ᠡᠨᠡ ᠵᠢᠯ ᠠᠴᠠ ᠨᠠᠰᠢ᠂ ᠪᠥᠬᠦ ᠣᠷᠣᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠥᠷᠭᠡᠳᠬᠡᠨ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠨᠡᠮᠡᠭᠳᠡᠯ ᠤᠨ ᠬᠤᠷᠳᠤᠴᠠ ᠨᠢ | ᠪᠥᠬᠦ ᠤᠯᠤᠰ ᠲᠤ ᠬᠤᠶᠠᠳᠤᠭᠠᠷ ᠲᠤ ᠣᠷᠣᠪᠠ᠃ | ᠨᠢᠭᠡ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠳᠡᠭᠡᠭᠰᠢᠯᠡᠪᠡ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 14.4% ᠪᠠᠷ ᠨᠡᠮᠡᠭᠳᠡᠵᠦ᠂ 1-10 ᠳ᠋ᠤᠭᠠᠷ ᠰᠠᠷ᠎ᠠ ᠶᠢᠨ ᠬᠢ ᠠᠴᠠ 2.9 ᠵᠠᠭᠤᠨ ᠤ | ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 8.5 | ᠵᠠᠭᠤᠨ ᠤ ᠬᠤᠪᠢ ᠶᠢᠨ ᠴᠡᠭ ᠳᠠᠶᠢᠴᠢᠯᠠᠪᠠ᠃ ︽ᠬᠤᠶᠠᠷ ᠰᠢᠨ᠎ᠡ ᠪᠠᠯᠠ ᠣᠷᠣᠭᠤᠯᠤᠯᠲᠠ︾ ᠶᠢᠨ ᠳᠠᠶᠢᠴᠢᠯᠠᠯᠲᠠ | ᠳᠤᠤᠷ᠎ᠠ᠂ ᠪᠥᠬᠦ ᠣᠷᠣᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠲᠦᠷᠭᠡᠳᠴᠦ᠂ 26.1% ᠪᠠᠷ ᠨᠡᠮᠡᠭᠳᠡᠨ᠂ 1-10 ᠳ᠋ᠤᠭᠠᠷ | ᠰᠠᠷ᠎ᠠ ᠶᠢᠨ ᠬᠢ ᠠᠴᠠ 11.7 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠪᠠᠯᠠ | ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 4.3% ᠪᠣᠯᠵᠣ᠂ ᠠᠳᠠᠯᠢ ᠬᠤᠭᠤᠴᠠᠭᠠᠨ ᠤ ᠬᠢ ᠠᠴᠠ 0.4 | ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ | ᠬᠤᠶᠠᠷ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠦᠷᠭᠦᠯᠵᠢᠯᠡᠨ ᠳᠡᠭᠡᠭᠰᠢᠯᠡᠪᠡ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 18.3% ᠪᠠᠷ ᠨᠡᠮᠡᠭᠳᠡᠵᠦ᠂ 1-10 ᠳ᠋ᠤᠭᠠᠷ ᠰᠠᠷ᠎ᠠ ᠶᠢᠨ ᠬᠢ ᠠᠴᠠ 4.3 ᠵᠠᠭᠤᠨ ᠤ | ᠬᠤᠪᠢ ᠶᠢᠨ ᠴᠡᠭ ᠳᠡᠭᠡᠭᠰᠢᠯᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ ᠠᠯᠬᠤᠮ ᠠᠯᠬᠤᠮ ᠢᠶᠠᠷ | ᠪᠠᠭᠤᠷᠠᠭᠰᠠᠨ ᠵᠢᠴᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠰᠥᠭᠡᠷᠭᠦ | ᠨᠡᠮᠡᠭᠳᠡᠭᠰᠡᠨ ᠪᠠᠶᠢᠳᠠᠯ ᠳᠤᠤᠷ᠎ᠠ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠨᠢ ᠪᠥᠬᠦ ᠣᠷᠣᠨ ᠤ ᠪᠠᠯᠠ | ᠣᠷᠣᠭᠤᠯᠤᠯᠲᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠭᠤᠤᠯ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃ | ᠡᠭᠦᠨ ᠳᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ ᠶᠢᠨ ᠬᠤᠪᠢ ᠨᠡᠮᠡᠷᠢ ᠬᠠᠮᠤᠭ ᠶᠡᠭᠡ ᠪᠠᠶᠢᠵᠤ᠂ 29.0% ᠪᠠᠷ | ᠨᠡᠮᠡᠭᠳᠡᠪᠡ᠃ | ᠭᠤᠷᠪᠠ᠂ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ ᠡᠳᠦᠶ ᠲᠡᠳᠦᠶ ᠲᠦᠷᠭᠡᠳᠪᠡ᠃ | 1-11 ᠳ᠋ᠤᠭᠡᠷ ᠰᠠᠷ᠎ᠠ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ 1-10 ᠳ᠋ᠤᠭᠠᠷ ᠰᠠᠷ᠎ᠠ ᠶᠢᠨ ᠬᠢ ᠠᠴᠠ 3.6 ᠵᠠᠭᠤᠨ ᠤ | ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 23. | 0% ᠪᠣᠯᠵᠣ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 1.3 ᠵᠠᠭᠤᠨ ᠤ | ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠰᠠᠯᠬᠢᠨ ᠬᠦᠴᠦᠨ ᠤ ᠴᠠᠬᠢᠯᠭᠠᠨ ᠤ ᠪᠠᠯᠠ ᠣᠷᠣᠭᠤᠯᠤᠯᠲᠠ 4. | 8% ᠪᠠᠷ ᠨᠡᠮᠡᠭᠳᠡᠵᠦ᠂ ᠬᠡᠷᠡᠯ ᠴᠡᠨᠡᠭ ᠤᠨ ᠪᠠᠯᠠ ᠣᠷᠣᠭᠤᠯᠤᠯᠲᠠ 84.3% ᠪᠠᠷ ᠨᠡᠮᠡᠭᠳᠡᠵᠦ᠂ ᠲᠠᠯᠠᠰᠲᠤ | ᠴᠠᠬᠢᠭᠤᠷ ᠤᠨ ᠵᠠᠬ᠎ᠠ ᠳᠡᠯᠭᠡᠭᠦᠷ ᠤᠨ ᠪᠠᠭᠤᠷᠠᠯᠲᠠ ᠶᠢᠨ ᠨᠥᠯᠥᠭᠡ ᠠᠴᠠ ᠪᠣᠯᠵᠣ᠂ ᠬᠡᠷᠡᠯ ᠴᠡᠨᠡᠭ ᠤᠨ ᠬᠠᠮᠢᠶ᠎ᠠ ᠪᠥᠬᠦᠶ | ᠦᠢᠯᠡᠳᠬᠦ ᠦᠢᠯᠡᠰ 40.4% ᠪᠠᠷ ᠪᠠᠭᠤᠷᠠᠪᠠ᠃ | |