ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠮᠢ ᠠᠬᠤᠶ ᠶᠢ | ᠬᠠᠮᠠᠭᠠᠯᠠᠵᠤ ᠰᠡᠷᠭᠦᠭᠡᠨ ᠵᠠᠰᠠᠬᠤ ᠪᠠᠯᠠ ᠮᠥᠩᠭᠦ ᠶᠢᠨ ᠭᠤᠤᠯᠳᠠᠯᠭ᠎ᠠ ᠲᠠᠢ ᠬᠠᠮᠢᠶᠠᠷᠤᠯᠲᠠ ᠶᠢᠨ ᠠᠷᠭ᠎ᠠ︾ ᠶᠢ | ᠨᠡᠶᠢᠲᠡᠯᠡᠵᠦ᠂ ᠠᠮᠢ ᠠᠬᠤᠶ ᠶᠢ ᠬᠠᠮᠠᠭᠠᠯᠠᠵᠤ ᠰᠡᠷᠭᠦᠭᠡᠨ ᠵᠠᠰᠠᠬᠤ ᠪᠠᠯᠠ ᠮᠥᠩᠭᠦ ᠶᠢᠨ ᠲᠥᠰᠦᠪ ᠤᠨ ᠬᠠᠮᠢᠶᠠᠷᠤᠯᠲᠠ᠂ | ᠳᠡᠮᠵᠢᠬᠦ ᠬᠡᠪᠴᠢᠶ᠎ᠡ᠂ ᠬᠤᠪᠢᠶᠠᠷᠢᠯᠠᠬᠤ ᠠᠷᠭ᠎ᠠ ᠵᠡᠷᠭᠡ ᠳᠤ ᠪᠣᠳᠠᠲᠠᠶ ᠲᠣᠭᠲᠠᠭᠠᠯ ᠭᠠᠷᠭᠠᠵᠤ᠂ ᠪᠠᠯᠠ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠨ | ᠵᠠᠰᠠᠬᠤ ᠶᠢ ᠠᠬᠢᠭᠤᠯᠬᠤ ᠪᠠᠷ ᠪᠠᠶᠢᠨ᠎ᠠ᠃ | ᠨᠢᠳᠤᠨᠤᠨ ᠵᠢᠯ ᠤᠨ ᠡᠴᠦᠰ ᠲᠤ ᠨᠡᠶᠢᠲᠡᠯᠡᠭᠰᠡᠨ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ ︽ᠴᠢᠬᠤᠯᠠ ᠠᠮᠢ ᠠᠬᠤᠶ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠲᠠᠯ᠎ᠠ | ᠨᠤᠲᠤᠭ ᠣᠶ ᠰᠢᠭᠤᠶ ᠭᠤᠤᠯ ᠮᠥᠷᠡᠨ ᠨᠠᠭᠤᠷ ᠴᠥᠭᠦᠷᠥᠮ ᠨᠤᠭᠤ ᠭᠠᠵᠠᠷ ᠢ ᠠᠮᠤᠷᠵᠢᠭᠤᠯᠤᠨ ᠰᠡᠷᠭᠦᠭᠡᠬᠦ ᠶᠢ | ᠬᠡᠷᠡᠭᠵᠢᠭᠦᠯᠦᠨ᠎ᠡ︾ ᠭᠡᠵᠦ ᠳᠤᠷᠠᠳᠤᠨ ᠭᠠᠷᠭᠠᠪᠠ᠃ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠵᠤ ᠰᠡᠷᠭᠦᠭᠡᠨ | ᠵᠠᠰᠠᠬᠤ ᠪᠡᠯᠡ ᠮᠥᠩᠭᠦ ᠶᠢ ᠲᠥᠪ ᠤᠨ ᠲᠥᠰᠦᠪ ᠠᠴᠠ ᠲᠤᠬᠢᠷᠠᠭᠤᠯᠵᠤ᠂ ᠠᠭᠤᠯᠠ ᠤᠰᠤ ᠤᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ | ᠰᠡᠷᠭᠦᠭᠡᠨ ᠵᠠᠰᠠᠬᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠦᠢᠯᠡᠳᠪᠦᠷᠢ ᠠᠭᠤᠷᠬᠠᠢ ᠶᠢᠨ ᠭᠠᠵᠠᠷ | ᠰᠢᠷᠣᠢ ᠶᠢ ᠴᠡᠭᠴᠡᠯᠡᠨ ᠵᠠᠰᠠᠬᠤ ᠵᠡᠷᠭᠡ ᠠᠮᠢ ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ ᠠᠵᠢᠯ ᠢ ᠥᠷᠨᠢᠭᠦᠯᠬᠦ ᠳᠤ | ᠬᠡᠷᠡᠭᠯᠡᠵᠦ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠳᠠᠭᠠᠭᠠᠮᠠᠭᠠᠢ | ᠴᠢᠨᠠᠷ ᠢ ᠳᠡᠭᠡᠭᠰᠢᠯᠡᠭᠦᠯᠦᠨ᠎ᠡ᠃ | ᠤᠢᠢᠷ᠎ᠠ ᠶᠢᠨ ᠵᠢᠯ ᠠᠴᠠ᠂ ᠲᠥᠪ ᠤᠨ ᠡᠳ᠋ ᠤᠨ ᠵᠠᠰᠠᠭ ᠠᠴᠠ ᠣᠷᠣᠭᠤᠯᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠰᠢᠰᠲ᠋ᠧᠮ ᠲᠠᠢ | ᠠᠬᠢᠭᠤᠯᠪᠠ᠃ ᠲᠥᠪ ᠤᠨ ᠡᠳ᠋ ᠤᠨ ᠵᠠᠰᠠᠭ ᠠᠴᠠ ᠪᠠᠶᠢᠭᠠᠯᠢ ᠶᠢᠨ ᠠᠮᠢ ᠠᠬᠤᠢ ᠶᠢᠨ ᠡᠯ᠎ᠡ ᠡᠯᠧᠮᠧᠨ᠋ᠲ ᠢ ᠨᠢᠭᠡᠳᠦᠯᠲᠡᠢ | ᠲᠥᠯᠥᠪᠯᠡᠨ ᠪᠣᠳᠣᠯᠬᠢᠯᠠᠵᠤ᠂ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ ᠠᠴᠠ ᠡᠭᠦᠰᠦᠨ᠂ | ᠭᠠᠵᠠᠷ ᠣᠷᠣᠨ ᠪᠠ ᠴᠠᠭ ᠦᠶ᠎ᠡ ᠶᠢᠨ ᠪᠠᠶᠢᠳᠠᠯ ᠳᠤᠨᠢ ᠲᠤᠬᠢᠷᠠᠭᠤᠯᠤᠨ᠂ ᠣᠷᠣᠨ ᠪᠠ ᠲᠦᠷᠦᠯ ᠬᠤᠪᠢᠶᠠᠨ ᠠᠷᠭ᠎ᠠ | ᠪᠤᠳᠤᠯᠭ᠎ᠠ ᠬᠡᠷᠡᠭᠵᠢᠭᠦᠯᠵᠦ᠂ ᠡᠳ᠋ ᠤᠨ ᠵᠠᠰᠠᠭ ᠤᠨ ᠬᠦᠴᠦᠨ ᠢᠶᠠᠷ ᠠᠮᠢ ᠠᠬᠤᠢ ᠶᠢᠨ ᠣᠷᠴᠢᠨ ᠨᠥᠬᠦᠴᠡᠯ ᠢ ᠪᠦᠬᠦᠯᠢ | ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠵᠠᠰᠠᠨ ᠰᠡᠷᠭᠦᠭᠡᠬᠦ᠂ ᠶᠡᠷᠦᠩᠬᠡᠶᠢᠯᠡᠨ ᠵᠠᠰᠠᠬᠤ᠂ ᠴᠡᠭ ᠢᠶᠠᠷ | ᠱᠤᠭᠤᠮ ᠢ ᠳᠠᠶᠢᠴᠢᠯᠠᠬᠤ᠂ ᠱᠤᠭᠤᠮ ᠢᠶᠠᠷ ᠨᠡᠶᠢᠳᠡᠮ ᠢ ᠳᠠᠶᠢᠴᠢᠯᠠᠬᠤ ᠶᠢ ᠠᠬᠢᠭᠤᠯᠵᠤ᠂ ᠠᠮᠢ ᠠᠬᠤᠢ ᠶᠢᠨ | ᠰᠢᠰᠲ᠋ᠧᠮ ᠤᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ ᠪᠠ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠪᠠ᠃ 2023 ᠣᠨ ᠤ ᠲᠥᠰᠦᠪ ᠤᠨ ᠮᠡᠳᠡᠭᠦᠯᠦᠯᠲᠡ ᠳᠤ | ᠢᠯᠡᠷᠡᠭᠦᠯᠦᠭᠰᠡᠨ ᠢᠶᠠᠷ᠂ ᠲᠥᠪ ᠤᠨ ᠡᠳ᠋ ᠤᠨ ᠵᠠᠰᠠᠭ ᠤᠨ ᠭᠤᠤᠯᠳᠠᠯᠭ᠎ᠠ ᠲᠠᠢ ᠠᠮᠢ ᠠᠬᠤᠶ ᠶᠢ ᠬᠠᠮᠠᠭᠠᠯᠠᠵᠤ | ᠰᠡᠷᠭᠦᠭᠡᠨ ᠵᠠᠰᠠᠬᠤ ᠪᠠᠯᠠ ᠮᠥᠩᠭᠦ ᠶᠢ 172 ᠳ᠋ᠦᠩᠰᠢᠭᠤᠷ ᠲᠥᠭᠦᠷᠢᠭ ᠲᠣᠬᠢᠷᠠᠭᠤᠯᠪᠠ᠃ | ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠠᠴᠠ ᠨᠠᠰᠢ᠂ ᠲᠥᠪ ᠤᠨ | ᠡᠳ᠋ ᠤᠨ ᠵᠠᠰᠠᠭ ᠠᠴᠠ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠤᠨ 52 ᠲᠤᠷᠰᠢᠯᠲᠠ ᠶᠢᠨ | ᠲᠥᠷᠥᠯ ᠵᠦᠢᠯ ᠢ ᠰᠢᠯᠢᠨ ᠰᠣᠩᠭᠤᠵᠤ᠂ ᠨᠡᠶᠢᠲᠡ 1000 ᠭᠠᠷᠤᠶ ᠳ᠋ᠦᠩᠰᠢᠭᠤᠷ ᠲᠥᠭᠦᠷᠢᠭ ᠤᠨ ᠱᠠᠩᠨᠠᠯ | ᠨᠥᠬᠦᠪᠥᠷᠢ ᠶᠢᠨ ᠪᠠᠯᠠ ᠮᠥᠩᠭᠦ ᠳᠣᠭᠢᠷᠠᠭᠤᠯᠵᠤ᠂ ᠰᠢᠰᠲ᠋ᠧᠮ ᠲᠠᠢ ᠵᠠᠰᠠᠬᠤ ᠲᠠᠯᠠᠪᠠᠶ ᠶᠢ ᠨᠡᠶᠢᠲᠡ 537 ᠲᠦᠮᠡᠨ | ᠾᠧᠺᠲ᠋ᠠᠷ ᠪᠡᠶᠡᠯᠡᠭᠦᠯᠪᠡ᠃ ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠶ ᠣᠷᠴᠢᠨ | ᠠᠬᠤᠶ ᠶᠢᠨ ᠵᠤᠷᠭᠠᠨ ᠤ ᠳᠠᠷᠤᠭ᠎ᠠ ᠭᠤᠤ ᠶᠢᠨ ᠰᠢᠩ ᠢᠯᠡᠷᠬᠡᠶᠢᠯᠡᠬᠦ ᠳᠡᠭᠡᠨ᠂ ᠶᠡᠷᠦᠩᠬᠡᠶ ᠳᠤᠨᠢ ᠠᠪᠴᠤ ᠦᠵᠡᠪᠡᠯ᠂ | ᠲᠥᠪ ᠤᠨ ᠡᠳ᠋ ᠤᠨ ᠵᠠᠰᠠᠭ ᠤᠨ ᠳᠡᠮᠵᠢᠯᠭᠡ ᠳᠤᠤᠷ᠎ᠠ᠂ ᠰᠢᠰᠲ᠋ᠧᠮᠲᠦ ᠴᠢᠨᠠᠷᠲᠠᠶ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠠᠵᠢᠯ ᠢᠯᠡᠳᠲᠡ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ | ᠦᠷ᠎ᠡ ᠠᠰᠢᠭ ᠤᠯᠵᠤ᠂ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ | ᠦᠷᠭᠦᠯᠵᠢᠯᠡᠬᠦ ᠴᠢᠨᠠᠷ ᠢ ᠢᠯᠡᠳᠲᠡ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠲᠤᠯᠭᠠᠭᠤᠷᠢᠯᠠᠬᠤ ᠠᠮᠢ ᠠᠬᠤᠶ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ ᠭᠡᠵᠡᠶ᠃ | ᠲᠣᠰ ᠤᠳᠠᠭ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠠᠮᠢᠶᠠᠷᠤᠯᠲᠠ ᠶᠢᠨ ᠠᠷᠭ᠎ᠠ︾ ᠳᠤ᠂ ᠵᠠᠰᠠᠬᠤ | ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠳᠤ ᠨᠡᠶᠢᠲᠡ ᠶᠢᠨ ᠠᠰᠠᠷᠠᠮᠵᠢ ᠶᠢᠨ ᠴᠢᠭᠯᠡᠯ ᠢ ᠪᠠᠷᠢᠮᠲᠠᠯᠠᠬᠤ᠂ | ᠠᠵᠢᠯ ᠡᠷᠬᠡ ᠶᠢ ᠵᠦᠶ ᠵᠣᠬᠢᠰᠲᠠᠶ ᠬᠤᠪᠢᠶᠠᠷᠢᠯᠠᠬᠤ᠂ ᠨᠢᠭᠡᠳᠦᠯᠲᠡᠶ ᠲᠥᠯᠥᠪᠯᠡᠵᠦ ᠲᠥᠪᠯᠡᠷᠡᠭᠦᠯᠦᠨ ᠬᠡᠷᠡᠭᠯᠡᠬᠦ᠂ ᠪᠠᠯᠠ | ᠮᠥᠩᠭᠦ ᠶᠢᠨ ᠲᠣᠬᠢᠷᠠᠭᠤᠯᠤᠯᠲᠠ ᠶᠢ ᠢᠯᠡ ᠲᠣᠳᠣ ᠪᠠᠶᠢᠯᠭᠠᠬᠤ ᠵᠡᠷᠭᠡ ᠵᠠᠷᠴᠢᠮ ᠢ ᠵᠢᠷᠤᠮᠯᠠᠬᠤ ᠬᠡᠷᠡᠭᠲᠡᠶ ᠭᠡᠵᠦ | ᠲᠣᠭᠲᠠᠭᠠᠵᠠᠶ᠃ ᠵᠠᠰᠠᠬᠤ ᠪᠡᠯᠡ ᠮᠥᠩᠭᠦ ᠶᠢ ᠡᠳ᠋ ᠤᠨ ᠵᠠᠰᠠᠭ ᠤᠨ ᠶᠠᠮᠤᠨ ᠠᠴᠠ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶᠠᠷᠴᠤ᠂ ᠵᠠᠰᠠᠬᠤ ᠪᠡᠯᠡ ᠮᠥᠩᠭᠦ ᠶᠢ ᠵᠣᠬᠢᠶᠠᠨ ᠪᠠᠶᠢᠭᠤᠯᠤᠨ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ | ᠬᠠᠷᠠᠯᠲᠠᠲᠤ ᠬᠠᠮᠢᠶᠠᠷᠤᠯᠲᠠ ᠶᠢ ᠴᠢᠩᠭᠠᠷᠠᠭᠤᠯᠤᠨ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ | ᠰᠠᠶᠢᠲᠤᠷ ᠬᠢᠵᠦ᠂ ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ | ᠵᠠᠰᠠᠬᠤ ᠪᠡᠯᠡ ᠮᠥᠩᠭᠦ ᠶᠢᠨ ᠳᠡᠮᠵᠢᠬᠦ ᠬᠡᠪᠴᠢᠶ᠎ᠡ ᠶᠢ ᠭᠤᠣᠯᠳᠠᠭᠤ ᠬᠤᠶᠠᠷ ᠲᠠᠯ᠎ᠠ ᠪᠠᠷ ᠬᠡᠷᠡᠭᠯᠡᠨ᠎ᠡ᠄ ᠠᠭᠤᠯᠠ | ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ᠂ ᠲᠡᠦᠬᠡᠨ ᠠᠴᠠ ᠦᠯᠡᠳᠡᠭᠳᠡᠵᠦ ᠢᠷᠡᠭᠰᠡᠨ | ᠬᠠᠶᠠᠭᠳᠠᠮᠠᠯ ᠦᠢᠯᠡᠳᠪᠦᠷᠢ ᠠᠭᠤᠷᠬᠠᠶ ᠶᠢᠨ ᠭᠠᠵᠠᠷ ᠰᠢᠷᠣᠶ ᠶᠢ ᠴᠡᠭᠴᠡᠯᠡᠨ ᠵᠠᠰᠠᠨ᠎ᠠ᠃ ᠵᠠᠰᠠᠯᠲᠠ ᠶᠢᠨ ᠪᠠᠯᠠ | ᠮᠥᠩᠭᠦ ᠶᠢ ᠠᠮᠢ ᠠᠬᠤᠶ ᠶᠢᠨ ᠰᠢᠰᠲ᠋ᠧᠮ ᠤᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠤᠷᠢᠳᠠᠪᠠᠷ ᠬᠡᠷᠡᠭᠯᠡᠵᠦ᠂ | ᠳᠤᠤᠷᠠᠬᠢ ᠬᠡᠳᠦᠨ ᠲᠠᠯ᠎ᠠ ᠶᠢᠨ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ᠄ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ ᠵᠡᠷᠭᠡ ᠤᠯᠤᠰ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠬᠦ ᠥᠬᠡᠶ ᠲᠥᠷᠥᠯ ᠵᠦᠢᠯ︔ | ᠰᠡᠯᠪᠢᠨ ᠰᠡᠷᠭᠦᠭᠡᠬᠦ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠭᠰᠠᠨ ᠲᠥᠷᠥᠯ ᠵᠦᠢᠯ︔ ᠲᠥᠪ ᠤᠨ | ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠭᠰᠡᠨ ᠲᠥᠷᠥᠯ ᠵᠦᠢᠯ︔ ᠴᠡᠴᠡᠷᠯᠢᠭ᠂ ᠠᠭᠤᠳᠠᠮ | ᠲᠠᠯᠠᠪᠠᠶ᠂ ᠱᠤᠭᠤᠮᠠᠯ ᠵᠡᠷᠭᠡ ᠵᠢᠭᠤᠯᠴᠢᠯᠠᠯ ᠤᠨ ᠪᠡᠯᠡᠳᠬᠡᠮᠵᠢ ᠬᠢᠭᠡᠳ ︽ᠫᠧᠩᠰᠡᠲᠦ ᠦᠵᠡᠮᠵᠢ︾ ᠶᠢᠨ ᠢᠨᠵᠧᠨᠧᠷᠢᠩ | ᠵᠡᠷᠭᠡ ᠦᠵᠡᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠃ | ᠵᠠᠰᠠᠬᠤ ᠪᠡᠯᠡ ᠮᠥᠩᠭᠦ ᠶᠢ ᠲᠥᠷᠥᠯ ᠵᠦᠢᠯ ᠤᠨ ᠠᠷᠭ᠎ᠠ ᠪᠠᠷ ᠬᠤᠪᠢᠶᠠᠷᠢᠯᠠᠵᠤ᠂ ᠠᠭᠤᠯᠠ ᠤᠰᠤ ᠣᠶ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ | ᠰᠡᠷᠭᠦᠭᠡᠬᠦ ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ 10 ᠳ᠋ᠦᠩᠰᠢᠭᠤᠷ ᠲᠥᠭᠦᠷᠢᠭ 20 ᠳ᠋ᠦᠩᠰᠢᠭᠤᠷ | ᠲᠥᠭᠦᠷᠢᠭ ︵20 ᠳ᠋ᠦᠩᠰᠢᠭᠤᠷ ᠲᠥᠭᠦᠷᠢᠭ ᠢ ᠪᠠᠭᠲᠠᠭᠠᠬᠤ ᠦᠭᠡᠶ︶ ᠤᠨ ᠲᠥᠷᠥᠯ ᠵᠦᠢᠯ ᠤᠨ ᠱᠠᠩᠨᠠᠯ ᠨᠥᠬᠦᠪᠥᠷᠢ | 5 ᠳ᠋ᠦᠩᠰᠢᠭᠤᠷ ᠲᠥᠭᠦᠷᠢᠭ ᠪᠣᠯᠤᠨ᠎ᠠ︔ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 20 ᠳ᠋ᠦᠩᠰᠢᠭᠤᠷ | ᠲᠥᠭᠦᠷᠢᠭ 50 ᠳ᠋ᠦᠩᠰᠢᠭᠤᠷ ᠲᠥᠭᠦᠷᠢᠭ ︵50 ᠳ᠋ᠦᠩᠰᠢᠭᠤᠷ ᠲᠥᠭᠦᠷᠢᠭ ᠢ ᠪᠠᠭᠲᠠᠭᠠᠬᠤ ᠦᠭᠡᠢ︶ ᠤᠨ ᠲᠥᠷᠦᠯ | ᠵᠦᠢᠯ ᠤᠨ ᠱᠠᠩᠨᠠᠯ ᠨᠥᠬᠦᠪᠥᠷᠢ 10 ᠳ᠋ᠦᠩᠰᠢᠭᠤᠷ ᠲᠥᠭᠦᠷᠢᠭ︔ ᠢᠨᠵᠧᠨᠧᠷᠢᠩ ᠤᠨ ᠶᠡᠷᠦᠩᠬᠡᠶ ᠪᠡᠯᠡ | ᠣᠷᠣᠭᠤᠯᠤᠯᠲᠠ 50 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠱᠠᠩᠨᠠᠯ | ᠨᠥᠬᠦᠪᠥᠷᠢ 20 ᠳ᠋ᠦᠩᠰᠢᠭᠤᠷ ᠲᠥᠭᠦᠷᠢᠭ᠃ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠦᠢᠯᠡᠳᠪᠦᠷᠢ | ᠠᠭᠤᠷᠬᠠᠶ ᠶᠢᠨ ᠭᠠᠵᠠᠷ ᠰᠢᠷᠣᠶ ᠶᠢ ᠴᠡᠭᠴᠡᠯᠡᠨ ᠵᠠᠰᠠᠭᠰᠠᠨ ᠶᠡᠷᠦᠩᠬᠡᠶ ᠪᠠᠯᠠ ᠣᠷᠣᠭᠤᠯᠤᠯᠲᠠ ᠨᠢ 5 ᠳ᠋ᠦᠩᠰᠢᠭᠤᠷ | ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠳᠤ 3 ᠳ᠋ᠦᠩᠰᠢᠭᠤᠷ ᠲᠥᠭᠦᠷᠢᠭ ᠤᠨ ᠱᠠᠩᠨᠠᠯ | ᠨᠥᠬᠦᠪᠥᠷᠢ ᠣᠯᠭᠤᠪᠠ᠃ ᠡᠳ᠋ ᠤᠨ ᠵᠠᠰᠠᠭ ᠤᠨ ᠶᠠᠮᠤᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠥᠷᠢᠰᠥᠯᠳᠦᠭᠡᠨ ᠤ ᠴᠢᠨᠠᠷᠲᠠᠶ ᠦᠨᠡᠯᠡᠨ ᠬᠢᠨᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠢᠯᠡ ᠪᠠᠷ ᠰᠢᠯᠢᠳᠡᠭ ᠢ ᠨᠢ ᠰᠣᠩᠭᠤᠵᠤ ᠳᠡᠮᠵᠢᠬᠦ ᠲᠥᠷᠥᠯ ᠵᠦᠢᠯ ᠢ ᠲᠣᠭᠲᠠᠭᠠᠨ᠎ᠠ᠃ | ᠳᠤᠮᠳᠠᠳᠤ ᠤᠯᠤᠰ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠡᠬᠢ | ᠪᠠᠶᠠᠯᠢᠭ ᠣᠷᠴᠢᠨ ᠲᠣᠭᠤᠷᠢᠨ ᠪᠠ ᠠᠮᠢ ᠠᠬᠤᠶ ᠶᠢᠨ ᠪᠣᠯᠪᠠᠰᠤᠨ ᠤ ᠰᠤᠳᠤᠯᠭᠠᠨ ᠤ ᠲᠥᠪ ᠤᠨ ᠰᠤᠳᠤᠯᠤᠭᠴᠢ ᠹᠠᠨ | ᠢ ᠰᠢᠶᠠ ᠶᠢᠨ ᠦᠵᠡᠬᠦ ᠪᠠᠷ᠂ ᠡᠳ᠋ ᠤᠨ ᠵᠠᠰᠠᠭ ᠴᠢᠩᠭ᠎ᠠ ᠲᠡᠩᠴᠡᠭᠦᠷᠢᠲᠡᠶ ᠪᠠᠶᠢᠬᠤ ᠪᠠᠶᠢᠳᠠᠯ ᠳᠤᠤᠷ᠎ᠠ᠂ ᠲᠥᠪ ᠤᠨ | ᠡᠳ᠋ ᠤᠨ ᠵᠠᠰᠠᠭ ᠤᠨ ᠪᠠᠯᠠ ᠮᠥᠩᠭᠦ ᠶᠢᠨ ᠭᠤᠤᠯᠳᠠᠯᠭ᠎ᠠ ᠲᠠᠢ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ | ᠵᠠᠰᠠᠯᠲᠠ ᠶᠢᠨ ᠲᠤᠯᠭᠠᠭᠤᠷᠢᠯᠠᠬᠤ ᠦᠢᠯᠡᠳᠦᠯ ᠦᠷᠭᠦᠯᠵᠢᠯᠡᠨ ᠴᠢᠩᠭᠠᠷᠠᠵᠤ᠂ ︽ᠬᠠᠮᠢᠶᠠᠷᠤᠯᠲᠠ ᠶᠢᠨ ᠠᠷᠭ᠎ᠠ︾ ᠨᠢ | ᠡᠳ᠋ ᠤᠨ ᠵᠠᠰᠠᠭ ᠤᠨ ᠪᠠᠯᠠ ᠮᠥᠩᠭᠦ ᠶᠢ ᠴᠢᠬᠤᠯᠠ ᠭᠠᠵᠠᠷ ᠲᠤ ᠬᠡᠷᠡᠭᠯᠡᠵᠦ᠂ ᠰᠢᠰᠲ᠋ᠧᠮ ᠤᠨ ᠴᠢᠨᠠᠷᠲᠠᠶ ᠠᠮᠢ | ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢᠨ ᠠᠵᠢᠯ ᠢ ᠨᠠᠷᠢᠯᠢᠭ ᠣᠨᠣᠪᠴᠢᠲᠠᠶ᠂ ᠰᠢᠨᠵᠢᠯᠡᠬᠦ ᠤᠬᠠᠭᠠᠨᠴᠢ ᠪᠠᠷ | ᠠᠬᠢᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ ᠭᠡᠵᠡᠢ᠃ | ︽ᠲᠥᠪ ᠤᠨ ᠡᠳ᠋ ᠤᠨ ᠵᠠᠰᠠᠭ ᠠᠴᠠ ᠠᠮᠢ ᠠᠬᠤᠶ ᠶᠢ ᠬᠠᠮᠠᠭᠠᠯᠠᠨ ᠰᠡᠷᠭᠦᠭᠡᠬᠦ ᠵᠡᠷᠭᠡ ᠭᠤᠤᠯᠳᠠᠯᠭ᠎ᠠ ᠲᠠᠢ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠳ᠋ ᠤᠨ ᠵᠠᠰᠠᠭ ᠤᠨ ᠪᠠᠯᠠ ᠮᠥᠩᠭᠦ ᠶᠢᠨ | ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠭᠰᠠᠨ ᠮᠥᠷᠲᠡᠭᠡᠨ ᠪᠠᠰᠠ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠷ ᠳᠠᠮᠵᠢᠭᠤᠯᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠤᠯᠠᠮ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠡᠷᠦᠩᠬᠡᠶ ᠱᠠᠭᠠᠷᠳᠠᠯᠭ᠎ᠠ ᠶᠢ ᠢᠯᠡᠷᠡᠭᠦᠯᠪᠡ︾ ᠭᠡᠵᠦ ᠹᠠᠨ ᠢ ᠰᠢᠶᠠ | ᠬᠡᠯᠡᠪᠡ᠃ ︵ᠰᠤᠷᠪᠤᠯᠵᠢᠯᠠᠭᠴᠢ ᠽᠧᠩ ᠶᠢᠨ ᠬᠤᠸᠠ︶ | |