ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/12/13
    12 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷᠴᠤᠳ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠲᠠᠩᠭᠠᠷᠢᠭᠯᠠᠬᠤ ᠶᠢ ᠬᠢᠨᠠᠵᠤ ᠶᠠᠷᠢᠶ᠎ᠠ ᠲᠠᠯᠪᠢᠪᠠ᠃    ᠰᠢᠨ᠎ᠡ ᠪᠠᠷ ᠲᠤᠰᠢᠶᠠᠯ ᠳᠤ ᠲᠣᠮᠢᠯᠠᠬᠤ ︵ᠵᠡᠷᠭᠡ ᠳᠡᠪᠰᠢᠬᠦ︶ ᠺᠠᠳ᠋ᠷ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠨᠢ ᠲᠤᠭ᠎ᠠ ᠪᠦᠷᠢᠳᠬᠡᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠨ ᠦᠨᠳᠦᠰᠦᠨ ᠬᠠᠤᠯᠢ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠦᠨᠳᠦᠰᠦᠨ ᠬᠠᠤᠯᠢ ᠶᠢᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠤᠭ᠎ᠠ ᠪᠦᠷᠢᠳᠬᠡᠯ ᠤᠨ ᠬᠦᠷᠢᠶᠡᠨ ᠤ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠳᠤ ᠠᠰᠢᠭᠲᠠᠢ ᠶᠤᠮ᠃    ᠼᠤᠤ ᠰᠧ ᠶᠠᠩ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠲᠤ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠦᠨᠳᠦᠰᠦᠨ ᠬᠠᠤᠯᠢ ᠶᠢᠨ ᠦᠨᠳᠦᠰᠦᠨ ᠵᠠᠷᠴᠢᠮ ᠮᠥᠨ᠂ ᠨᠡᠶᠢᠭᠡᠮ ᠵᠢᠷᠤᠮ ᠤᠨ ᠬᠠᠤᠯᠢᠵᠢᠯ ᠤᠨ ᠬᠠᠮᠤᠭ ᠤᠨ ᠦᠨᠳᠦᠰᠦᠨ ᠪᠠᠲᠤᠯᠠᠭ᠎ᠠ ᠮᠥᠨ᠃ ᠬᠤᠶᠠᠷ ᠲᠤ᠂ ᠭᠤᠣᠯ ᠱᠤᠭᠤᠮ ᠤᠨ ᠤᠬᠠᠮᠰᠠᠷ ᠢᠶᠠᠨ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠭᠤᠣᠯ ᠱᠤᠭᠤᠮ ᠤᠨ ᠤᠬᠠᠮᠰᠠᠷ ᠢ ᠲᠤᠭ᠎ᠠ ᠪᠦᠷᠢᠳᠬᠡᠯ ᠤᠨ ᠠᠵᠢᠯ ᠤᠨ ᠲᠠᠯ᠎ᠠ ᠪᠦᠬᠦᠨ ᠳᠤ ᠲᠤᠭᠤᠰᠢᠯᠠᠭᠤᠯᠬᠤ ᠬᠡᠷᠡᠭᠲᠡᠢ᠃ ᠭᠤᠷᠪᠠ ᠳᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠤᠷᠤᠭᠰᠢᠯᠠᠨ ᠳᠠᠪᠰᠢᠬᠤ ᠬᠡᠷᠡᠭᠲᠡᠶ᠃ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠢ ᠡᠵᠡᠮᠳᠡᠵᠦ᠂ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠲᠤᠭ᠎ᠠ ᠪᠦᠷᠢᠳᠬᠡᠯ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠬᠤ ᠪᠠᠨ ᠦᠷᠭᠦᠯᠵᠢᠯᠡᠨ ᠴᠢᠩᠭᠠᠳᠬᠠᠵᠤ᠂ ᠵᠥᠪ ᠣᠨᠣᠪᠴᠢᠲᠠᠢ᠂ ᠪᠦᠬᠦ ᠲᠠᠯ᠎ᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠣᠯᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠩᠭᠠᠵᠤ᠂ ᠨᠠᠮ ᠵᠠᠰᠠᠭ ᠤᠨ ᠰᠢᠢᠳᠪᠦᠷᠢᠲᠦ ᠪᠤᠳᠤᠯᠭ᠎ᠠ ᠪᠣᠯᠤᠨ ᠨᠡᠶᠢᠭᠡᠮ ᠤᠨ ᠬᠥᠭᠵᠢᠯᠲᠡ ᠳᠤ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ᠃    2024 ᠣᠨ ᠳᠤ ᠰᠢᠨ᠎ᠡ ᠪᠠᠷ ᠲᠤᠰᠢᠶᠠᠯ ᠡᠭᠦᠷᠭᠡᠯᠡᠭᠰᠡᠨ 50 ᠭᠠᠷᠤᠢ ᠭᠠᠵᠠᠷ ᠤᠨ ᠲᠡᠰ ᠤᠨ ᠺᠠᠳ᠋ᠷ ᠲᠠᠩᠭᠠᠷᠢᠭᠯᠠᠬᠤ ᠳᠤ ᠣᠷᠣᠯᠴᠠᠵᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠪᠦᠷᠢᠯᠳᠦᠬᠦᠨ ᠵᠢᠴᠢ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠲᠠᠩᠭᠠᠷᠢᠭᠯᠠᠬᠤ ᠶᠢ ᠭᠡᠷᠡᠴᠢᠯᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号