12 ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ︵ᠳᠣᠷᠣᠭᠰᠢ ︽ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ︾ ᠭᠡᠵᠦ ᠲᠣᠪᠴᠢᠯᠠᠨ᠎ᠠ︶ ᠶᠢᠰᠦᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠤᠨ ᠡᠷᠬᠢᠯᠡᠭᠴᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠯᠪᠠᠨ ᠬᠡᠷ ᠤᠨ ᠡᠷᠬᠢᠯᠡᠭᠴᠢ᠂ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠲᠢᠶᠠᠨ ᠰᠢᠨ | ᠿᠤ᠋ ᠬᠤᠷᠠᠯ ᠢ ᠡᠷᠭᠢᠯᠡᠪᠡ᠃ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ | ᠭᠡᠷ ᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠮᠠᠲ᠋ᠧᠷᠢᠶᠠᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠤᠨ | ᠨᠡᠭᠡᠭᠡᠯᠲᠡ ᠶᠢᠨ ᠣᠶᠢᠷ᠎ᠠ ᠶᠢᠨ ᠬᠤᠭᠤᠴᠠᠭᠠᠨ ᠤ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠥᠭᠡᠳ ᠪᠣᠳᠠᠲᠠᠶ | ᠱᠠᠭᠠᠷᠳᠠᠯᠭ᠎ᠠ ᠳᠤᠷᠠᠳᠪᠠ᠃ | ᠬᠤᠷᠠᠯ ᠠᠴᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠠᠯᠪᠠᠨ ᠬᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠤᠤᠷ᠎ᠠ᠂ ᠪᠥᠬᠦ ᠣᠷᠣᠨ ᠤ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠬᠠᠮᠲᠤ ᠪᠠᠷ ᠴᠢᠷᠮᠠᠶᠢᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠢᠨᠠᠨ ᠬᠠᠷᠭᠤᠭᠤᠯᠬᠤ ᠪᠠ | ᠬᠤᠷᠢᠶᠠᠩᠭᠤᠶᠢᠯᠠᠨ ᠦᠨᠡᠯᠡᠨ ᠵᠢᠱᠢᠬᠦ ᠵᠡᠷᠭᠡ ᠠᠵᠢᠯ ᠢ ᠤᠷᠤᠭᠰᠢᠲᠠᠶ ᠪᠡᠶᠡᠯᠡᠭᠦᠯᠵᠦ᠂ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠡᠯᠪᠡᠭ ᠪᠠᠶᠠᠯᠢᠭ ᠨᠠᠷᠢᠨ ᠪᠣᠳᠠᠲᠠᠶ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠣᠯᠵᠤ᠂ ᠮᠠᠲ᠋ᠧᠷᠢᠶᠠᠯ ᠢ | ᠨᠡᠭᠡᠭᠡᠨ ᠬᠥᠭᠵᠢᠭᠦᠯᠵᠦ ᠬᠡᠷᠡᠭᠯᠡᠬᠦ ᠱᠠᠲᠤᠨ ᠳᠤ ᠣᠷᠣᠪᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠰᠠᠶᠢᠲᠤᠷ ᠠᠰᠢᠭᠯᠠᠵᠤ᠂ ᠲᠤᠭ᠎ᠠ | ᠪᠠᠷᠢᠮᠲᠠ ᠶᠢᠨ ᠦᠨ᠎ᠡ ᠥᠷᠲᠡᠭ ᠢ ᠭᠦᠢᠴᠡᠳ ᠪᠠᠳᠠᠷᠠᠭᠤᠯᠬᠤ ᠪᠣᠯ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ | ᠴᠢᠬᠤᠯᠠ ᠡᠭᠦᠷᠭᠡ ᠮᠥᠨ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠨᠡᠭᠡᠭᠡᠨ ᠬᠥᠭᠵᠢᠭᠦᠯᠵᠦ ᠬᠡᠷᠡᠭᠯᠡᠬᠦ | ᠠᠵᠢᠯ ᠤᠨ ᠴᠢᠬᠤᠯᠠ ᠴᠢᠨᠠᠷ ᠭᠦᠢᠴᠡᠳ ᠲᠠᠨᠢᠵᠤ᠂ ᠮᠠᠲ᠋ᠧᠷᠢᠶᠠᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠠᠵᠢᠯ ᠢ ᠴᠢᠨᠠᠷ | ᠰᠠᠶᠢᠲᠠᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠡ ᠳᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ ᠶᠢᠨ ᠮᠠᠲ᠋ᠧᠷᠢᠶᠠᠯ ᠢ ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠢᠳᠡᠪᠬᠢᠲᠡᠶ ᠠᠬᠢᠭᠤᠯᠬᠤ ᠬᠡᠷᠡᠭᠲᠡᠶ᠃ ᠮᠠᠲ᠋ᠧᠷᠢᠶᠠᠯ ᠢ ᠨᠡᠭᠡᠭᠡᠨ ᠬᠥᠭᠵᠢᠭᠦᠯᠵᠦ ᠬᠡᠷᠡᠭᠯᠡᠬᠦ | ᠲᠥᠯᠥᠪᠯᠡᠭᠡ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠤᠨ ᠦᠨ᠎ᠡ ᠥᠷᠲᠡᠭ ᠢ ᠭᠦᠢᠴᠡᠳ | ᠪᠠᠳᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ | ᠳᠡᠭᠡᠭᠰᠢᠯᠡᠬᠦᠯᠬᠦ ᠬᠡᠷᠡᠭᠲᠡᠢ᠃ ᠬᠤᠶᠠᠷ ᠲᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ | ᠦᠷ᠎ᠡ ᠪᠦᠲᠦᠭᠡᠯ ᠢ ᠨᠡᠶᠢᠲᠡᠯᠡᠵᠦ ᠲᠠᠶᠢᠯᠤᠮᠵᠢ ᠬᠢᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠳᠡᠢ᠃ | ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠲᠤᠭᠤᠷᠪᠢᠨ ᠪᠢᠴᠢᠬᠦ ᠠᠵᠢᠯ ᠤᠨ ᠬᠤᠪᠢᠶᠠᠷᠢᠯᠠᠯ ᠪᠠ ᠨᠡᠶᠢᠲᠡᠯᠡᠬᠦ | ᠶᠠᠪᠤᠴᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠪᠥᠬᠦ | ᠲᠠᠯ᠎ᠠ ᠪᠠᠷ ᠵᠥᠪ ᠣᠨᠣᠪᠴᠢᠲᠠᠶ᠂ ᠰᠢᠨᠵᠢᠯᠡᠬᠦ ᠤᠬᠠᠭᠠᠨᠴᠢ ᠪᠥᠭᠡᠳ ᠡᠷᠬᠡ ᠰᠦᠷᠲᠦ ᠪᠠᠷ ᠤᠬᠠᠭᠤᠯᠤᠨ | ᠲᠠᠶᠢᠯᠪᠤᠷᠢᠯᠠᠬᠤ ᠬᠡᠷᠡᠭᠲᠡᠶ᠃ ᠭᠤᠷᠪᠠ ᠳᠤ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠮᠠᠲ᠋ᠧᠷᠢᠶᠠᠯ | ᠨᠡᠭᠡᠭᠡᠬᠦ ᠪᠠ ᠲᠤᠭ᠎ᠠ ᠪᠠᠷᠢᠮᠲᠠ ᠶᠢᠨ ᠠᠶᠤᠯ ᠦᠭᠡᠶ ᠶᠢ ᠨᠠᠷᠢᠨ ᠨᠢᠭᠲᠠ ᠰᠠᠶᠢᠲᠤᠷ ᠬᠢᠬᠦ ᠬᠡᠷᠡᠭᠲᠡᠶ᠃ ᠲᠤᠭ᠎ᠠ | ᠪᠠᠷᠢᠮᠲᠠ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠤᠴᠠ ᠶᠢ ᠬᠠᠮᠠᠭᠠᠯᠠᠬᠤ ᠲᠦᠷᠢᠮ | ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠤᠨ ᠬᠡᠷᠡᠭᠯᠡᠯᠲᠡ ᠶᠢ | ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠨ᠂ ᠵᠠᠳᠠᠯᠤᠯᠲᠠ ᠪᠠ ᠬᠥᠲᠥᠯᠥᠨ ᠵᠢᠯᠣᠭᠤᠳᠬᠤ ᠶᠢ ᠶᠣᠰᠣᠲᠠᠶ | ᠪᠥᠭᠡᠳ ᠪᠠᠷᠢᠮᠲᠠ ᠲᠠᠢ ᠰᠠᠶᠢᠲᠤᠷ ᠬᠢᠬᠦ ᠬᠡᠷᠡᠭᠲᠡᠶ᠃ ᠲᠦᠷᠪᠡ ᠳᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠴᠦ᠂ ᠮᠠᠲ᠋ᠧᠷᠢᠶᠠᠯ ᠢ ᠨᠡᠭᠡᠭᠡᠨ ᠬᠥᠭᠵᠢᠭᠦᠯᠵᠦ ᠡᠰᠢᠯᠡᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠨᠡᠭᠡᠭᠡᠨ ᠬᠥᠭᠵᠢᠭᠦᠯᠵᠦ ᠬᠡᠷᠡᠭᠯᠡᠬᠦ ᠴᠠᠭ ᠬᠤᠭᠤᠴᠠᠭᠠᠲᠤ ᠴᠢᠨᠠᠷ ᠪᠠ ᠬᠠᠨᠳᠤᠯᠭᠠᠲᠤ ᠴᠢᠨᠠᠷ ᠢ | ᠴᠢᠬᠤᠯᠠᠴᠢᠯᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠠ ᠬᠠᠯᠠᠭᠤᠨ ᠴᠡᠭ ᠤᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠤᠯᠠᠨ ᠲᠠᠯ᠎ᠠ ᠠᠴᠠ | ᠠᠭᠤᠳᠠᠯᠤᠨ ᠵᠠᠳᠠᠯᠵᠤ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠣᠭᠲᠠᠭᠠᠬᠤ᠂ | ᠵᠠᠰᠠᠭ ᠤᠨ ᠣᠷᠳᠣᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠲᠤᠭ᠎ᠠ | ᠪᠦᠷᠢᠳᠬᠡᠯ ᠤᠨ ᠦᠢᠯᠡᠴᠢᠯᠡᠭᠡ ᠬᠠᠩᠭᠠᠬᠤ ᠬᠡᠷᠡᠭᠳᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠪᠠᠶᠢᠴᠠᠭᠠᠯᠲᠠ ᠶᠢᠨ ᠠᠯᠪᠠᠨ ᠬᠡᠷ ᠤᠨ ᠡᠯ᠎ᠡ ᠳᠣᠲᠣᠭᠠᠳᠤ | ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ | ᠭᠤᠤᠯᠯᠠᠭᠴᠢ 45 ᠬᠥᠮᠦᠨ ᠬᠤᠷᠠᠯ ᠳᠤ ᠣᠷᠣᠯᠴᠠᠵᠠᠶ᠃ | | |