ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠪᠣᠯᠤᠨ ᠦᠢᠯᠡ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢᠨ ᠲᠤᠰᠠᠳᠠ᠂ 12 ᠳ᠋ᠤᠭᠠᠷ ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠦᠬᠦ ᠣᠷᠣᠨ ᠤ ᠲᠤᠭ᠎ᠠ | ᠪᠦᠷᠢᠳᠬᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ ᠢ ᠦᠨᠡᠯᠡᠨ ᠪᠠᠶᠢᠴᠠᠭᠠᠬᠤ ᠵᠢᠴᠢ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ ᠶᠢᠨ ᠳᠡᠳ᠋ ᠳᠠᠷᠤᠭ᠎ᠠ ᠵᠢᠩ ᠶᠦᠩ ᠪᠥᠸᠧ ᠪᠣᠯᠪᠠᠰᠤᠷᠠᠯ ᠤᠨ | ᠬᠢᠴᠢᠶᠡᠯ ᠡᠬᠢᠯᠡᠬᠦ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠪᠣᠯᠪᠠᠰᠤᠷᠠᠯ ᠳᠤ᠂ 2024 ᠣᠨ ᠳᠤ᠂ ᠪᠥᠬᠦ ᠣᠷᠣᠨ ᠤ ᠡᠯ᠎ᠡ ᠱᠠᠲᠤᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ | ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠴᠢᠩᠭ᠎ᠠ ᠭᠦᠢᠴᠡᠳᠭᠡᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ | ᠪᠡᠶᠡᠯᠡᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠶᠢ ᠭᠦᠨᠵᠡᠭᠡᠶ ᠠᠬᠢᠭᠤᠯᠬᠤ᠂ ᠲᠤᠭ᠎ᠠ ᠪᠦᠷᠢᠳᠬᠡᠯ ᠤᠨ ᠬᠠᠤᠯᠢ ᠪᠠᠷ | ᠵᠠᠰᠠᠬᠤ ᠰᠠᠭᠤᠷᠢ ᠶᠢ ᠪᠠᠬᠢᠵᠢᠭᠦᠯᠬᠦ᠂ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠬᠦ ᠬᠠᠮᠲᠤᠷᠠᠯ ᠬᠦᠴᠦᠨ ᠢ | ᠨᠢᠭᠲᠠᠷᠠᠭᠤᠯᠬᠤ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠪᠠ᠃ | ᠪᠣᠯᠪᠠᠰᠤᠷᠠᠯ ᠳᠤ ᠱᠠᠭᠠᠷᠳᠠᠭᠰᠠᠨ ᠨᠢ᠂ ᠪᠥᠬᠦ ᠣᠷᠣᠨ ᠤ ᠡᠯ᠎ᠡ ᠱᠠᠲᠤᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠤᠭᠤᠳ ᠦᠨᠡᠨ ᠬᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠭ᠎ᠠ | ᠪᠦᠷᠢᠳᠬᠡᠯ ᠢ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ ᠬᠡᠷᠡᠭᠲᠡᠶ᠃ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠥᠨᠳᠥᠷ | ᠲᠡᠶᠢᠰᠢ ᠳᠡᠭᠡᠭᠰᠢᠯᠡᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨ ᠬᠠᠤᠯᠢ︾ | ᠶᠢᠨ ᠭᠤᠤᠯ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠳᠡᠵᠦ᠂ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠬᠦ ᠬᠡᠷᠡᠭᠲᠡᠶ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠭᠦᠨ ᠲᠡᠰᠢ ᠠᠬᠢᠭᠤᠯᠵᠤ᠂ ᠲᠤᠰ ᠭᠠᠵᠠᠷ ᠣᠷᠣᠨ ᠤ ᠪᠠᠨ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠢᠳᠡᠪᠬᠢᠲᠡᠶ ᠪᠠᠷ ᠰᠦᠪᠡᠭᠴᠢᠯᠡᠵᠦ᠂ ᠬᠠᠤᠯᠢ ᠬᠡᠷᠡᠭᠵᠢᠭᠦᠯᠬᠦ | ᠠᠵᠢᠯᠲᠠᠨ ᠢ ᠲᠣᠬᠢᠷᠠᠭᠤᠯᠬᠤ ᠪᠠᠨ ᠴᠢᠩᠭᠠᠷᠠᠭᠤᠯᠤᠨ᠂ ᠬᠠᠤᠯᠢ ᠪᠠᠷ ᠵᠠᠰᠠᠬᠤ ᠠᠵᠢᠯ ᠤᠨ ᠳᠤᠮᠳᠠᠬᠢ ᠭᠤᠤᠯᠳᠠᠯᠭ᠎ᠠ ᠲᠠᠢ | ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠭᠤᠷᠪᠠ ᠳᠤ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠲᠥᠪ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠡᠵᠦ᠂ ᠲᠤᠰᠬᠠᠶ ᠵᠠᠰᠠᠯᠲᠠ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠬᠦ ᠬᠡᠷᠡᠭᠲᠡᠶ᠃ ᠳᠥᠷᠪᠡ ᠳᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠠᠷᠢᠨ ᠨᠢᠮᠪᠠᠶ ᠬᠦᠴᠦᠯᠡᠵᠦ᠂ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠮᠡᠳᠡᠯᠭᠡ ᠶᠢᠨ | ᠰᠤᠷᠤᠯᠴᠠᠯᠭ᠎ᠠ ᠪᠠᠨ ᠴᠢᠩᠭᠠᠳᠬᠠᠵᠤ᠂ ᠴᠢᠩᠭ᠎ᠠ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠬᠡᠷᠡᠭᠲᠡᠶ᠃ | ᠪᠣᠯᠪᠠᠰᠤᠷᠠᠯ ᠤᠨ ᠠᠩᠭᠢ ᠠᠴᠠ ᠪᠥᠬᠦ ᠣᠷᠣᠨ ᠤ 2024 ᠣᠨ ᠤ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠠᠩᠰᠠ ᠡᠪᠬᠡᠮᠡᠯ ᠢ ᠦᠨᠡᠯᠡᠨ ᠪᠠᠶᠢᠴᠠᠭᠠᠭᠰᠠᠨ ᠪᠥᠭᠡᠳ ᠦᠨᠡᠯᠡᠨ | ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠡᠯ᠎ᠡ ᠠᠶᠢᠮᠠᠭ ᠬᠤᠲᠠ ᠶᠢᠨ ᠲᠠᠩᠰᠠ ᠡᠪᠬᠡᠮᠡᠯ ᠢ ᠦᠨᠡᠯᠡᠨ | ᠪᠠᠶᠢᠴᠠᠭᠠᠬᠤ ᠪᠠᠷᠢᠮᠵᠢᠶ᠎ᠠ ᠲᠠᠢ ᠬᠠᠷᠭᠤᠭᠤᠯᠵᠤ᠂ ᠲᠠᠩᠰᠠ ᠡᠪᠬᠡᠮᠡᠯ ᠤᠨ ᠭᠤᠤᠯ ᠴᠣᠭᠴᠠ᠂ ᠬᠠᠤᠯᠢ ᠬᠡᠷᠡᠭᠵᠢᠭᠦᠯᠬᠦ | ᠲᠠᠰ ᠳᠠᠷᠠᠭᠠᠯᠠᠯ ᠵᠡᠷᠭᠡ ᠲᠠᠯ᠎ᠠ ᠠᠴᠠ ᠲᠠᠩᠰᠠ ᠡᠪᠬᠡᠮᠡᠯ ᠤᠨ ᠦᠨᠡᠯᠡᠯᠲᠡ ᠳᠤ ᠣᠷᠣᠯᠴᠠᠵᠤ᠂ ᠦᠨᠡᠯᠡᠨ ᠵᠢᠱᠢᠬᠦ ᠪᠠᠷ | ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠰᠣᠯᠢᠯᠴᠠᠵᠤ ᠳᠡᠭᠡᠭᠰᠢᠯᠡᠭᠦᠯᠬᠦ ᠬᠠᠷᠠᠯᠲᠠ ᠳᠤ ᠬᠥᠷᠪᠡ᠃ | ᠪᠣᠯᠪᠠᠰᠤᠷᠠᠯ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ᠂ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠤᠰᠬᠠᠶ ᠮᠡᠷᠭᠡᠵᠢᠯᠲᠡᠨ ᠢ ᠤᠷᠢᠵᠤ ᠲᠠᠩᠰᠠ ᠡᠪᠬᠡᠮᠡᠯ ᠳᠤ ᠣᠷᠣᠭᠤᠯᠬᠤ | ᠬᠠᠮᠢᠶ᠎ᠠ ᠪᠥᠬᠦᠶ ᠮᠡᠳᠡᠯᠭᠡ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠦᠴᠢᠷ ᠠᠰᠠᠭᠤᠳᠠᠯ ᠵᠢᠴᠢ | ᠠᠩᠬᠠᠷᠬᠤ ᠵᠦᠢᠯᠡᠰ ᠲᠤ ᠲᠠᠶᠢᠯᠤᠮᠵᠢ ᠬᠢᠯᠭᠡᠵᠦ᠂ ᠬᠥᠮᠦᠵᠢᠭᠦᠯᠵᠦ ᠴᠢᠨᠠᠷ ᠢ ᠳᠡᠭᠡᠭᠰᠢᠯᠡᠭᠦᠯᠬᠦ᠂ ᠬᠠᠷᠠᠭ᠎ᠠ ᠶᠢ | ᠥᠷᠭᠡᠳᠬᠡᠬᠦ ᠦᠢᠯᠡᠳᠦᠯ ᠢ ᠦᠨᠡᠨ ᠬᠦ ᠪᠠᠳᠠᠷᠠᠭᠤᠯᠪᠠ᠃ | ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠤᠯᠢ ᠪᠠᠷ ᠵᠠᠰᠠᠬᠤ ᠠᠵᠢᠯ ᠢ ᠬᠤᠪᠢᠳᠠᠨ | ᠬᠠᠮᠢᠶᠠᠷᠴᠤ ᠪᠠᠶᠢᠭ᠎ᠠ ᠲᠣᠪᠴᠢᠶ᠎ᠠ ᠶᠢᠨ ᠤᠳᠤᠷᠢᠳᠤᠯᠭ᠎ᠠ᠂ ᠬᠠᠤᠯᠢ ᠲᠦᠷᠢᠮ ᠤᠨ ᠰᠠᠯᠠᠭᠠᠨ ᠤ ᠬᠠᠷᠢᠭᠤᠴᠠᠯᠭᠠᠲᠠᠨ᠂ | ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠶᠢᠨ | ᠠᠵᠢᠯᠲᠠᠨ 50 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ | |