| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ | ᠶᠡᠷᠦᠩᠬᠡᠶ ᠠᠩᠭᠢ | ︵2024 ᠣᠨ ᠤ 12 ᠰᠠᠷ᠎ᠠ ᠶᠢᠨ 16 ᠤ ᠡᠳᠦᠷ︶ | | 1 - 11 ᠳ᠋ᠤᠭᠡᠷ ᠰᠠᠷ᠎ᠠ ᠳᠤ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠦᠴᠦᠲᠡᠶ ᠦᠷ᠎ᠡ | ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠵᠤ᠂ ᠪᠥᠬᠦ ᠣᠷᠣᠨ ᠤ ᠠᠵᠤ ᠠᠬᠤᠶ ᠦᠷᠭᠦᠯᠵᠢᠯᠡᠨ | ᠲᠣᠭᠲᠠᠭᠤᠨ ᠢᠶᠠᠷ ᠠᠵᠢᠯᠯᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ | ᠬᠡᠷᠡᠭᠯᠡᠭᠡᠨ ᠤ ᠵᠠᠬ᠎ᠠ ᠳᠡᠯᠭᠡᠭᠦᠷ ᠲᠠᠰᠤᠷᠠᠯᠲᠠ ᠥᠬᠡᠶ ᠬᠥᠭᠵᠢᠶᠡᠨᠲᠡᠶ ᠪᠣᠯᠵᠣ᠂ ᠪᠠᠯᠠ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠦᠷᠭᠦᠯᠵᠢᠯᠡᠨ ᠳᠡᠭᠡᠭᠰᠢᠯᠡᠵᠦ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ | ᠠᠭᠢᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠣᠨᠤᠭ ᠲᠥᠬᠦᠭᠡᠷᠦᠮᠵᠢ | ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ | ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠪᠡ᠃ ᠭᠤᠷᠪᠠᠨ ᠶᠡᠭᠡ ᠲᠥᠷᠥᠯ ᠬᠤᠪᠢᠶᠠᠵᠤ | ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.9% ᠪᠠᠷ | ᠨᠡᠮᠡᠭᠳᠡᠵᠦ᠂ ᠦᠢᠯᠡᠳᠬᠦ ᠦᠢᠯᠡᠰ 8.9% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ | ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 8.2% ᠢᠶᠠᠷ ᠨᠡᠮᠡᠭᠳᠡᠪᠡ᠃ ᠠᠵᠤ ᠠᠬᠤᠶ ᠶᠢᠨ | ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠵᠦ᠂ ᠬᠤᠪᠢ ᠣᠷᠣᠭᠤᠯᠤᠯᠲᠠ ᠶᠢᠨ | ᠳᠦᠷᠢᠮᠲᠦ ᠠᠵᠤ ᠠᠬᠤᠶᠢᠯᠠᠯ 6.9% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ | ᠣᠣᠮᠧᠨ ᠲᠠᠶᠢᠸᠠᠨ ᠤ ᠪᠠᠯᠠ ᠣᠷᠣᠭᠤᠯᠤᠭᠰᠠᠨ ᠠᠵᠤ ᠠᠬᠤᠶᠢᠯᠠᠯ 4.0% ᠨᠡᠮᠡᠭᠳᠡᠵᠦ᠂ ᠬᠤᠪᠢ ᠶᠢᠨ | ᠡᠵᠡᠩᠨᠡᠯᠲᠡ ᠶᠢᠨ ᠠᠵᠤ ᠠᠬᠤᠶᠢᠯᠠᠯ 6.2% ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠠᠴᠠ ᠦᠵᠡᠪᠡᠯ᠂ | ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 39.8% ᠪᠠᠷ | ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 27.4% ᠪᠠᠷ ᠨᠡᠮᠡᠭᠳᠡᠵᠦ᠂ | ᠲᠣᠰ ᠲᠣᠰ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠴᠠ 33.0 ᠪᠠ | 20.6 ᠵᠠᠭᠤᠨ ᠤ ᠬᠤᠪᠢ ᠶᠢᠨ ᠴᠡᠭ ᠲᠦᠷᠭᠡᠨ ᠪᠣᠯᠵᠠᠶ᠃ ᠭᠤᠤᠯ ᠪᠣᠯᠬᠤ ᠦᠢᠯᠡᠳᠬᠦᠨ ᠠᠴᠠ ᠦᠵᠡᠪᠡᠯ᠂ | ᠨᠡᠭᠦᠷᠡᠰᠦᠨ ᠤ ᠭᠠᠷᠤᠯᠲᠠ 11.8 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5. | 2% ᠢᠶᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 7373.9 ᠳ᠋ᠦᠩᠰᠢᠭᠤᠷ ᠺᠢᠯᠤᠸᠠᠲ ᠴᠠᠭ ᠲᠤ | ᠬᠦᠷᠴᠦ᠂ 9.0% ᠢᠶᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ | 1735.5 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 25.4% ᠪᠠᠷ ᠨᠡᠮᠡᠭᠳᠡᠪᠡ᠃ 1-10 ᠳ᠋ᠤᠭᠠᠷ | ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 23661.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠰᠢᠭ ᠬᠤᠨᠵᠢᠪᠣᠷᠢ ᠶᠢᠨ | ᠶᠡᠷᠦᠩᠬᠡᠶ ᠲᠤᠭ᠎ᠠ ᠨᠢ 2443.7 ᠳ᠋ᠦᠩᠰᠢᠭᠤᠷ ᠲᠥᠭᠦᠷᠢᠭ ᠲᠤ ᠬᠥᠷᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠰᠠᠭᠤᠷᠢ | ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ ᠪᠣᠯᠪᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 13.0% ᠨᠡᠮᠡᠭᠳᠡᠵᠦ᠂ | 1-10 ᠳ᠋ᠤᠭᠠᠷ ᠰᠠᠷ᠎ᠠ ᠶᠢᠨ ᠬᠢ ᠠᠴᠠ 1.6 ᠵᠠᠭᠤᠨ ᠤ ᠬᠤᠪᠢ ᠶᠢᠨ ᠴᠡᠭ ᠲᠦᠷᠭᠡᠳᠪᠡ᠃ ᠬᠦᠷᠢᠶ᠎ᠡ ᠴᠠᠷᠠᠭ᠎ᠠ | ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ 18.3% ᠪᠠᠷ ᠨᠡᠮᠡᠭᠳᠡᠵᠦ᠂ ᠦᠢᠯᠡᠳᠬᠦ | ᠦᠢᠯᠡᠰ ᠤᠨ ᠪᠠᠯᠠ ᠣᠷᠣᠭᠤᠯᠤᠯᠲᠠ 0.6% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠪᠠᠯᠠ ᠣᠷᠣᠭᠤᠯᠤᠯᠲᠠ 1.8% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 66.2% ᠢᠶᠠᠷ | ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 14.4% ᠪᠠᠷ ᠨᠡᠮᠡᠭᠳᠡᠵᠦ᠂ ᠡᠭᠦᠨ ᠳᠤ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 14.4% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ | ᠪᠠᠯᠠ ᠣᠷᠣᠭᠤᠯᠤᠯᠲᠠ 5.6% ᠪᠠᠷ ᠨᠡᠮᠡᠭᠳᠡᠪᠡ᠃ ᠠᠷᠠᠳ ᠤᠨ ᠪᠠᠯᠠ ᠣᠷᠣᠭᠤᠯᠤᠯᠲᠠ 4.7% ᠪᠠᠷ ᠨᠡᠮᠡᠭᠳᠡᠵᠦ᠂ | ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ᠂ | ᠠᠷᠠᠳ ᠤᠨ ᠪᠠᠯᠠ ᠣᠷᠣᠭᠤᠯᠤᠯᠲᠠ 8.7% ᠪᠠᠷ ᠨᠡᠮᠡᠭᠳᠡᠪᠡ᠃ | ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ ᠳᠡᠭᠡᠭᠰᠢᠯᠡᠵᠦ᠂ ᠲᠠᠰ ᠳᠡᠪᠰᠢᠭᠰᠡᠨ | ᠲᠥᠷᠥᠯ ᠤᠨ ᠲᠠᠸᠠᠷ ᠤᠨ ᠪᠣᠷᠣᠯᠠᠭᠤᠯᠭ᠎ᠠ ᠰᠠᠶᠢᠨ ᠪᠠᠶᠢᠨ᠎ᠠ᠃ | 1-11ᠳ᠋ᠤᠭᠡᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 5047.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.0% ᠢᠶᠠᠷ ᠨᠡᠮᠡᠭᠳᠡᠵᠦ᠂ 1-10 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ | ᠬᠤᠪᠢ ᠶᠢᠨ ᠴᠡᠭ ᠲᠦᠷᠭᠡᠳᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.9% ᠨᠡᠮᠡᠭᠳᠡᠵᠦ᠂ ᠬᠥᠳᠡᠭᠡ ᠲᠣᠰᠬᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.7% ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ | ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 6.8% ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 3. | 6% ᠨᠡᠮᠡᠭᠳᠡᠪᠡ᠃ ᠲᠡᠰ ᠳᠡᠪᠰᠢᠭᠦᠯᠬᠦ ᠲᠦᠷᠦᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ | ᠨᠡᠯᠢᠶᠡᠳ ᠲᠦᠷᠭᠡᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠰᠤᠷᠪᠤᠯᠵᠢ | ᠬᠡᠷᠡᠭᠯᠡᠬᠦ ᠮᠠᠰᠢᠨ ᠲᠡᠷᠭᠡᠨ ᠤ ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 89.7% ᠪᠠᠷ | ᠨᠡᠮᠡᠭᠳᠡᠵᠦ᠂ ᠡᠮᠦᠰᠴᠦ ᠵᠡᠭᠦᠵᠦ ᠪᠣᠯᠬᠤ ᠤᠶᠤᠨᠲᠤ ᠲᠥᠬᠦᠭᠡᠷᠦᠮᠵᠢ 82.9% ᠪᠠᠷ ᠨᠡᠮᠡᠭᠳᠡᠵᠦ᠂ ᠮᠡᠳᠡᠭᠡ | ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ 78.8% ᠪᠠᠷ ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ | ᠴᠡᠩᠭᠡᠯ ᠤᠨ ᠬᠡᠷᠡᠭᠰᠡᠯ ᠤᠨ ᠲᠦᠷᠦᠯ 49.7% ᠪᠠᠷ ᠨᠡᠮᠡᠭᠳᠡᠪᠡ᠃ | ᠳᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠨᠠᠮᠵᠢᠭᠤᠨ ᠪᠥᠭᠡᠳ ᠡᠵᠡᠮᠳᠡᠵᠦ ᠪᠣᠯᠬᠤ | ᠪᠤᠯᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ | ᠪᠠᠭᠤᠷᠠᠪᠠ᠃ | 11 ᠳ᠋ᠤᠭᠡᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ | ᠠᠳᠠᠯᠢ ᠬᠤᠭᠤᠴᠠᠭᠠᠨ ᠤ ᠬᠢ ᠠᠴᠠ 0.3% ᠪᠠᠷ ᠪᠠᠭᠤᠷᠠᠪᠠ᠂ ᠡᠭᠦᠨ ᠳᠤ ᠬᠤᠲᠠ᠂ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠴᠥᠮ 0.3% ᠪᠠᠷ ᠪᠠᠭᠤᠷᠠᠪᠠ᠃ ᠲᠥᠷᠥᠯ ᠬᠤᠪᠢᠶᠠᠵᠤ | ᠦᠵᠡᠪᠡᠯ᠂ ᠢᠳᠡᠭᠡᠨ ᠤᠮᠳᠠᠭᠠᠨ ᠠᠷᠢᠬᠢ ᠲᠠᠮᠠᠬᠢᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 0.1% ᠪᠠᠷ | ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 1.0% ᠪᠠᠷ ᠥᠰᠴᠦ᠂ ᠣᠷᠣᠨ ᠰᠠᠭᠤᠴᠠ ᠶᠢᠨ ᠦᠨ᠎ᠡ | ᠬᠠᠩᠰᠢ 0.2% ᠢᠶᠠᠷ ᠪᠠᠭᠤᠷᠠᠵᠤ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 1. | 4% ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠦᠨ᠎ᠡ ᠬᠠᠩᠰᠢ 4.0% ᠪᠠᠷ ᠪᠠᠭᠤᠷᠠᠵᠤ᠂ | ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ ᠬᠠᠩᠰᠢ 0.4% ᠪᠠᠷ ᠥᠰᠴᠦ᠂ ᠡᠮ ᠡᠮᠨᠡᠯᠭᠡ | ᠡᠷᠡᠭᠦᠯᠵᠢᠯ ᠤᠨ ᠦᠨ᠎ᠡ ᠬᠠᠩᠰᠢ 0.4% ᠪᠠᠷ ᠪᠠᠭᠤᠷᠠᠵᠤ᠂ ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ | ᠬᠠᠩᠰᠢ 6.7% ᠪᠠᠷ ᠥᠰᠴᠡᠶ᠃ 1-11 ᠳ᠋ᠤᠭᠡᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠬᠠᠩᠰᠢ ︵CPI︶ ᠨᠡᠶᠢᠲᠡ 0.3% ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ | 1-10 ᠳ᠋ᠤᠭᠠᠷ ᠰᠠᠷ᠎ᠠ ᠶᠢᠨ ᠬᠢ ᠲᠠᠢ ᠲᠡᠩᠴᠡᠪᠡ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ | ᠦᠢᠯᠡᠳᠪᠦᠷᠢ ᠠᠴᠠ ᠭᠠᠷᠭᠠᠬᠤ ᠦᠨ᠎ᠡ ᠬᠠᠩᠰᠢ ᠨᠡᠶᠢᠲᠡ 3.4% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | 1-10 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠬᠤᠪᠢ ᠶᠢᠨ ᠴᠡᠭ ᠪᠠᠭᠠᠰᠴᠠᠶ︔ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠬᠠᠩᠰᠢ ᠨᠡᠶᠢᠲᠡ 2.9% ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ ᠨᠢ 1-10 ᠳ᠋ᠤᠭᠠᠷ ᠰᠠᠷ᠎ᠠ ᠶᠢᠨ ᠬᠢ ᠲᠠᠢ ᠲᠡᠩᠴᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠦᠯᠡᠳᠡᠭᠡᠯ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠦᠴᠦᠯᠡᠬᠦ᠂ | ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ᠂ 1 - 11 ᠳ᠋ᠤᠭᠡᠷ ᠰᠠᠷ᠎ᠠ ᠳᠤ᠂ | ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠣᠯᠠᠨ ᠠᠵᠢᠯ | ᠲᠥᠷᠥᠯ ᠤᠨ ᠬᠦᠷᠢᠶᠡᠨ ᠳᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠳᠬᠡᠬᠦ ᠪᠠᠶᠢᠳᠠᠯ ᠢᠯᠡᠷᠡᠪᠡ᠃ | ᠭᠡᠪᠡᠴᠦ᠂ ᠪᠦᠲᠦᠮᠵᠢᠲᠡᠶ ᠬᠡᠷᠡᠭᠴᠡᠭᠡ ᠮᠥᠨ ᠬᠦ ᠬᠦᠷᠦᠯᠴᠡᠬᠦ ᠥᠬᠡᠶ᠂ ᠬᠡᠰᠡᠭ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠮᠥᠨ ᠬᠦ ᠬᠦᠴᠢᠷᠳᠡᠯᠲᠡᠶ᠂ ᠠᠵᠤ ᠠᠬᠤᠶ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ | ᠰᠠᠭᠤᠷᠢ ᠶᠢ ᠮᠥᠨ ᠬᠦ ᠪᠠᠬᠢᠵᠢᠭᠦᠯᠬᠦ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠲᠠᠷᠠᠭᠠᠴᠢ ᠶᠢᠨ | ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ | ᠶᠣᠰᠣᠭᠠᠷ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠥᠷᠥᠨ ᠤᠷᠤᠭᠰᠢᠯᠠᠵᠤ᠂ ᠲᠥᠷᠥ ᠶᠢᠨ | ᠪᠣᠳᠣᠯᠭ᠎ᠠ ᠶᠢᠨ ᠵᠣᠯᠭᠠᠯᠴᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ | ᠬᠠᠮᠲᠤᠷᠠᠯ ᠬᠦᠴᠦᠨ ᠢ ᠴᠢᠩᠭᠠᠳᠬᠠᠵᠤ᠂ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠬᠦ ᠬᠡᠷᠡᠭᠲᠡᠶ᠃ | |