ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠨᠡᠶᠢᠭᠡᠮᠯᠢᠭ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2024/11/5
    11 ᠳ᠋ᠤᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠣᠣ ᠵᠢᠶᠧ ᠨᠡᠷ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠨᠡᠶᠢᠭᠡᠮᠯᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠴᠤᠸᠠᠨ ᠵᠢᠩ ᠶᠠᠷᠢᠯᠴᠠᠬᠤ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠸᠠᠩ ᠴᠤᠸᠠᠨ ᠵᠢᠩ ᠨᠡᠷ ᠵᠤᠤ ᠵᠢᠶᠧ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠵᠤᠤ ᠵᠢᠶᠧ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠪᠠᠨ ᠲᠠᠨᠢᠯᠴᠠᠭᠤᠯᠵᠤ᠂ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠨᠡᠶᠢᠭᠡᠮᠯᠢᠭ ᠤᠨ ᠤᠢᠢᠷ᠎ᠠ ᠶᠢᠨ ᠬᠤᠶᠠᠷ ᠵᠢᠯ ᠳᠤ ᠲᠦᠷᠢᠮ ᠶᠣᠰᠣᠭᠠᠷ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢᠶᠠᠨ ᠨᠠᠷᠢᠨ ᠲᠠᠨᠢᠯᠴᠠᠭᠤᠯᠪᠠ᠃ ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠨᠡᠶᠢᠭᠡᠮᠯᠢᠭ ᠲᠠᠢ ᠰᠡᠳᠦᠪ ᠤᠨ ᠰᠤᠳᠤᠯᠭᠠᠨ᠂ ᠨᠡᠶᠢᠭᠡᠮᠯᠢᠭ ᠤᠨ ᠪᠠᠶᠢᠭᠤᠯᠤᠯᠲᠠ ᠵᠢᠴᠢ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠤᠶᠢᠰᠢᠳᠠ ᠶᠢᠨ ᠨᠡᠶᠢᠭᠡᠮᠯᠢᠭ ᠤᠨ ᠠᠵᠢᠯ ᠤᠨ ᠳᠤᠮᠳᠠ ᠵᠥᠪ ᠤᠯᠤᠰ ᠲᠦᠷᠦ ᠶᠢᠨ ᠴᠢᠭᠯᠡᠯ᠂ ᠡᠷᠳᠡᠮ ᠰᠢᠨᠵᠢᠯᠡᠭᠡᠨ ᠤ ᠤᠳᠤᠷᠢᠳᠤᠮᠵᠢ ᠪᠣᠯᠤᠨ ᠦᠷᠳᠡᠭ ᠤᠨ ᠬᠠᠨᠳᠤᠰᠢ ᠶᠢ ᠪᠠᠷᠢᠮᠲᠠᠯᠠᠬᠤ ᠬᠡᠷᠡᠭᠲᠡᠢ︔ ᠲᠤᠭ᠎ᠠ ᠪᠦᠷᠢᠳᠭᠡᠯ ᠤᠨ ᠲᠣᠰ ᠪᠡᠶ᠎ᠡ ᠶᠢᠨ ᠡᠯᠪᠡᠭ ᠪᠠᠶᠠᠯᠢᠭ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠬᠤ ᠬᠡᠷᠡᠭᠲᠡᠶ᠃ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ ᠬᠢᠭᠡᠳ ᠨᠡᠶᠢᠭᠡᠮᠯᠢᠭ ᠬᠠᠮᠲᠤᠷᠠᠨ ᠰᠡᠳᠦᠪ ᠤᠨ ᠰᠤᠳᠤᠯᠤᠯ ᠢ ᠥᠷᠨᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠬᠤ ᠬᠡᠷᠡᠭᠲᠡᠶ︔ ᠲᠤᠭ᠎ᠠ ᠪᠦᠷᠢᠳᠬᠡᠯ ᠤᠨ ᠨᠡᠶᠢᠭᠡᠮᠯᠢᠭ ᠡᠯᠪᠡᠭ ᠪᠠᠶᠠᠯᠢᠭ ᠣᠯᠠᠨ ᠶᠠᠩᠵᠤ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮᠯᠢᠭ ᠤᠨ ᠨᠥᠯᠥᠭᠡᠯᠡᠬᠦ ᠬᠦᠴᠦᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠯ ᠨᠢᠭᠡᠲᠡᠢ ᠦᠵᠡᠪᠡ᠃    ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠶᠢᠨ ᠠᠯᠪᠠᠨ ᠬᠡᠷ ᠤᠨ ᠡᠷᠬᠢᠯᠡᠭᠴᠢ᠂ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠭᠡ ᠵᠠᠩᠭᠢ ᠬᠢᠭᠡᠳ ᠰᠤᠳᠤᠯᠭᠠᠨ ᠤ ᠬᠡᠯᠲᠡᠰ ᠤᠨ ᠺᠠᠳ᠋ᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠵᠢᠴᠢ ᠬᠡᠰᠡᠭ ᠬᠡᠷᠡᠭ ᠡᠷᠬᠢᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号