12 ᠳ᠋ᠤᠭᠠᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ | ᠪᠠᠶᠢᠴᠠᠭᠠᠯᠲᠠ ᠶᠢᠨ ᠶᠡᠷᠦᠩᠬᠡᠶ ᠠᠩᠭᠢ ᠬᠠᠮᠲᠤᠷᠠᠨ ᠭᠤᠤᠯᠯᠠᠨ ᠡᠷᠭᠢᠯᠡᠵᠦ᠂ ᠬᠥᠬᠡᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠥᠬᠡᠬᠤᠲᠠ ᠳᠠᠬᠢ ᠪᠠᠶᠢᠴᠠᠭᠠᠯᠲᠠ ᠶᠢᠨ ᠠᠩᠭᠢ | ᠳᠠᠭᠠᠭᠠᠴᠢᠯᠠᠨ ᠡᠷᠭᠢᠯᠡᠭᠰᠡᠨ ︽ᠰᠢᠨ᠎ᠡ ᠪᠠᠷ ᠵᠠᠰᠠᠪᠤᠷᠢ ᠣᠷᠣᠭᠤᠯᠤᠭᠰᠠᠨ ︿ᠲᠤᠭ᠎ᠠ ᠪᠦᠷᠢᠳᠬᠡᠯ ᠤᠨ ᠬᠠᠤᠯᠢ﹀ ᠶᠢ | ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ | ᠪᠠᠬᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ︾ ︽ᠲᠤᠭ᠎ᠠ ᠪᠦᠷᠢᠳᠬᠡᠯ ᠤᠨ ᠬᠠᠤᠯᠢ︾ ᠨᠡᠶᠢᠲᠡᠯᠡᠭᠳᠡᠭᠰᠡᠨ | ᠳᠤᠷᠠᠰᠬᠠᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠠᠮᠵᠢᠯᠲᠠ ᠲᠠᠢ ᠶᠠᠪᠤᠭᠳᠠᠪᠠ᠃ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠶᠡᠷᠦᠩᠬᠡᠶ ᠠᠩᠭᠢ ᠶᠢᠨ ᠳᠠᠷᠤᠭ᠎ᠠ ᠮᠠ ᠬᠤᠩ ᠵᠢᠶᠦ᠋ᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠢᠩ ᠶᠦᠩ ᠪᠥᠸᠧ᠂ ᠬᠥᠬᠡᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠬᠤᠲᠠ ᠶᠢᠨ ᠳᠠᠷᠤᠭ᠎ᠠ ᠯᠢᠦ ᠵᠢᠶ ᠶᠢᠩ ᠠᠵᠢᠯᠯᠠᠭ᠎ᠠ ᠳᠤ ᠣᠷᠣᠯᠴᠠᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠪᠣᠯ ᠮᠠᠨ ᠤ | ᠤᠯᠤᠰ ᠤᠨ ᠴᠤᠷ ᠤᠨ ᠭᠠᠭᠴᠠ ᠲᠤᠭ᠎ᠠ ᠪᠦᠷᠢᠳᠬᠡᠯ ᠤᠨ ᠬᠠᠤᠯᠢ ᠴᠠᠭᠠᠵᠠ ᠪᠣᠯᠤᠨ᠎ᠠ᠂ 1983 ᠣᠨ ᠤ 12 | ᠳ᠋ᠤᠭᠠᠷ ᠰᠠᠷ᠎ᠠ ᠶᠢᠨ 8 ᠤ ᠡᠳᠦᠷ ᠠᠴᠠ ᠨᠠᠰᠢ᠂ 1996 ᠣᠨ ᠪᠣᠯᠤᠨ 2009 ᠣᠨ ᠳᠤ ᠬᠤᠶᠠᠷ ᠤᠳᠠᠭ᠎ᠠ | ᠵᠠᠰᠠᠪᠤᠷᠢ ᠣᠷᠣᠭᠤᠯᠵᠤ᠂ ᠲᠤᠭ᠎ᠠ ᠪᠦᠷᠢᠳᠬᠡᠯ ᠤᠨ ᠦᠢᠯᠡᠰ ᠤᠨ ᠬᠥᠭᠵᠢᠯᠲᠡ ᠶᠢ ᠬᠦᠴᠦᠲᠡᠶ ᠠᠬᠢᠭᠤᠯᠪᠠ᠃ | 2024 ᠣᠨ ᠤ 9 ᠰᠠᠷ᠎ᠠ ᠶᠢᠨ 13 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠲᠤᠭ᠎ᠠ ᠪᠦᠷᠢᠳᠬᠡᠯ ᠤᠨ ᠬᠠᠤᠯᠢ︾ ᠳᠤ ᠳᠠᠬᠢᠨᠲᠠ ᠵᠠᠰᠠᠪᠤᠷᠢ | ᠣᠷᠣᠭᠤᠯᠵᠤ᠂ ︽ᠲᠤᠭ᠎ᠠ ᠪᠦᠷᠢᠳᠬᠡᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠎ᠠ︾ ᠭᠡᠵᠦ ᠲᠤᠭ ᠲᠡᠮᠳᠡᠭ ᠲᠣᠳᠣᠷᠬᠠᠶ ᠪᠠᠷ ᠲᠣᠭᠲᠠᠭᠠᠵᠤ᠂ ᠲᠤᠭ᠎ᠠ ᠪᠦᠷᠢᠳᠬᠡᠯ ᠤᠨ | ᠠᠵᠢᠯ ᠤᠨ ᠬᠦᠷᠢᠶᠡᠨ ᠳᠠᠬᠢ ᠨᠠᠮ ᠤᠨ ᠤᠳᠤᠷᠢᠳᠬᠤ ᠪᠠᠶᠢᠷᠢ ᠰᠠᠭᠤᠷᠢ ᠶᠢ ᠴᠢᠬᠤᠯᠠᠴᠢᠯᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽︿ᠲᠤᠭ᠎ᠠ ᠪᠦᠷᠢᠳᠬᠡᠯ ᠤᠨ ᠬᠠᠤᠯᠢ﹀ ᠨᠢ ᠲᠠᠨ ᠤ ᠳᠡᠷᠭᠡᠳᠡ | ᠪᠣᠶ︾ ᠭᠡᠬᠦ ᠪᠠᠷ ᠭᠤᠤᠯ ᠰᠢᠵᠢᠮ ᠪᠣᠯᠭᠠᠵᠤ᠂ ᠱᠠᠩᠨᠠᠯ ᠲᠠᠢ ᠥᠷᠢᠰᠦᠯᠳᠦᠨ ᠬᠠᠷᠢᠭᠤᠯᠬᠤ᠂ ᠤᠬᠠᠭᠤᠯᠭ᠎ᠠ ᠶᠢᠨ ᠭᠠᠷ | ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠠᠶ ᠳᠤ ᠲᠠᠶᠢᠯᠤᠮᠵᠢ ᠬᠢᠬᠦ᠂ ᠬᠠᠤᠯᠢ ᠲᠠᠶᠢᠯᠪᠤᠷᠢᠯᠠᠬᠤ᠂ ᠲᠤᠭ᠎ᠠ | ᠪᠦᠷᠢᠳᠬᠡᠯ ᠤᠨ ᠺᠠᠷᠲ ᠤᠨ ᠳᠦᠷᠢ ᠲᠥᠷᠬᠦ ᠶᠢᠨ ᠦᠵᠡᠭᠦᠯᠭᠡ ᠶᠢᠨ ᠲᠣᠭᠤᠷᠢᠭ ᠲᠤ ᠰᠡᠭᠦᠳᠡᠷ ᠲᠠᠲᠠᠬᠤ ᠵᠡᠷᠭᠡ ᠣᠯᠠᠨ | ᠬᠡᠯᠪᠡᠷᠢ ᠪᠠᠷ ᠳᠠᠮᠵᠢᠭᠤᠯᠤᠨ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ | ᠤᠬᠠᠭᠤᠯᠤᠨ᠂ ᠨᠡᠶᠢᠭᠡᠮ ᠨᠡᠶᠢᠲᠡ ᠶᠢᠨ ᠠᠩᠬᠠᠷᠤᠯ ᠢ ᠲᠠᠲᠠᠵᠤ ᠲᠤᠬᠠᠶ ᠶᠢᠨ ᠲᠠᠯᠠᠪᠠᠶ ᠶᠢᠨ ᠠᠵᠢᠯᠯᠠᠭ᠎ᠠ ᠳᠤ | ᠣᠷᠣᠯᠴᠠᠭᠤᠯᠪᠠ᠃ ᠠᠵᠢᠯᠯᠠᠭ᠎ᠠ ᠳᠤᠮᠳᠠ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ | ᠬᠦᠷᠢᠶᠡᠯᠡᠯ ᠢ ᠣᠯᠤᠭᠰᠠᠨ ᠲᠤᠭ᠎ᠠ ᠪᠦᠷᠢᠳᠬᠡᠯ ᠤᠨ ᠬᠠᠤᠯᠢᠵᠢᠯ ᠤᠨ ᠤᠬᠠᠭᠤᠯᠭ᠎ᠠ ᠶᠢᠨ ᠲᠦᠷᠦᠯ ᠵᠦᠢᠯ ᠨᠢ | ᠬᠠᠤᠯᠢ ᠶᠢᠨ ᠦᠨᠦᠷ ᠠᠮᠲᠠ ᠪᠠᠷ ᠥᠳᠬᠡᠨ᠂ ᠪᠦᠲᠦᠭᠡᠯᠴᠢ ᠰᠡᠳᠬᠢᠮᠵᠢ ᠪᠠᠷ ᠰᠠᠶᠢᠨ ᠪᠠᠶᠢᠵᠤ᠂ ᠲᠤᠬᠠᠢ ᠶᠢᠨ | ᠲᠠᠯᠠᠪᠠᠢ ᠶᠢᠨ ᠤᠯᠠᠨ ᠲᠦᠮᠡᠨ ᠳᠤ ᠲᠤᠭ᠎ᠠ ᠪᠦᠷᠢᠳᠬᠡᠯ ᠤᠨ ᠬᠠᠤᠯᠢ ᠶᠢ ᠦᠨᠡᠨ ᠬᠦ ᠲᠠᠨᠢᠭᠤᠯᠵᠤ᠂ ᠲᠤᠭ᠎ᠠ | ᠪᠦᠷᠢᠳᠬᠡᠯ ᠤᠨ ᠬᠠᠤᠯᠢ ᠶᠢ ᠤᠶᠢᠯᠠᠭᠠᠭᠤᠯᠪᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢᠨ ᠤᠬᠠᠭᠤᠯᠭ᠎ᠠ ᠶᠢᠨ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠪᠥᠬᠦ ᠣᠷᠣᠨ ᠤ 12 ᠠᠶᠢᠮᠠᠭ ᠬᠤᠲᠠ ᠶᠢᠨ ᠲᠤᠭ᠎ᠠ | ᠪᠦᠷᠢᠳᠬᠡᠯ ᠤᠨ ᠪᠠᠶᠢᠭᠤᠯᠤᠮᠵᠢ ᠨᠢ ᠠᠳᠠᠯᠢ ᠴᠠᠭ᠂ ᠠᠳᠠᠯᠢ ᠪᠤᠰᠤ ᠭᠠᠵᠠᠷ ᠣᠷᠣᠨ᠂ ᠭᠤᠷᠪᠠᠨ ᠱᠠᠲᠤ ᠪᠠᠷ | ᠬᠤᠯᠪᠣᠭᠠᠯᠠᠨ ᠬᠥᠳᠡᠯᠦᠯᠴᠡᠵᠦ᠂ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ᠡᠯ᠎ᠡ | ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠣᠰ ᠲᠣᠰ | ᠬᠠᠤᠯᠢ ᠶᠢ ᠬᠤᠳᠠᠯᠳᠤᠭᠠᠨ ᠤ ᠲᠠᠯᠠᠪᠤᠷ᠂ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠬᠦᠷᠭᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠤᠭ᠎ᠠ ᠪᠦᠷᠢᠳᠬᠡᠯ ᠤᠨ ᠠᠵᠢᠯᠲᠠᠨ᠂ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ᠂ | ᠨᠡᠶᠢᠭᠡᠮ ᠨᠡᠶᠢᠲᠡ ᠳᠤ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠭᠦᠨᠵᠡᠭᠡᠶ | ᠤᠬᠠᠭᠤᠯᠪᠠ᠃ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ ᠶᠢ ᠶᠡᠬᠡᠪᠡᠷ | ᠤᠬᠠᠭᠤᠯᠬᠤ ᠪᠠᠷ ᠳᠠᠮᠵᠢᠭᠤᠯᠤᠨ᠂ ᠪᠥᠬᠦ ᠨᠡᠶᠢᠭᠡᠮ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠦᠵᠡᠯ | ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ︽ᠲᠤᠭ᠎ᠠ ᠪᠦᠷᠢᠳᠬᠡᠯ ᠤᠨ ᠬᠠᠤᠯᠢ︾ ᠶᠢ ᠪᠥᠬᠦ ᠨᠡᠶᠢᠭᠡᠮ ᠢᠶᠠᠷ ᠢᠶᠠᠨ | ᠦᠢᠯᠡᠳᠦᠯᠭᠡᠵᠢᠬᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠲᠤᠭ᠎ᠠ ᠪᠦᠷᠢᠳᠬᠡᠯ ᠤᠨ | ᠣᠳᠣᠬᠢᠴᠢᠯᠠᠯᠲᠠ ᠶᠢᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ᠂ | ᠬᠥᠬᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠬᠡᠬᠤᠲᠠ ᠶᠢᠨ ᠪᠠᠶᠢᠴᠠᠭᠠᠯᠲᠠ ᠶᠢᠨ ᠠᠩᠭᠢ᠂ ᠰᠢᠨ᠎ᠡ | ᠬᠤᠲᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠵᠢᠴᠢ ᠨᠡᠶᠢᠭᠡᠮ ᠤᠨ | ᠡᠯ᠎ᠡ ᠡᠲᠡᠭᠡᠳ ᠤᠨ ᠣᠯᠠᠨ ᠲᠦᠮᠡᠨ ᠬᠤᠶᠠᠷ ᠵᠠᠭᠤ ᠭᠠᠷᠤᠶ ᠬᠥᠮᠦᠨ ᠲᠤᠬᠠᠶ ᠶᠢᠨ ᠲᠠᠯᠠᠪᠠᠶ ᠶᠢᠨ ᠠᠵᠢᠯᠯᠠᠭ᠎ᠠ ᠳᠤ | ᠣᠷᠣᠯᠴᠠᠪᠠ᠃ |