ᠮᠠᠨ ᠤ ᠬᠤᠲᠠ ᠶᠢᠨ ᠬᠡᠷᠡᠭᠯᠡᠭᠡᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠪᠤᠭᠤᠲᠤ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ︽3.15︾ ᠤ ᠡᠳᠦᠷ ᠬᠦᠷᠴᠦ ᠢᠷᠡᠬᠦ ᠲᠠᠰᠢᠷᠠᠮ ᠳᠤ 2024 ᠣᠨ ᠤ ᠪᠤᠭᠤᠲᠤ | ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠨᠡᠯᠡᠯᠲᠡ ᠶᠢᠨ ᠪᠠᠶᠢᠴᠠᠭᠠᠯᠲᠠ ᠶᠢ | ᠥᠷᠨᠢᠭᠦᠯᠵᠦ᠂ ᠬᠡᠷᠡᠭᠯᠡᠭᠴᠢᠳ ᠤᠨ ᠣᠳᠣᠬᠠᠨ ᠤ ᠬᠡᠷᠡᠭᠯᠡᠭᠡᠨ ᠤ ᠣᠷᠴᠢᠨ ᠲᠣᠭᠤᠷᠢᠨ᠂ ᠬᠡᠷᠡᠭᠯᠡᠭᠡᠨ ᠤ ᠡᠷᠬᠡ ᠪᠠᠨ | ᠬᠠᠮᠠᠭᠠᠯᠠᠬᠤ ᠪᠠ ᠬᠡᠷᠡᠭᠯᠡᠭᠡᠨ ᠤ ᠢᠲᠡᠭᠡᠯ ᠵᠡᠷᠭᠡ ᠲᠠᠯ᠎ᠠ ᠶᠢᠨ ᠣᠶᠢᠯᠠᠭᠠᠯᠲᠠ ᠲᠥᠷᠥᠭᠳᠡᠯ ᠢ ᠲᠤᠰᠬᠠᠬᠤ ᠪᠠᠷ | ᠲᠣᠭᠲᠠᠪᠠ᠃ | ᠲᠣᠰ ᠤᠳᠠᠭᠠᠨ ᠤ ᠪᠠᠶᠢᠴᠠᠭᠠᠯᠲᠠ ᠳᠤ ᠤᠲᠠᠰᠤ ᠪᠠᠷ ᠪᠠᠶᠢᠴᠠᠭᠠᠬᠤ ᠠᠷᠭ᠎ᠠ ᠶᠢ ᠬᠡᠷᠡᠭᠯᠡᠵᠦ᠂ ᠬᠦᠴᠦᠨ ᠲᠠᠢ | ᠠᠰᠠᠭᠤᠯᠲᠠ ᠶᠢᠨ ᠬᠠᠭᠤᠳᠠᠰᠤ ᠶᠢ ᠨᠡᠶᠢᠲᠡ 997 ᠬᠤᠪᠢ ᠴᠤᠭᠯᠠᠭᠤᠯᠪᠠ᠂ ᠪᠠᠶᠢᠴᠠᠭᠠᠯᠲᠠ ᠶᠢᠨ ᠳ᠋ᠦᠩ ᠳᠤ | ᠢᠯᠡᠷᠡᠭᠦᠯᠦᠭᠰᠡᠨ ᠢᠶᠠᠷ᠄ ᠮᠠᠨ ᠤ ᠬᠤᠲᠠ ᠶᠢᠨ ᠬᠡᠷᠡᠭᠯᠡᠭᠡᠨ ᠤ ᠣᠷᠴᠢᠨ ᠲᠣᠭᠤᠷᠢᠨ ᠤ ᠠᠮᠤᠷ ᠲᠦᠪᠰᠢᠨ ᠰᠠᠨᠠᠭ᠎ᠠ | ᠠᠮᠤᠷ︔ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠬᠦᠰᠡᠯ ᠰᠠᠨᠠᠭ᠎ᠠ ᠴᠢᠩᠭᠠᠷᠠᠵᠤ᠂ ᠡᠷᠬᠡ ᠪᠠᠨ ᠬᠠᠮᠠᠭᠠᠯᠠᠭᠰᠠᠨ | ᠦᠷ᠎ᠡ ᠳ᠋ᠦᠩ ᠤᠨ ᠬᠠᠨᠤᠮᠵᠢ ᠶᠢᠨ ᠬᠡᠮᠵᠢᠶ᠎ᠡ ᠥᠨᠳᠥᠷ ᠪᠣᠯᠪᠠ︔ ᠬᠡᠷᠡᠭᠯᠡᠭᠡᠨ ᠤ ᠢᠲᠡᠭᠡᠯ ᠶᠡᠷᠦᠩᠬᠡᠢ ᠳᠡᠭᠡᠨ | ᠪᠠᠶᠠᠰᠤᠩᠭᠤᠢ ᠪᠠᠶᠢᠵᠤ᠂ ᠬᠡᠷᠡᠭᠯᠡᠭᠡᠨ ᠤ ᠲᠡᠰ ᠲᠡᠪᠰᠢᠯᠳᠡ ᠭᠤᠣᠯ ᠤᠷᠤᠰᠬᠠᠯ ᠪᠣᠯᠪᠠ᠃ ᠪᠠᠶᠢᠴᠠᠭᠠᠯᠲᠠ ᠪᠠᠷ ᠳᠡᠮᠵᠢᠨ | ᠬᠤᠪᠢ ᠬᠥᠮᠦᠨ ᠤ ᠮᠡᠳᠡᠭᠡ ᠵᠠᠩᠭᠢ ᠯᠡᠪᠡᠷᠡᠬᠦ ᠪᠣᠯ ᠬᠡᠷᠡᠭᠯᠡᠭᠴᠢᠳ ᠤᠨ ᠬᠠᠮᠤᠭ ᠠᠴᠠ ᠰᠠᠨᠠᠭᠠᠰᠢᠷᠠᠵᠤ ᠪᠠᠶᠢᠭ᠎ᠠ | ᠠᠰᠠᠭᠤᠳᠠᠯ ᠪᠣᠯᠬᠤ ᠶᠢ ᠣᠯᠵᠤ ᠮᠡᠳᠡᠪᠡ᠂ ᠬᠡᠷᠡᠭᠯᠡᠭᠴᠢᠳ ᠥᠪᠡᠷ ᠤᠨ ᠡᠷᠬᠡ ᠠᠰᠢᠭ ᠢᠶᠠᠨ ᠬᠠᠮᠠᠭᠠᠯᠠᠬᠤ | ᠴᠢᠳᠠᠪᠤᠷᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠂ ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠬᠤ | ᠲᠠᠯ᠎ᠠ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠬᠡᠷᠡᠭᠯᠡᠭᠡᠨ ᠤ ᠲᠠᠸᠠᠷ ᠤᠨ ᠶᠠᠰᠤ ᠴᠢᠨᠠᠷ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ | ᠳᠠᠪᠲᠠᠮᠵᠢ ᠪᠠ ᠢᠯᠡᠴᠢᠯᠡᠬᠦ ᠤᠳᠠᠭ᠎ᠠ ᠪᠠᠨ ᠳᠡᠭᠡᠭᠰᠢᠯᠡᠭᠦᠯᠵᠦ᠂ ᠨᠠᠩ ᠠᠮᠤᠷ ᠲᠦᠪᠰᠢᠨ᠂ ᠰᠠᠨᠠᠭ᠎ᠠ ᠠᠮᠤᠷ | ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃ |