ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ︽ᠪᠥᠬᠦ ᠤᠯᠤᠰ ᠤᠨ ︿ᠨᠠᠢᠮᠠᠳᠤᠭᠠᠷ ᠲᠠᠪᠤᠨ ᠵᠢᠯ﹀ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠢᠯᠡᠷᠡᠯ ᠲᠣᠪᠤᠶᠢᠮ᠎ᠠ ᠨᠢᠭᠡᠴᠡ︾ ᠪᠠᠷ ᠦᠨᠡᠯᠡᠭᠳᠡᠪᠡ᠃
ᠨᠡᠶᠢᠲᠡᠯᠡᠭᠰᠡᠨ ᠴᠠᠭ᠄
2024/12/17
    ᠣᠶᠢᠷ᠎ᠠ ᠳᠤ᠂ ᠬᠠᠤᠯᠢ ᠴᠠᠭᠠᠵᠠ ᠶᠢᠨ ᠶᠠᠮᠤᠨ᠂ ᠪᠥᠬᠦ ᠤᠯᠤᠰ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠯᠪᠠᠨ ᠬᠡᠷ ︽ᠪᠥᠬᠦ ᠤᠯᠤᠰ ᠤᠨ ︿ᠨᠠᠢᠮᠠᠳᠤᠭᠠᠷ ᠲᠠᠪᠤᠨ ᠵᠢᠯ﹀ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠢᠯᠡᠷᠡᠯ ᠲᠣᠪᠤᠶᠢᠮ᠎ᠠ ᠨᠢᠭᠡᠴᠢ ᠪᠠ ᠬᠤᠪᠢ ᠬᠥᠮᠦᠨ ᠢ ᠵᠠᠷᠯᠠᠨ ᠰᠠᠶᠢᠰᠢᠶᠠᠬᠤ ᠲᠤᠬᠠᠶ ᠮᠡᠳᠡᠭᠳᠡᠯ︾ ᠪᠠᠭᠤᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ︽ᠪᠥᠬᠦ ᠤᠯᠤᠰ ᠤᠨ ︿ᠨᠠᠢᠮᠠᠳᠤᠭᠠᠷ ᠲᠠᠪᠤᠨ ᠵᠢᠯ﹀  ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠢᠯᠡᠷᠡᠯ ᠲᠣᠪᠤᠶᠢᠮ᠎ᠠ ᠨᠢᠭᠡᠴᠢ︾ ᠪᠠᠷ ᠦᠨᠡᠯᠡᠭᠳᠡᠪᠡ᠃ ︽ᠨᠠᠢᠮᠠᠳᠤᠭᠠᠷ ᠲᠠᠪᠤᠨ ᠵᠢᠯ︾  ᠤᠨ ᠬᠠᠤᠯᠢ ᠲᠦᠭᠡᠮᠡᠯᠵᠢᠭᠦᠯᠬᠦ ᠠᠵᠢᠯ ᠢ ᠡᠬᠢᠯᠡᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠤᠭ᠎ᠠ ᠪᠦᠷᠢᠳᠬᠡᠬᠦ᠂ ᠬᠠᠤᠯᠢ ᠶᠣᠰᠣᠭᠠᠷ ᠲᠤᠭ᠎ᠠ ᠪᠦᠷᠢᠳᠬᠡᠯ ᠢ ᠵᠠᠰᠠᠬᠤ ᠪᠠᠷ ᠬᠠᠷᠠᠯᠲᠠ ᠪᠣᠯᠭᠠᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠠᠷᠭ᠎ᠠ ᠪᠠᠷᠢᠯ ᠪᠣᠯᠭᠠᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠪᠡᠶᠡᠯᠡᠭᠦᠯᠬᠦ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠶ ᠠᠬᠢᠭᠤᠯᠪᠠ᠃    ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠥᠨᠳᠥᠷ ᠲᠦᠪᠰᠢᠨ ᠢᠶᠠᠷ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠭᠤᠣᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠭᠰᠠᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠶ ᠠᠳᠬᠤᠭᠰᠠᠨ᠂ ᠡᠯ᠎ᠡ ᠭᠠᠵᠠᠷ ᠭᠡᠷ ᠠᠵᠢᠯ ᠢᠶᠠᠨ ᠬᠤᠪᠢᠳᠠᠨ ᠬᠠᠷᠢᠭᠤᠴᠠᠭᠰᠠᠨ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠪᠠᠷ ᠲᠦᠷᠦᠭᠦᠯᠡᠭᠦᠯᠦᠭᠰᠡᠨ ︽ᠨᠠᠢᠮᠠᠳᠤᠭᠠᠷ ᠲᠠᠪᠤᠨ ᠵᠢᠯ︾ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠭᠤᠤᠯ ᠬᠠᠷᠢᠭᠤᠴᠠᠯᠭᠠᠲᠠᠨ ᠨᠢ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠬᠤ ᠪᠠᠷ ᠪᠠᠷᠠᠬᠤ ᠥᠬᠡᠶ᠂ ᠪᠠᠰᠠ ᠬᠠᠤᠯᠢ ᠲᠦᠭᠡᠮᠡᠯᠵᠢᠭᠦᠯᠬᠦ ᠡᠭᠦᠷᠭᠡ ᠶᠢ ᠨᠠᠶᠢᠳᠠᠪᠤᠷᠢᠵᠢᠭᠤᠯᠬᠤ ︽ᠨᠢᠭᠡᠳᠦᠭᠡᠷ ᠤᠬᠠᠭᠤᠯᠤᠭᠴᠢ︾ ᠪᠣᠯᠤᠨ᠎ᠠ᠂ ᠲᠦᠷᠦᠭᠦᠯᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠤ ᠬᠠᠤᠯᠢ ᠶᠢ ᠤᠬᠠᠭᠤᠯᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠪᠡᠶ᠎ᠡ ᠪᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠪᠥᠬᠦ ᠣᠷᠣᠨ ᠤ ᠡᠯ᠎ᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ ᠵᠢᠯᠣᠭᠤᠳᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠡᠲᠡᠭᠡᠳ ᠲᠤ ᠬᠠᠨᠳᠤᠭᠤᠯᠤᠭᠰᠠᠨ᠂ ᠪᠠᠶᠢᠴᠠᠭᠠᠬᠤ ᠨᠢᠭᠡᠴᠡ ᠳᠤ ᠬᠠᠨᠳᠤᠭᠤᠯᠤᠭᠰᠠᠨ᠂ ᠨᠡᠶᠢᠭᠡᠮ ᠨᠡᠶᠢᠲᠡ ᠳᠤ ᠬᠠᠨᠳᠤᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠪᠡ᠃    ᠨᠠᠷᠢᠯᠢᠭ ᠣᠨᠣᠴᠠᠲᠠᠶ ᠪᠠᠷ ᠬᠠᠤᠯᠢ ᠲᠦᠭᠡᠮᠡᠯᠵᠢᠭᠦᠯᠬᠦ ᠪᠠ ︽ᠲᠦᠷᠢᠮ ᠲᠣᠭᠲᠠᠭᠠᠵᠤ ᠬᠠᠤᠯᠢ ᠬᠦᠷᠭᠡᠬᠦ︾ ᠶᠢ  ᠬᠡᠷᠡᠭᠵᠢᠬᠦᠯᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠤᠯᠠᠮᠵᠢᠯᠠᠯᠲᠤ ᠠᠷᠭ᠎ᠠ ᠵᠠᠮ ᠢ ᠰᠢᠨ᠎ᠡ ᠵᠠᠭᠤᠴᠢᠯᠠᠭᠤᠷ ᠯᠤᠭ᠎ᠠ ᠠᠭᠤᠰᠤᠯᠴᠠᠭᠤᠯᠬᠤ᠂ ᠬᠠᠤᠯᠢ ᠬᠡᠷᠡᠭᠵᠢᠭᠦᠯᠬᠦ ᠪᠠ ᠬᠠᠤᠯᠢ ᠲᠦᠭᠡᠮᠡᠯᠵᠢᠭᠦᠯᠬᠦ ᠶᠢ ᠠᠭᠤᠰᠤᠯᠴᠠᠭᠤᠯᠬᠤ᠂ ᠬᠠᠤᠯᠢ ᠴᠠᠭᠠᠵᠠ ᠶᠢᠨ ᠬᠡᠷᠡᠭ ᠶᠠᠪᠤᠳᠠᠯ ᠬᠢᠭᠡᠳ ᠡᠷᠬᠡ ᠡᠭᠦᠷᠭᠡ ᠶᠢ ᠮᠡᠳᠡᠭᠳᠡᠬᠦ ᠶᠢ ᠠᠭᠤᠰᠤᠯᠴᠠᠭᠤᠯᠬᠤ ᠵᠡᠷᠭᠡ ᠬᠡᠯᠪᠡᠷᠢ ᠮᠠᠶ᠋ᠢᠭ ᠢᠶᠠᠷ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠠᠵᠢᠯ ᠤᠨ ᠣᠯᠠᠨ ᠲᠠᠯᠠᠲᠤ ᠬᠤᠪᠢᠷᠠᠯᠲᠠ ᠶᠢ ᠪᠡᠶᠡᠯᠡᠬᠦᠯᠪᠡ᠃ ᠨᠢᠭᠡ ᠳᠤ᠂ ᠬᠠᠤᠯᠢ ᠬᠡᠷᠡᠭᠵᠢᠭᠦᠯᠬᠦ ᠦᠢᠯᠡᠳᠦᠯᠭᠡ ᠲᠠᠢ ᠤᠶᠠᠯᠳᠤᠭᠤᠯᠤᠨ᠂ ᠠᠮᠠᠷᠬᠠᠨ ᠪᠤᠷᠤᠭᠤᠳᠠᠭᠰᠠᠨ ᠭᠦᠢᠴᠡᠳᠬᠡᠯ ᠲᠤᠭ᠎ᠠ ᠵᠢᠴᠢ ᠬᠠᠤᠯᠢ ᠶᠢ ᠵᠥᠷᠢᠴᠡᠭᠰᠡᠨ ᠲᠦᠷᠦᠯ ᠵᠦᠢᠯ ᠢ ᠭᠦᠨᠵᠡᠭᠡᠢ ᠠᠭᠤᠳᠠᠯᠵᠤ᠂ ᠨᠡᠶᠢᠲᠡᠯᠢᠭ ᠬᠡᠷᠡᠭ ᠵᠢᠱᠢᠶ᠎ᠡ ᠶᠢ ᠵᠤᠬᠢᠶᠠᠪᠠ᠃ ︽ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠸᠢᠴᠠᠲ ᠮᠡᠳᠡᠭᠡ︾ ᠶᠢᠨ ᠣᠯᠠᠨ ᠨᠡᠶᠢᠲᠡ ᠶᠢᠨ ᠳ᠋ᠤᠭᠠᠷ ᠤᠨ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠪᠤᠯᠤᠩ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠬᠠᠤᠯᠢ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠨᠢᠯᠴᠠᠭᠤᠯᠤᠨ ᠬᠦᠷᠭᠡᠵᠦ᠂ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠬᠠᠤᠯᠢ ᠲᠦᠭᠡᠮᠡᠯᠵᠢᠭᠦᠯᠬᠦ ᠨᠠᠷᠠᠲᠤ ᠲᠡᠮᠳᠡᠭᠲᠦ ᠶᠢ ᠪᠣᠶ ᠪᠤᠯᠭᠠᠪᠠ᠃ ᠬᠤᠶᠠᠷ ᠲᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠬᠠᠨᠳᠤᠯᠭᠠᠲᠤ ᠴᠢᠨᠠᠷ ᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠣᠬᠢᠶᠠᠯ ᠢ ᠠᠰᠢᠭᠯᠠᠨ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠮᠡᠳᠡᠭᠳᠡᠬᠦ ᠶᠢᠨ ᠬᠠᠮᠲᠤ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠪᠤᠯᠤᠩ ᠤᠨ ᠬᠤᠶᠠᠷ ᠬᠡᠮᠵᠢᠯᠳᠦ ᠺᠣᠳ᠋ ᠢ ︽ᠰᠢᠭᠢᠳᠬᠡᠬᠦ︾ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠮᠡᠳᠡᠭᠳᠡᠯ ᠤᠨ ᠪᠢᠴᠢᠭ ᠪᠣᠯᠭᠠᠵᠤ᠂ ︽ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ︽ᠲᠤᠭ᠎ᠠ ᠪᠦᠷᠢᠳᠬᠡᠯ ᠤᠨ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ  ᠠᠬᠢᠭᠤᠯᠬᠤ ᠶᠢᠨ ᠲᠥᠯᠥᠭᠡ ᠶᠤᠮ᠃    ᠵᠠᠩᠭᠢᠯᠠᠭ᠎ᠠ ᠶᠢᠨ ᠴᠡᠭ ᠪᠠ ᠭᠤᠤᠯᠳᠠᠯᠭ᠎ᠠ ᠲᠠᠢ ᠬᠥᠮᠦᠰ ᠲᠤ ᠴᠢᠭᠯᠡᠭᠦᠯᠦᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠦᠷᠨᠢᠬᠦᠯᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠢᠯ ᠪᠦᠷᠢ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ ᠪᠣᠯᠤᠨ 12.8 ᠶᠢᠨ ᠲᠤᠭ᠎ᠠ ᠪᠦᠷᠢᠳᠬᠡᠯ ᠤᠨ ᠬᠠᠤᠯᠢ ᠨᠡᠶᠢᠲᠡᠯᠡᠭᠳᠡᠭᠰᠡᠨ ᠳᠤᠷᠠᠰᠬᠠᠯ ᠤᠨ ᠡᠳᠦᠷ ᠵᠡᠷᠭᠡ ᠵᠠᠩᠭᠢᠯᠠᠭ᠎ᠠ ᠶᠢᠨ ᠴᠠᠭ ᠲᠤ᠂ ᠪᠦᠬᠦ ᠣᠷᠣᠨ ᠤ ᠡᠯ᠎ᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠠᠯᠪᠠᠨ ᠪᠢᠴᠢᠭ ᠡᠯᠰᠡᠬᠦ᠂ ᠭᠤᠤᠯ ᠪᠣᠯᠬᠤ ᠵᠠᠭᠤᠴᠢᠯᠠᠭᠤᠷ ᠢᠶᠠᠷ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠨᠡᠷ᠎ᠡ ᠬᠠᠳᠠᠭᠰᠠᠨ ᠵᠣᠬᠢᠶᠠᠯ᠂ ᠲᠤᠬᠠᠶ ᠶᠢᠨ ᠲᠠᠯᠠᠪᠠᠶ ᠶᠢᠨ ᠤᠬᠠᠭᠤᠯᠭ᠎ᠠ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ︽ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠮ ᠤᠨ ᠰᠤᠷᠭᠠᠭᠤᠯᠢ ᠳᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠪᠡ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠤᠭᠤᠳ ᠬᠠᠤᠯᠢ ᠲᠦᠭᠡᠮᠡᠯᠵᠢᠭᠦᠯᠬᠦ ᠲᠠᠶᠢᠯᠤᠮᠵᠢ ᠶᠢ ᠲᠤᠰᠬᠠᠶ ᠮᠡᠷᠭᠡᠵᠢᠯ ᠤᠨ ᠪᠣᠯᠪᠠᠰᠤᠷᠠᠯ᠂ ᠣᠨ ᠤ ᠮᠡᠳᠡᠭᠦᠯᠦᠯᠲᠡ ᠶᠢᠨ ᠬᠤᠷᠠᠯ ᠤᠨ ︽ᠠᠩᠭᠢ ᠡᠬᠢᠯᠡᠬᠦ ᠨᠢᠭᠡᠳᠦᠭᠡᠷ ᠬᠢᠴᠢᠶᠡᠯ︾ ᠤᠨ ᠠᠭᠤᠯᠭ᠎ᠠ ᠳᠤ ᠣᠷᠣᠭᠤᠯᠵᠤ᠂ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ᠂ ᠲᠤᠬᠠᠶᠢᠯᠠᠭᠰᠠᠨ ᠠᠵᠢᠯ ᠬᠢᠭᠡᠳ ᠬᠠᠤᠯᠢ ᠲᠦᠭᠡᠮᠡᠯᠵᠢᠭᠦᠯᠬᠦ ᠶᠢ ᠨᠡᠪᠲᠡᠷᠡᠯᠴᠡᠭᠦᠯᠦᠨ ᠠᠭᠤᠰᠤᠯᠴᠠᠭᠤᠯᠤᠭᠰᠠᠨ ᠤᠬᠠᠭᠤᠯᠭ᠎ᠠ ᠶᠢᠨ ᠪᠠᠶᠢᠷᠢᠰᠢᠯ ᠢ ᠪᠣᠶ ᠪᠤᠯᠭᠠᠪᠠ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠡᠯ᠎ᠡ ᠵᠦᠢᠯ ᠤᠨ ᠠᠵᠢᠯ ᠢ ᠰᠢᠰᠲ᠋ᠧᠮ ᠲᠠᠢ ᠡᠮᠬᠢᠯᠡᠨ ᠳ᠋ᠦᠩᠨᠡᠵᠦ᠂ ᠣᠯᠤᠭᠰᠠᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠤᠯᠬᠤ ᠲᠣᠭᠲᠠᠴᠠ ᠶᠢ ᠰᠦᠪᠡᠭᠴᠢᠯᠡᠨ ᠠᠬᠢᠭᠤᠯᠵᠤ᠂ ᠬᠠᠤᠯᠢ ᠲᠦᠭᠡᠮᠡᠯᠵᠢᠭᠦᠯᠬᠦ ᠪᠠ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠤᠨ ᠣᠷᠭᠠᠨᠢᠭ ᠤᠶᠠᠯᠳᠤᠯ ᠤᠨ ᠴᠡᠭ ᠢ ᠭᠦᠨᠵᠡᠭᠡᠶ ᠠᠭᠤᠳᠠᠯᠵᠤ᠂ ᠬᠠᠤᠯᠢ ᠲᠦᠭᠡᠮᠡᠯᠵᠢᠭᠦᠯᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠠᠤᠯᠢ ᠲᠦᠭᠡᠮᠡᠯᠵᠢᠭᠦᠯᠬᠦ ᠲᠠᠪᠴᠠᠩ ᠢ ᠥᠷᠭᠡᠳᠬᠡᠵᠦ᠂ ᠨᠡᠶᠢᠭᠡᠮ ᠤᠨ ᠣᠯᠠᠨ ᠨᠡᠶᠢᠲᠡ ᠶᠢᠨ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠦᠵᠡᠯᠲᠡ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号