ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/11/9
   11 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ 2024 ᠣᠨ ᠤ 29 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠰᠤᠷᠤᠯᠴᠠᠭᠰᠠᠨ ᠪᠥᠭᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠠᠮᠢᠶ᠎ᠠ ᠪᠥᠬᠦᠶ ᠠᠭᠤᠯᠭ᠎ᠠ ᠶᠢ ᠳᠠᠭᠠᠭᠤᠯᠤᠨ ᠰᠤᠷᠤᠯᠴᠠᠵᠤ ᠲᠠᠶᠢᠯᠤᠮᠵᠢ ᠬᠢᠵᠦ᠂ ᠲᠤᠭ᠎ᠠ ᠪᠦᠷᠢᠳᠬᠡᠯ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠤᠨ ᠬᠢᠨ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠱᠠᠭᠠᠷᠳᠠᠭᠰᠠᠨ ᠨᠢ᠂ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠢᠯᠠᠩᠭᠤᠶ᠎ᠠ ᠤᠳᠤᠷᠢᠳᠬᠤ ᠺᠠᠳ᠋ᠷᠴᠤᠳ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠭᠦᠨᠵᠡᠭᠡᠶ ᠰᠤᠷᠤᠯᠴᠠᠨ᠂ ᠵᠠᠰᠠᠪᠤᠷᠢ ᠤᠷᠤᠭᠤᠯᠤᠭᠰᠠᠨ ᠵᠠᠩᠭᠢᠯᠠᠭ᠎ᠠ ᠶᠢᠨ ᠭᠤᠤᠯᠳᠠᠯᠭ᠎ᠠ᠂ ᠭᠤᠤᠯ ᠠᠭᠤᠯᠭ᠎ᠠ᠂ ᠠᠵᠢᠯ ᠤᠨ ᠱᠠᠭᠠᠷᠳᠠᠯᠭ᠎ᠠ ᠶᠢ ᠡᠵᠡᠮᠰᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠰᠤᠷᠤᠯᠴᠠᠬᠤ ᠶᠢ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠡᠷᠡᠰ ᠬᠤᠷᠢᠭᠯᠠᠵᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠦᠵᠡᠯ ᠰᠠᠨᠠᠭ᠎ᠠ ᠪᠣᠯᠤᠨ  ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠪᠣᠯᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠡᠷᠡᠰ ᠡᠰᠡᠷᠭᠦᠴᠡᠵᠦ᠂ ᠬᠠᠷᠢᠭᠤᠴᠠᠯᠭ᠎ᠠ ᠶᠢᠨ ᠲᠦᠷᠢᠮ ᠭᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠶᠢ ᠠᠵᠢᠯ ᠤᠨ ᠭᠤᠭᠴᠤᠭ᠎ᠠ ᠨᠢᠭᠡᠪᠦᠷᠢ ᠳᠤ ᠨᠠᠶᠢᠳᠠᠪᠤᠷᠢᠵᠢᠭᠤᠯᠬᠤ ᠬᠡᠷᠡᠭᠲᠡᠶ᠃ ᠦᠨᠡᠨᠴᠢ ᠢᠲᠡᠭᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠲᠠᠢ ᠤᠶᠠᠯᠳᠤᠭᠤᠯᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠳᠤ ᠴᠢᠩᠭ᠎ᠠ ᠬᠢᠨᠠᠯᠲᠠ ᠲᠠᠯᠪᠢᠬᠤ ᠬᠡᠷᠡᠭᠲᠡᠶ᠃ ᠲᠤᠭ᠎ᠠ ᠪᠦᠷᠢᠳᠬᠡᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号