠢᠨ ᠢᠶᠠᠨ ᠪᠣᠳᠠᠲᠠᠶ ᠪᠠᠶᠢᠳᠠᠯ ᠢ ᠨᠢᠭᠡᠳ ᠨᠢᠭᠡ ᠪᠠᠷ ᠨᠤᠲᠠᠯᠠᠨ ᠲᠣᠭᠲᠠᠭᠠᠵᠤ᠂ ᠡᠯ᠎ᠡ ᠰᠣᠶᠣᠯ ᠤᠨ ᠠᠵᠤ ᠦᠢᠯᠡᠰ ᠤᠨ ᠨᠢᠭᠡᠴᠡ ᠶᠢᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠵᠡᠷᠭᠡ ᠣᠨᠣᠪᠴᠢᠲᠠᠶ ᠮᠡᠳᠡᠭᠡ ᠵᠠᠩᠭᠢ ᠶᠢ ᠪᠦᠬᠦ ᠲᠠᠯ᠎ᠠ ᠪᠠᠷ ᠡᠵᠡᠮᠰᠢᠪᠡ᠃ ᠨᠥᠭᠦᠭᠡ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠬᠤᠶᠠᠷ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠰᠡᠵᠢᠭᠲᠡᠶ ᠨᠢᠭᠡᠴᠡ ᠳᠤ ᠲᠤᠬᠠᠶ ᠶᠢᠨ ᠭᠠᠵᠠᠷ ᠲᠤᠨᠢ ᠣᠶᠢᠯᠠᠭᠠᠯᠲᠠ ᠪᠠ ᠵᠢᠯᠣᠭᠤᠳᠣᠯᠭ᠎ᠠ ᠬᠢᠵᠦ᠂ ᠠᠵᠤ ᠠᠬᠤᠶᠢᠯᠠᠯ ᠤᠨ ᠠᠵᠢᠯᠲᠠᠨ ᠤ ᠳᠤᠷᠠᠳᠤᠭᠰᠠᠨ ᠠᠰᠠᠭᠤᠯᠲᠠ ᠶᠢ ᠨᠢᠭᠤᠷᠲᠠᠨ ᠬᠠᠷᠢᠭᠤᠯᠪᠠ᠃ ᠣᠯᠠᠨ ᠲᠠᠯ᠎ᠠ ᠠᠴᠠ᠂ ᠣᠯᠠᠨ ᠠᠷᠭ᠎ᠠ ᠮᠠᠶ᠋ᠢᠭ ᠢᠶᠠᠷ ᠬᠢᠨᠠᠨ ᠬᠠᠷᠭᠤᠭᠤᠯᠵᠤ ᠵᠢᠭᠰᠠᠭᠠᠨ ᠪᠠᠶᠢᠴᠠᠭᠠᠬᠤ ᠪᠠᠷ ᠳᠠᠮᠵᠢᠭᠤᠯᠤᠨ᠂ ᠰᠣᠶᠣᠯ ᠤᠨ ᠠᠵᠤ ᠦᠢᠯᠡᠰ ᠤᠨ ᠨᠢᠭᠡᠴᠡ ᠶᠢᠨ ᠪᠦᠷᠢᠳᠭᠡᠬᠦ ᠶᠤᠰᠤᠲᠠᠢ ᠶᠢ ᠨᠢ ᠪᠦᠬᠦᠨ ᠢ ᠪᠦᠷᠢᠳᠭᠡᠵᠦ᠂ ᠦᠷ᠎ᠡ ᠳ᠋ᠦᠩ ᠤᠨ ᠦᠨᠡᠨ ᠪᠣᠳᠠᠲᠠᠶ ᠨᠠᠶᠢᠳᠠᠪᠤᠷᠢᠲᠠᠶ ᠪᠠᠶᠢᠬᠤ ᠶᠢ ᠪᠠᠲᠤᠯᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号