2024 ᠣᠨ ᠠᠴᠠ ᠨᠠᠭᠠᠰᠢ᠂ ᠪᠥᠬᠦ ᠣᠷᠣᠨ ᠤ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠲᠣᠭᠲᠠᠭᠤᠨ | ᠪᠥᠭᠡᠳ ᠬᠦᠴᠦᠲᠡᠶ ᠪᠠᠶᠢᠵᠤ᠂ ᠲᠦᠭᠦᠬᠡᠶ ᠨᠡᠭᠦᠷᠡᠰᠦᠨ ᠤ ᠭᠠᠷᠤᠯᠲᠠ᠂ ᠴᠠᠬᠢᠯᠭᠠᠨ ᠭᠠᠷᠭᠠᠬᠤ ᠬᠡᠮᠵᠢᠶ᠎ᠡ ᠪᠥᠬᠦ | ᠤᠯᠤᠰ ᠲᠤ ᠲᠡᠷᠢᠭᠦᠯᠡᠵᠦ᠂ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠲᠦᠷᠭᠡᠳᠴᠦ᠂ ᠴᠠᠬᠢᠯᠭᠠᠨ | ᠬᠦᠴᠦᠨ ᠤ ᠪᠦᠲᠦᠴᠡ ᠦᠷᠭᠦᠯᠵᠢᠯᠡᠨ ᠰᠢᠯᠢᠳᠡᠭᠵᠢᠪᠡ᠃ | ᠨᠢᠭᠡ᠂ ᠨᠡᠭᠦᠷᠡᠰᠦᠨ ᠤ ᠭᠠᠷᠤᠯᠲᠠ ᠲᠦᠷᠭᠡᠨ ᠨᠡᠮᠡᠭᠳᠡᠵᠦ ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠲᠦᠭᠦᠬᠡᠶ ᠨᠡᠭᠦᠷᠡᠰᠦᠨ ᠤ ᠭᠠᠷᠤᠯᠲᠠ 11.78 ᠳ᠋ᠦᠩᠰᠢᠭᠤᠷ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1-10 ᠳ᠋ᠤᠭᠠᠷ | ᠰᠠᠷ᠎ᠠ ᠶᠢᠨ ᠬᠢ ᠠᠴᠠ 0.3 ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠳᠤ᠂ 11 ᠰᠠᠷ᠎ᠠ ᠳᠤ ᠲᠦᠭᠦᠬᠡᠶ | ᠨᠡᠭᠦᠷᠡᠰᠦᠨ ᠤ ᠭᠠᠷᠤᠯᠲᠠ 1.17 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8. | 4% ᠪᠠᠷ ᠨᠡᠮᠡᠭᠳᠡᠵᠦ᠂ ᠲᠦᠷᠦᠭᠦᠦ ᠰᠠᠷ᠎ᠠ ᠶᠢᠨ ᠬᠢ ᠠᠴᠠ 0.9 ᠵᠠᠭᠤᠨ ᠤ ᠬᠤᠪᠢ ᠶᠢᠨ ᠴᠡᠭ ᠲᠦᠷᠭᠡᠳᠪᠡ᠃ | ᠲᠦᠭᠦᠬᠡᠶ ᠨᠡᠭᠦᠷᠡᠰᠦᠨ ᠤ ᠭᠤᠤᠯ ᠭᠠᠷᠤᠯᠲᠠ ᠶᠢᠨ ᠣᠷᠣᠨ ᠤ ᠬᠤᠪᠢ ᠨᠡᠮᠡᠷᠢ ᠳᠤᠪᠤᠶᠢᠮ᠎ᠠ᠃ 1 - 11 | ᠰᠠᠷ᠎ᠠ ᠳᠤ᠂ ᠣᠷᠳᠣᠰ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 8.12 ᠳ᠋ᠦᠩᠰᠢᠭᠤᠷ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ︔ ᠰᠢᠯᠢ ᠶᠢᠨ ᠭᠤᠤᠯ ᠠᠶᠢᠮᠠᠭ ᠤᠨ | ᠲᠦᠭᠦᠬᠡᠶ ᠨᠡᠭᠦᠷᠡᠰᠦᠨ ᠤ ᠭᠠᠷᠤᠯᠲᠠ 1.32 ᠳ᠋ᠦᠩᠰᠢᠭᠤᠷ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠂ ᠬᠤᠶᠠᠷ ᠠᠶᠢᠮᠠᠭ ᠬᠤᠲᠠ ᠶᠢᠨ ᠲᠦᠭᠦᠬᠡᠶ ᠨᠡᠭᠦᠷᠡᠰᠦᠨ ᠤ | ᠭᠠᠷᠤᠯᠲᠠ ᠨᠢ ᠪᠥᠬᠦ ᠣᠷᠣᠨ ᠤ 80.1% ᠶᠢ ᠡᠵᠡᠯᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ | ᠭᠠᠷᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 95.7% ᠳᠤ ᠬᠦᠷᠴᠡᠶ᠃ | ᠬᠤᠶᠠᠷ᠂ ᠴᠠᠬᠢᠯᠭᠠᠨ ᠭᠠᠷᠭᠠᠬᠤ ᠬᠡᠮᠵᠢᠶ᠎ᠡ ᠲᠣᠭᠲᠠᠭᠤᠨ ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠴᠠᠬᠢᠯᠭᠠᠨ ᠭᠠᠷᠭᠠᠭᠰᠠᠨ ᠬᠡᠮᠵᠢᠶ᠎ᠡ 7373.9 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.0% ᠨᠡᠮᠡᠭᠳᠡᠪᠡ᠃ ᠡᠭᠦᠨ ᠳᠤ᠂ 11 ᠰᠠᠷ᠎ᠠ ᠳᠤ ᠴᠠᠬᠢᠯᠭᠠᠨ ᠭᠠᠷᠭᠠᠭᠰᠠᠨ ᠬᠡᠮᠵᠢᠶ᠎ᠡ | 700.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ | ᠨᠡᠮᠡᠭᠳᠡᠪᠡ᠃ | ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠲᠦᠷᠭᠡᠨ ᠨᠡᠮᠡᠭᠳᠡᠪᠡ᠃ 1-11 ᠳ᠋ᠤᠭᠡᠷ ᠰᠠᠷ᠎ᠠ ᠳᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ | ᠭᠠᠷᠭᠠᠯᠲᠠ ᠶᠢᠨ ᠬᠡᠮᠵᠢᠶ᠎ᠡ 1735.5 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 25.4% ᠨᠡᠮᠡᠭᠳᠡᠵᠦ᠂ ᠪᠥᠬᠦ ᠴᠠᠬᠢᠯᠭᠠᠨ ᠭᠠᠷᠭᠠᠯᠲᠠ ᠶᠢᠨ ᠨᠡᠮᠡᠭᠳᠡᠯ ᠤᠨ | ᠬᠤᠷᠳᠤᠴᠠ ᠠᠴᠠ 16.4 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠭᠰᠠᠨ ᠬᠡᠮᠵᠢᠶ᠎ᠡ 1434.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 23.1% ᠨᠡᠮᠡᠭᠳᠡᠪᠡ᠂ ᠨᠡᠷᠡᠨ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 287. | 4 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.8% ᠨᠡᠮᠡᠭᠳᠡᠪᠡ᠃ | |