1-11 ᠳ᠋ᠤᠭᠡᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ 5047.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.0% ᠢᠶᠠᠷ ᠨᠡᠮᠡᠭᠳᠡᠵᠦ᠂ 1-10 ᠳ᠋ᠤᠭᠠᠷ ᠰᠠᠷ᠎ᠠ ᠶᠢᠨ ᠬᠢ ᠠᠴᠠ 0.4 ᠵᠠᠭᠤᠨ ᠤ | ᠬᠤᠪᠢ ᠶᠢᠨ ᠴᠡᠭ ᠲᠦᠷᠭᠡᠳᠪᠡ᠃ | ᠨᠢᠭᠡ᠂ ᠵᠠᠪᠠᠯ ᠬᠡᠷᠡᠭᠰᠡᠬᠦ ᠬᠡᠷᠡᠭᠯᠡᠭᠡ ᠨᠢ ᠮᠥᠨ ᠯᠡ ᠴᠢᠬᠤᠯᠠ ᠲᠤᠯᠭᠠᠭᠤᠷᠢᠯᠠᠯ ᠪᠣᠯᠤᠨ᠎ᠠ᠃ | 1 - 11 ᠳ᠋ᠤᠭᠡᠷ ᠰᠠᠷ᠎ᠠ ᠳᠤ᠂ ᠪᠥᠬᠦ ᠣᠷᠣᠨ ᠤ ᠬᠢᠵᠠᠭᠠᠷᠯᠠᠭᠰᠠᠨ ᠨᠢᠭᠡᠴᠢ ᠠᠮᠤ ᠲᠣᠰᠣ ᠢᠳᠡᠭᠡᠨ ᠤ ᠲᠥᠷᠥᠯ᠂ | ᠤᠮᠳᠠᠭᠠᠨ ᠤ ᠲᠥᠷᠥᠯ ᠪᠠ ᠠᠷᠢᠬᠢ ᠲᠠᠮᠠᠬᠢᠨ ᠤ ᠲᠥᠷᠥᠯ ᠲᠣᠰ ᠲᠣᠰ ᠠᠳᠠᠯᠢ ᠬᠤᠭᠤᠴᠠᠭᠠᠨ ᠤ ᠬᠢ ᠠᠴᠠ 15. | 4%᠂ 23.2% ᠪᠠ 6.6% ᠪᠠᠷ ᠨᠡᠮᠡᠭᠳᠡᠵᠦ᠂ ᠬᠢᠵᠠᠭᠠᠷ ᠠᠴᠠ ᠳᠡᠭᠡᠭᠰᠢᠬᠢ ᠬᠤᠷᠰᠢᠶ᠎ᠠ ᠶᠢᠨ ᠵᠢᠵᠢᠭᠯᠡᠨ | ᠬᠤᠳᠠᠯᠳᠤᠬᠤ ᠨᠡᠮᠡᠭᠳᠡᠯ ᠤᠨ ᠬᠤᠷᠳᠤᠴᠠ ᠨᠡᠶᠢᠲᠡ 1.9 ᠵᠠᠭᠤᠨ ᠤ ᠬᠤᠪᠢ ᠶᠢᠨ ᠴᠡᠭ ᠪᠠᠶᠢᠵᠤ᠂ ᠨᠡᠮᠡᠭᠳᠡᠯ ᠤᠨ | ᠬᠤᠪᠢ ᠨᠡᠮᠡᠷᠢ ᠦᠵᠡᠭᠦᠯᠦᠭᠰᠡᠨ ᠨᠣᠷᠮ᠎ᠠ 49.2% ᠲᠤ ᠬᠥᠷᠪᠡ᠃ | ᠬᠤᠶᠠᠷ᠂ ᠢᠳᠡᠭᠡᠨ ᠤᠮᠳᠠᠭᠠᠨ ᠤ ᠵᠦᠢᠯᠡᠰ ᠤᠨ ᠨᠡᠮᠡᠭᠳᠡᠯ ᠤᠨ ᠬᠤᠷᠳᠤᠴᠠ ᠨᠢ ᠲᠠᠸᠠᠷ ᠤᠨ ᠵᠢᠵᠢᠭᠯᠡᠨ | ᠬᠤᠳᠠᠯᠳᠤᠬᠤ ᠠᠴᠠ ᠲᠦᠷᠭᠡᠨ ᠪᠣᠯᠪᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠲᠠᠸᠠᠷ ᠤᠨ ᠵᠢᠵᠢᠭᠯᠡᠨ ᠪᠣᠷᠣᠯᠠᠭᠤᠯᠤᠯᠲᠠ ᠠᠳᠠᠯᠢ | ᠬᠤᠭᠤᠴᠠᠭᠠᠨ ᠤ ᠬᠢ ᠠᠴᠠ 3.6% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 6.8% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ ᠲᠠᠸᠠᠷ ᠤᠨ ᠵᠢᠵᠢᠭᠯᠡᠨ | ᠪᠣᠷᠣᠯᠠᠭᠤᠯᠤᠯᠲᠠ ᠠᠴᠠ 3.2 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃ | ᠭᠤᠷᠪᠠ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠦᠷᠭᠦᠯᠵᠢᠯᠡᠨ ᠦᠷ᠎ᠡ | ᠪᠦᠲᠦᠮᠵᠢ ᠣᠯᠵᠤ ᠪᠠᠶᠢᠨ᠎ᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠢᠵᠠᠭᠠᠷᠯᠠᠭᠰᠠᠨ ᠮᠠᠰᠢᠨ ᠲᠡᠷᠭᠡᠨ ᠤ ᠲᠥᠷᠥᠯ ᠤᠨ ᠲᠠᠸᠠᠷ ᠤᠨ | ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 11.8% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ 1-10 ᠳ᠋ᠤᠭᠠᠷ ᠰᠠᠷ᠎ᠠ ᠶᠢᠨ ᠬᠢ ᠠᠴᠠ 3.9 ᠵᠠᠭᠤᠨ ᠤ ᠬᠤᠪᠢ ᠶᠢᠨ ᠴᠡᠭ ᠲᠦᠷᠭᠡᠳᠪᠡ︔ ᠪᠥᠬᠦ | ᠣᠷᠣᠨ ᠤ ᠬᠢᠵᠠᠭᠠᠷ ᠠᠴᠠ ᠳᠡᠭᠡᠭᠰᠢᠬᠢ ᠬᠤᠷᠰᠢᠶ᠎ᠠ ᠶᠢᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠤᠷᠳᠤᠴᠠ ᠶᠢ 4 | ᠵᠠᠭᠤᠨ ᠤ ᠬᠤᠪᠢ ᠶᠢᠨ ᠴᠡᠭ ᠢᠶᠠᠷ ᠳᠠᠶᠢᠴᠢᠯᠠᠵᠤ᠂ ᠳᠠᠶᠢᠴᠢᠯᠠᠬᠤ ᠦᠢᠯᠡᠳᠦᠯ ᠢ ᠨᠢ 1-10 ᠳ᠋ᠤᠭᠠᠷ | ᠰᠠᠷ᠎ᠠ ᠶᠢᠨ ᠬᠢ ᠠᠴᠠ 1.4 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠪᠡ᠃ ᠡᠭᠦᠨ ᠳᠤ᠂ ᠰᠢᠨ᠎ᠡ ᠡᠨᠧᠷᠭᠢ ᠶᠢᠨ | ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 89.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | 1-10 ᠳ᠋ᠤᠭᠠᠷ ᠰᠠᠷ᠎ᠠ ᠶᠢᠨ ᠬᠢ ᠠᠴᠠ 6.2 ᠵᠠᠭᠤᠨ ᠤ ᠬᠤᠪᠢ ᠶᠢᠨ ᠴᠡᠭ ᠲᠦᠷᠭᠡᠳᠪᠡ᠃ 11 ᠳ᠋ᠤᠭᠡᠷ | ᠰᠠᠷ᠎ᠠ ᠳᠤ᠂ ᠪᠥᠬᠦ ᠣᠷᠣᠨ ᠤ ᠬᠢᠵᠠᠭᠠᠷᠯᠠᠭᠰᠠᠨ ᠨᠢᠭᠡᠴᠢ ᠶᠢᠨ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ | ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠬᠡᠷ ᠤᠨ ᠬᠡᠷᠡᠭᠰᠡᠯ ᠤᠨ ᠲᠥᠷᠥᠯ ᠪᠠ ᠪᠠᠷᠢᠯᠭ᠎ᠠ ᠵᠢᠴᠢ | ᠴᠢᠮᠡᠭᠯᠡᠯ ᠤᠨ ᠮᠠᠲ᠋ᠧᠷᠢᠶᠠᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ ᠲᠣᠰ ᠲᠣᠰ 38.2%᠂ 4.1% ᠪᠠ 62.1% ᠪᠠᠷ ᠨᠡᠮᠡᠭᠳᠡᠵᠦ᠂ 10 ᠳ᠋ᠤᠭᠠᠷ | ᠰᠠᠷ᠎ᠠ ᠶᠢᠨ ᠬᠢ ᠠᠴᠠ ᠲᠣᠰ ᠲᠣᠰ 13.3᠂ 45.5 ᠪᠠ 41.4 ᠵᠠᠭᠤᠨ ᠤ ᠬᠤᠪᠢ ᠶᠢᠨ ᠴᠡᠭ ᠲᠦᠷᠭᠡᠳᠪᠡ᠃ | ᠳᠥᠷᠪᠡ᠂ ︽ ᠬᠤᠤᠰ ᠠᠷᠪᠠᠨ ᠨᠢᠭᠡ︾ ᠶᠢᠨ ᠬᠤᠳᠠᠯᠳᠤᠭᠠᠨ ᠤ ᠪᠠᠶᠠᠷ ᠨᠢ ᠰᠦᠯᠵᠢᠶᠡᠨ ᠳᠡᠭᠡᠷᠡᠬᠢ | ᠬᠡᠷᠡᠭᠯᠡᠭᠡ ᠶᠢ ᠳᠠᠶᠢᠴᠢᠯᠠᠪᠠ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠬᠢᠵᠠᠭᠠᠷ ᠠᠴᠠ ᠰᠦᠯᠵᠢᠶᠡᠨ ᠳᠡᠭᠡᠷ᠎ᠡ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 33.7% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | 1-10 ᠳ᠋ᠤᠭᠠᠷ ᠰᠠᠷ᠎ᠠ ᠶᠢᠨ ᠬᠢ ᠠᠴᠠ 2.3 ᠵᠠᠭᠤᠨ ᠤ ᠬᠤᠪᠢ ᠶᠢᠨ ᠴᠡᠭ ᠲᠦᠷᠭᠡᠳᠴᠦ᠂ ᠪᠥᠬᠦ ᠣᠷᠣᠨ ᠤ | ᠬᠢᠵᠠᠭᠠᠷ ᠠᠴᠠ ᠳᠡᠭᠡᠭᠰᠢᠬᠢ ᠬᠤᠷᠰᠢᠶ᠎ᠠ ᠶᠢᠨ ᠵᠢᠵᠢᠭᠯᠡᠨ ᠬᠤᠳᠠᠯᠳᠤᠭᠰᠠᠨ ᠲᠤᠭ᠎ᠠ 2.3 ᠵᠠᠭᠤᠨ ᠤ ᠬᠤᠪᠢ ᠶᠢᠨ ᠴᠡᠭ | ᠨᠡᠮᠡᠭᠳᠡᠪᠡ᠃ ᠡᠭᠦᠨ ᠳᠤ᠂ 11 ᠰᠠᠷ᠎ᠠ ᠳᠤ᠂ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 50.5% ᠪᠠᠷ ᠨᠡᠮᠡᠭᠳᠡᠵᠦ᠂ 10 ᠰᠠᠷ᠎ᠠ ᠶᠢᠨ ᠬᠢ ᠠᠴᠠ 12.9 | ᠵᠠᠭᠤᠨ ᠤ ᠬᠤᠪᠢ ᠶᠢᠨ ᠴᠡᠭ ᠲᠦᠷᠭᠡᠳᠪᠡ᠃ | |