ᠶᠡᠷᠦᠩᠬᠡᠢ ᠬᠥᠮᠦᠨ ᠠᠮᠠ ᠨᠢ ᠤᠯᠤᠰ ᠤᠨ ᠪᠠᠶᠢᠳᠠᠯ ᠤᠯᠤᠰ ᠤᠨ ᠬᠦᠴᠦᠨ ᠢ ᠣᠶᠢᠯᠠᠭᠠᠬᠤ᠂ ᠬᠥᠮᠦᠨ ᠠᠮᠠ ᠶᠢᠨ | ᠬᠥᠭᠵᠢᠯᠲᠡ ᠶᠢᠨ ᠲᠥᠯᠥᠪᠵᠢᠭᠦᠯᠭᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠲᠣᠭᠲᠠᠭᠠᠬᠤ᠂ ᠬᠥᠮᠦᠨ ᠠᠮᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠳᠤ ᠴᠥᠮ ᠮᠠᠰᠢ ᠴᠢᠬᠤᠯᠠ ᠠᠴᠢ | ᠬᠤᠯᠪᠣᠭᠳᠠᠯ ᠲᠠᠢ ᠶᠤᠮ᠃ ᠪᠣᠳᠠᠲᠠᠶ ᠢᠯᠡᠷᠡᠯ ᠨᠢ ᠳᠣᠣᠷᠠᠬᠢ ᠮᠡᠲᠦ᠄ | ᠨᠢᠭᠡᠳᠦᠭᠡᠷ ᠲᠤ᠂ ᠶᠡᠷᠦᠩᠬᠡᠢ ᠬᠥᠮᠦᠨ ᠠᠮᠠ ᠶᠢᠨ ᠬᠤᠪᠢᠷᠠᠯᠲᠠ ᠨᠢ ᠬᠥᠳᠡᠯᠮᠦᠷᠢ ᠠᠵᠢᠯ ᠣᠯᠭᠤᠯᠲᠠ᠂ | ᠬᠤᠷᠠᠮᠳᠤᠭᠤᠯᠤᠯ ᠪᠠ ᠬᠡᠷᠡᠭᠯᠡᠭᠡᠨ ᠤ ᠬᠤᠪᠢᠶᠠᠷᠢᠯᠠᠯᠲᠠ ᠶᠢᠨ ᠬᠠᠷᠢᠴᠠᠯ ᠵᠢᠴᠢ ᠵᠠᠬ᠎ᠠ ᠳᠡᠯᠭᠡᠭᠦᠷ ᠤᠨ ᠲᠠᠷᠬᠠᠯᠲᠠ ᠪᠠ | ᠬᠡᠪᠴᠢᠶ᠎ᠡ ᠵᠡᠷᠭᠡ ᠬᠦᠴᠦᠨ ᠵᠦᠢᠯ ᠢ ᠨᠥᠯᠥᠭᠡᠯᠡᠬᠦ ᠪᠠᠷ ᠳᠠᠮᠵᠢᠭᠤᠯᠤᠨ ᠠᠵᠤ ᠠᠬᠤᠢ ᠶᠢᠨ ᠬᠥᠭᠵᠢᠯᠲᠡ ᠳᠤ ᠨᠥᠯᠥᠭᠡ | ᠦᠵᠡᠭᠦᠯᠳᠡᠭ᠃ | ᠬᠤᠶᠠᠳᠤᠭᠠᠷ ᠲᠤ᠂ ᠶᠡᠷᠦᠩᠬᠡᠢ ᠬᠥᠮᠦᠨ ᠠᠮᠠ ᠵᠢᠴᠢ ᠡᠨᠡ ᠬᠦ ᠰᠠᠭᠤᠷᠢᠨ ᠳᠡᠭᠡᠷ᠎ᠡ ᠪᠦᠷᠢᠯᠳᠦᠭᠰᠡᠨ ᠬᠥᠮᠦᠨ | ᠠᠮᠠ ᠶᠢᠨ ᠪᠦᠲᠦᠴᠡ᠂ ᠬᠥᠮᠦᠨ ᠠᠮᠠ ᠶᠢᠨ ᠬᠡᠪ ᠴᠢᠨᠠᠷ ᠵᠡᠷᠭᠡ ᠬᠦᠴᠦᠨ ᠵᠦᠢᠯ ᠤᠨ ᠬᠥᠭᠵᠢᠯᠲᠡ ᠬᠤᠪᠢᠷᠠᠯᠲᠠ ᠨᠢ | ᠨᠢᠭᠡ ᠤᠯᠤᠰ ᠤᠨ ᠠᠰᠠᠷᠠᠮᠵᠢ ᠶᠢᠨ ᠬᠢᠷᠢ ᠬᠡᠮᠵᠢᠶ᠎ᠡ᠂ ᠡᠬᠢ ᠪᠠᠶᠠᠯᠢᠭ ᠤᠨ ᠬᠤᠪᠢᠶᠠᠷᠢᠯᠠᠯᠲᠠ ᠪᠠ ᠨᠡᠶᠢᠭᠡᠮ ᠤᠨ ᠠᠵᠤ | ᠠᠬᠤᠢ ᠶᠢᠨ ᠬᠥᠭᠵᠢᠯᠲᠡ ᠶᠢᠨ ᠲᠠᠯᠳᠠ ᠬᠦᠴᠦᠨ ᠲᠠᠢ ᠬᠤᠯᠪᠣᠭᠳᠠᠵᠤ᠂ ᠡᠭᠦᠨ ᠢᠶᠠᠷ ᠬᠥᠮᠦᠨ ᠠᠮᠠ ᠶᠢᠨ ᠴᠡᠪᠡᠷ | ᠠᠰᠢᠭ ᠪᠤᠶᠤ ᠬᠥᠮᠦᠨ ᠠᠮᠠ ᠶᠢᠨ ᠥᠷᠢᠲᠦᠯ ᠢ ᠪᠦᠷᠢᠯᠳᠦᠭᠦᠯᠬᠦ ᠨᠢ ᠤᠯᠤᠰ ᠤᠨ ᠶᠡᠷᠦᠩᠬᠡᠢ ᠬᠦᠴᠦᠨ ᠢ ᠨᠥᠯᠥᠭᠡᠯᠡᠬᠦ | ᠰᠠᠭᠤᠷᠢ ᠴᠢᠨᠠᠷᠲᠠᠢ ᠬᠦᠴᠦᠨ ᠵᠦᠢᠯ ᠪᠣᠯᠤᠭᠰᠠᠨ ᠪᠠᠶᠢᠨ᠎ᠠ᠃ | ᠭᠤᠷᠪᠠᠳᠤᠭᠠᠷ ᠲᠤ᠂ ᠶᠡᠷᠦᠩᠬᠡᠢ ᠬᠥᠮᠦᠨ ᠠᠮᠠ ᠶᠢᠨ ᠵᠣᠬᠢᠬᠤ ᠬᠡᠪᠴᠢᠶ᠎ᠡ ᠨᠢ ᠤᠯᠤᠰ ᠤᠨ ᠦᠷᠭᠦᠯᠵᠢᠯᠡᠬᠦ | ᠬᠥᠭᠵᠢᠯᠲᠡ ᠳᠤ ᠠᠰᠢᠭᠲᠠᠢ᠃ ᠬᠥᠮᠦᠨ ᠠᠮᠠ ᠶᠢᠨ ᠲᠤᠭ᠎ᠠ ᠬᠡᠮᠵᠢᠶ᠎ᠡ ᠶᠢ ᠡᠬᠢ ᠪᠠᠶᠠᠯᠢᠭ᠂ ᠣᠷᠴᠢᠨ ᠠᠬᠤᠢ ᠶᠢᠨ | ᠳᠠᠭᠠᠭᠠᠴᠠ ᠲᠠᠢ ᠵᠣᠬᠢᠴᠠᠭᠤᠯᠬᠤ ᠬᠡᠷᠡᠭᠲᠡᠢ᠃ ᠬᠥᠮᠦᠨ ᠠᠮᠠ ᠶᠢᠨ ᠬᠡᠪᠴᠢᠶ᠎ᠡ ᠭᠡᠳᠤ ᠶᠡᠬᠡᠳᠴᠦ᠂ ᠨᠡᠮᠡᠭᠳᠡᠯ ᠭᠡᠳᠤ | ᠲᠦᠷᠭᠡᠨ ᠪᠣᠯᠪᠠᠯ ᠡᠬᠢ ᠪᠠᠶᠠᠯᠢᠭ ᠪᠣᠯᠤᠨ ᠣᠷᠴᠢᠨ ᠠᠬᠤᠢ ᠳᠤ ᠳᠠᠷᠤᠯᠲᠠ ᠪᠣᠯᠬᠤ ᠶᠤᠮ︔ ᠬᠥᠮᠦᠨ ᠠᠮᠠ ᠶᠢᠨ | ᠶᠡᠷᠦᠩᠬᠡᠶ ᠬᠡᠮᠵᠢᠶ᠎ᠡ ᠬᠦᠷᠦᠯᠴᠡᠬᠦ ᠦᠭᠡᠢ᠂ ᠪᠠᠰᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠭᠦᠢᠴᠡᠳ ᠬᠥᠮᠦᠨ ᠤ | ᠬᠦᠴᠦᠨ ᠤ ᠬᠥᠷᠥᠩᠭᠡ ᠶᠢᠨ ᠲᠤᠯᠭᠠᠭᠤᠷᠢᠯᠠᠯ ᠬᠠᠩᠭᠠᠵᠤ ᠳᠡᠶᠢᠯᠬᠦ ᠦᠭᠡᠢ᠃ | |