ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢᠨ ᠭᠦᠢᠴᠡᠳᠬᠡᠯ ᠲᠤᠭ᠎ᠠ ᠶᠢᠨ ᠭᠤᠣᠯ ᠬᠡᠷᠡᠭᠴᠡᠭᠡ
ᠨᠡᠶᠢᠲᠡᠯᠡᠭᠰᠡᠨ ᠴᠠᠭ᠄
2024/12/8
    ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠣᠯ ᠠᠵᠤ ᠠᠬᠤᠶ ᠶᠢᠨ ᠬᠥᠭᠵᠢᠯᠲᠡ ᠶᠢᠨ ᠦᠨᠳᠦᠰᠦᠨ ᠲᠦᠯᠬᠢᠴᠡ ᠬᠦᠴᠦᠨ ᠤ ᠨᠢᠭᠡ ᠪᠣᠯᠬᠤ ᠪᠥᠭᠡᠳ ᠤᠯᠤᠰ ᠠᠷᠠᠳ ᠤᠨ ᠠᠵᠤ ᠠᠬᠤᠶ ᠶᠢᠨ ᠪᠣᠳᠠᠰ ᠤᠨ ᠰᠠᠭᠤᠷᠢ ᠶᠢ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠪᠡᠶᠡᠯᠡᠭᠦᠯᠬᠦ᠂ ᠠᠵᠤ ᠦᠢᠯᠡᠳᠪᠦᠷᠢᠵᠢᠯᠲᠡ᠂ ᠬᠤᠲᠠᠴᠢᠯᠠᠯᠲᠠ ᠶᠢ ᠲᠦᠷᠭᠡᠳᠬᠡᠨ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ︔ ᠪᠡᠯᠡ ᠣᠷᠣᠭᠤᠯᠤᠯᠲᠠ ᠪᠣᠯ ᠪᠠᠰᠠ ᠴᠤ ᠠᠵᠤ ᠠᠬᠤᠶ ᠶᠢᠨ ᠪᠦᠲᠦᠴᠡ ᠶᠢ ᠰᠠᠶᠢᠵᠢᠷᠠᠭᠤᠯᠬᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ᠂ ᠠᠵᠤ ᠠᠬᠤᠶ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠪᠦᠬᠦ ᠨᠡᠶᠢᠭᠡᠮ ᠤᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠪᠣᠯᠤᠨ ᠤᠯᠤᠰ ᠤᠨ ᠥᠷᠢᠰᠥᠯᠳᠦᠬᠦ ᠴᠢᠳᠠᠯ ᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠣᠯᠤᠨ᠎ᠠ︔ ᠪᠡᠯᠡ ᠣᠷᠣᠭᠤᠯᠤᠯᠲᠠ ᠨᠢ ᠪᠠᠰᠠ ᠴᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠠᠷᠭ᠎ᠠ ᠪᠠᠷᠢᠯ ᠮᠥᠨ᠂ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠨᠢ ᠠᠵᠢᠯ ᠣᠯᠭᠤᠯᠲᠠ ᠶᠢᠨ ᠨᠡᠮᠡᠭᠳᠡᠯ ᠢ ᠠᠬᠢᠭᠤᠯᠵᠤ᠂ ᠬᠡᠷᠡᠭᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠪᠡᠯᠡ ᠣᠷᠣᠭᠤᠯᠤᠯᠲᠠ ᠳᠠᠬᠢ ᠣᠷᠣᠨ ᠰᠠᠭᠤᠴᠠ ᠶᠢᠨ ᠪᠡᠯᠡ ᠣᠷᠣᠭᠤᠯᠤᠯᠲᠠ ᠨᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠰᠢᠨ ᠰᠠᠭᠤᠬᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠢ ᠰᠢᠭᠤᠳ ᠬᠠᠷᠢᠴᠠᠭ᠎ᠠ ᠲᠠᠢ ᠶᠤᠮ᠃    ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠨᠢ ᠪᠦᠬᠦ ᠤᠯᠤᠰ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠪᠦᠲᠦᠴᠡ ᠪᠠ ᠬᠥᠭᠵᠢᠯᠲᠡ ᠶᠢᠨ ᠬᠤᠷᠳᠤᠴᠠ ᠶᠢ ᠲᠤᠰᠬᠠᠬᠤ ᠶᠡᠷᠦᠩᠬᠡᠶᠢᠯᠡᠭᠰᠡᠨ ᠴᠢᠨᠠᠷᠲᠠᠢ ᠭᠦᠢᠴᠡᠳᠬᠡᠬᠦ ᠲᠤᠭ᠎ᠠ ᠪᠣᠯᠤᠭᠰᠠᠨ ᠤ ᠬᠤᠪᠢ ᠳᠤ ᠠᠵᠤ ᠠᠬᠤᠢ ᠨᠡᠶᠢᠭᠡᠮ ᠤᠨ ᠠᠮᠢᠳᠤᠷᠠᠯ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃    ︵ᠨᠢᠭᠡ︶ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠠᠭᠠᠳᠯᠠᠬᠤ ᠴᠢᠬᠤᠯᠠ ᠦᠨᠳᠦᠰᠦ ᠪᠠᠷᠢᠮᠲᠠ ᠮᠥᠨ᠃ ᠪᠡᠯᠡ ᠣᠷᠣᠭᠤᠯᠤᠯᠲᠠ ᠨᠢ ᠲᠤᠬᠠᠶ ᠶᠢᠨ ᠬᠤᠭᠤᠴᠠᠭᠠᠨ ᠤ ᠬᠡᠷᠡᠭᠴᠡᠭᠡ ᠶᠢ ᠪᠦᠷᠢᠯᠳᠦᠭᠦᠯᠵᠦ᠂ ᠲᠤᠬᠠᠶ ᠶᠢᠨ ᠬᠤᠭᠤᠴᠠᠭᠠᠨ ᠤ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠨ᠎ᠠ︔ ᠡᠭᠦᠨ ᠤ ᠬᠠᠮᠲᠤ ᠪᠠᠰᠠ ᠢᠷᠡᠭᠡᠳᠦᠢ ᠶᠢᠨ ᠬᠠᠩᠭᠠᠯᠭ᠎ᠠ ᠶᠢᠨ ᠴᠢᠳᠠᠪᠤᠷᠢ ᠶᠢ ᠪᠦᠷᠢᠯᠳᠦᠭᠦᠯᠵᠦ᠂ ᠢᠷᠡᠭᠡᠳᠦᠢ ᠶᠢᠨ ᠠᠵᠤ ᠠᠬᠤᠢ ᠶᠢᠨ ᠨᠡᠮᠡᠭᠳᠡᠯ ᠪᠠ ᠠᠵᠤ ᠠᠬᠤᠢ ᠶᠢᠨ ᠪᠦᠲᠦᠴᠡ ᠳᠤ ᠢᠳᠡᠪᠬᠢᠲᠡᠢ ᠦᠢᠯᠡᠳᠦᠯ ᠦᠵᠡᠭᠦᠯᠵᠦ᠂ ᠪᠡᠯᠡ ᠣᠷᠣᠭᠤᠯᠤᠯᠲᠠ ᠪᠣᠯ ᠬᠠᠩᠭᠠᠯᠭ᠎ᠠ ᠪᠠ ᠬᠡᠷᠡᠭᠴᠡᠭᠡ ᠶᠢᠨ ᠬᠤᠶᠠᠷ ᠦᠵᠦᠭᠦᠷ ᠢ ᠬᠤᠯᠪᠣᠭᠰᠠᠨ ᠵᠠᠩᠭᠢᠯᠠᠭ᠎ᠠ ᠶᠢᠨ ᠬᠤᠪᠢᠰᠤᠭᠴᠢ ᠬᠡᠮᠵᠢᠭᠳᠡᠬᠦᠨ ᠮᠥᠨ᠂ ᠠᠵᠤ ᠠᠬᠤᠢ ᠶᠢᠨ ᠬᠥᠭᠵᠢᠯᠲᠡ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠵᠦ ᠪᠠᠶᠢᠳᠠᠭ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠪᠦᠷᠢᠳᠬᠡᠯ ᠤᠨ ᠲᠤᠭ᠎ᠠ ᠪᠠᠷᠢᠮᠲᠠ ᠨᠢ ᠪᠠᠰᠠ ᠴᠤ ᠠᠵᠤ ᠠᠬᠤᠢ ᠶᠢᠨ ᠬᠥᠭᠵᠢᠯᠲᠡ ᠶᠢᠨ ᠦᠶᠡᠯᠡᠯ ᠢ ᠮᠠᠭᠠᠳᠯᠠᠬᠤ ᠴᠢᠬᠤᠯᠠ ᠦᠨᠳᠦᠰᠦᠯᠡᠯ ᠪᠤᠯᠵᠤ᠂ ᠤᠯᠤᠰ ᠤᠨ ᠬᠤᠷᠸ᠎ᠠ ᠲᠤᠬᠢᠷᠠᠭᠤᠯᠤᠯ ᠡᠵᠡᠮᠳᠡᠯ ᠳᠤ ᠴᠢᠬᠤᠯᠠ ᠮᠡᠳᠡᠭᠡ ᠵᠠᠩᠭᠢ ᠶᠢᠨ ᠲᠦᠰᠢᠭ ᠲᠤᠯᠭᠠᠭᠤᠷᠢ ᠬᠠᠩᠭᠠᠵᠤ᠂ ᠨᠡᠶᠢᠭᠡᠮ ᠨᠡᠶᠢᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠪᠠ ᠥᠷᠭᠡᠳᠬᠡᠨ ᠨᠥᠬᠦᠨ ᠦᠢᠯᠡᠳᠪᠦᠷᠢᠯᠡᠬᠦ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠪᠠ᠃    ︵ᠬᠤᠶᠠᠷ︶ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠪᠣᠯ ᠤᠯᠤᠰ ᠠᠷᠠᠳ ᠤᠨ ᠠᠵᠤ ᠠᠬᠤᠢ ᠶᠢᠨ ᠬᠠᠷᠭᠤᠭᠤᠯᠤᠨ ᠪᠤᠳᠤᠬᠤ ᠶᠢᠨ ᠴᠢᠬᠤᠯᠠ ᠰᠠᠭᠤᠷᠢ ᠮᠥᠨ᠃ ᠤᠯᠤᠰ ᠠᠷᠠᠳ ᠤᠨ ᠠᠵᠤ ᠠᠬᠤᠢ ᠶᠢᠨ ᠬᠠᠷᠭᠤᠭᠤᠯᠤᠨ ᠪᠤᠳᠤᠬᠤ ᠳᠤ ᠲᠣᠭᠲᠠᠮᠠᠯ ᠬᠦᠷᠦᠩᠭᠡ ᠶᠢᠨ ᠪᠦᠷᠢᠯᠳᠦᠬᠦ ᠶᠡᠷᠦᠩᠬᠡᠢ ᠲᠤᠭ᠎ᠠ ᠪᠣᠯ ᠵᠠᠷᠤᠯᠭ᠎ᠠ ᠶᠢᠨ ᠬᠠᠤᠯᠢ ᠶᠢᠨ GDP ᠶᠢᠨ ᠴᠢᠬᠤᠯᠠ ᠠᠭᠤᠯᠭ᠎ᠠ ᠮᠥᠨ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠤᠭ᠎ᠠ ᠪᠠᠷᠢᠮᠲᠠ ᠨᠢ ᠲᠣᠭᠲᠠᠮᠠᠯ ᠬᠦᠷᠦᠩᠭᠡ ᠶᠢᠨ ᠪᠦᠷᠢᠯᠳᠦᠭᠰᠡᠨ ᠪᠦᠬᠦ ᠲᠤᠭ᠎ᠠ ᠶᠢ ᠲᠣᠭᠠᠴᠠᠭᠠᠯᠠᠬᠤ ᠳᠤ ᠴᠢᠬᠤᠯᠠ ᠰᠠᠭᠤᠷᠢ ᠮᠠᠲ᠋ᠧᠷᠢᠶᠠᠯ ᠬᠠᠩᠭᠠᠭᠰᠠᠨ ᠪᠠᠶᠢᠨ᠎ᠠ᠃
 
ᠢᠷᠡᠯᠲᠡ᠄ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号