ᠪᠦᠬᠦ ᠬᠤᠲᠠ ᠶᠢᠨ ᠠᠵᠤ ᠦᠢᠯᠡᠳᠪᠦᠷᠢ ᠶᠢᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠠᠵᠢᠯ ᠯᠠᠪᠳᠠᠭᠤᠨ ᠪᠠᠲᠤᠲᠠᠢ ᠠᠬᠢᠪᠠ
ᠨᠡᠶᠢᠲᠡᠯᠡᠭᠰᠡᠨ ᠴᠠᠭ᠄
2024/3/16
   ᠣᠷᠣᠭᠤᠯᠤᠯᠲᠠ ᠭᠠᠷᠭᠠᠯᠲᠠ ᠶᠢᠨ ᠲᠠᠯ᠎ᠠ ᠪᠠᠷ ᠮᠠᠨ ᠤ ᠤᠯᠤᠰ ᠤᠨ ᠴᠢᠬᠤᠯᠠ ᠶᠡᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠭᠤᠤᠯᠳᠠᠯᠭ᠎ᠠ ᠲᠠᠢ ᠡᠲᠡᠭᠡᠳ ᠤᠨ ᠬᠥᠭᠵᠢᠯᠲᠡ ᠶᠢᠨ ᠬᠡᠪᠴᠢᠶ᠎ᠡ᠂ ᠪᠦᠲᠦᠴᠡ ᠶᠢᠨ ᠪᠠᠶᠢᠷᠢᠰᠢᠭᠤᠯᠤᠯᠲᠠ ᠪᠣᠯᠤᠨ ᠲᠤᠷᠰᠢᠯᠭ᠎ᠠ ᠦᠷ᠎ᠡ ᠠᠰᠢᠭ ᠢ ᠲᠣᠳᠣᠷᠬᠠᠶ ᠣᠶᠢᠯᠠᠭᠠᠬᠤ ᠳᠤ ᠴᠢᠬᠤᠯᠠ ᠶᠡᠭᠡ ᠬᠠᠷᠢᠴᠠᠭ᠎ᠠ ᠲᠠᠢ ᠶᠤᠮ᠃ ᠥᠪᠡᠷᠲᠡᠭᠡᠨ ᠵᠠᠰᠠᠬᠤ ᠣᠷᠣᠨ ᠪᠠ ᠬᠦᠬᠡᠬᠤᠳᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠰᠠᠯᠠᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠪᠬᠢᠲᠡᠢ ᠬᠠᠮᠵᠢᠯᠴᠠᠵᠤ᠂ ᠨᠢᠭᠡᠳᠦᠯᠲᠡᠢ ᠳᠤ ᠲᠥᠯᠥᠪᠯᠡᠨ ᠪᠠᠶᠢᠷᠢᠯᠠᠭᠤᠯᠵᠤ᠂ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃    ᠨᠢᠭᠡ᠂ ᠡᠬᠡ ᠲᠠᠩᠰᠠ ᠶᠢ ᠬᠢᠨᠠᠨ ᠬᠠᠷᠭᠤᠭᠤᠯᠬᠤ ᠶᠢ ᠴᠢᠩᠭ᠎ᠠ ᠰᠠᠶᠢᠲᠤᠷ ᠬᠢᠪᠡ᠃     ᠡᠮᠦᠨᠡᠬᠢ ᠬᠤᠭᠤᠴᠠᠭᠠᠨ ᠳᠤ ᠡᠯ᠎ᠡ ᠤᠯᠠᠷᠢᠯ ᠤᠨ ᠠᠵᠤ ᠠᠬᠤᠶᠢᠯᠠᠯ ᠤᠨ ᠣᠷᠣᠭᠤᠯᠤᠯᠲᠠ ᠭᠠᠷᠭᠠᠯᠲᠠ ᠶᠢᠨ ᠡᠯᠧᠺᠲᠷᠣᠨ ᠡᠬᠡ ᠳᠠᠩᠰᠠ ᠶᠢ ᠴᠤᠭᠯᠠᠭᠤᠯᠬᠤ ᠪᠠᠷ ᠳᠠᠮᠵᠢᠭᠤᠯᠤᠨ᠂ ᠬᠠᠷᠭᠤᠭᠤᠯᠤᠨ ᠪᠣᠳᠣᠬᠤ ᠰᠠᠯᠠᠭ᠎ᠠ ᠵᠢᠴᠢ ᠬᠤᠰᠢᠭᠤ ᠰᠢᠶᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠯᠤᠭ᠎ᠠ ᠰᠣᠯᠪᠢᠴᠠᠭᠤᠯᠤᠨ ᠬᠠᠮᠲᠤᠷᠠᠨ ᠬᠢᠨᠠᠵᠤ᠂ ᠢᠳᠡᠪᠬᠢᠲᠡᠶ ᠬᠠᠮᠵᠢᠯᠴᠠᠪᠠ︔ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠮᠡᠳᠡᠭᠦᠯᠬᠦ ᠬᠦᠰᠦᠨᠦᠭᠲᠦ ᠬᠢᠭᠡᠳ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠡᠯᠧᠺᠲᠷᠣᠨ ᠡᠬᠡ ᠲᠠᠩᠰᠠ ᠲᠠᠢ ᠤᠶᠠᠯᠳᠤᠭᠤᠯᠤᠨ᠂ ᠬᠡᠪ ᠤᠨ ᠪᠤᠰᠤ ᠭᠦᠢᠴᠡᠳᠭᠡᠯ ᠲᠤᠭ᠎ᠠ ᠶᠢᠨ ᠲᠤᠭ᠎ᠠ ᠪᠠᠷᠢᠮᠲᠠ ᠵᠢᠴᠢ ᠬᠦᠰᠦᠨᠦᠭᠲᠦ ᠶᠢᠨ ᠬᠤᠭᠤᠷᠣᠨᠳᠣᠬᠢ ᠳᠣᠭᠢᠷᠠᠬᠤ ᠥᠬᠡᠶ ᠲᠤᠭ᠎ᠠ ᠪᠠᠷᠢᠮᠲᠠ ᠵᠡᠷᠭᠡ ᠠᠰᠠᠭᠤᠳᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠵᠤ ᠨᠤᠲᠠᠯᠠᠪᠠ᠃ ᠡᠬᠢ ᠡᠭᠦᠰᠦᠯ ᠠᠴᠠ ᠨᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠬᠢᠵᠢᠭᠦᠯᠵᠦ᠂ ᠰᠡᠭᠦᠯᠴᠢ ᠶᠢᠨ ᠬᠤᠭᠤᠴᠠᠭᠠᠨ ᠤ ᠪᠠᠶᠢᠴᠠᠭᠠᠯᠲᠠ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠠᠢ᠃    ᠬᠤᠶᠠᠷ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠪᠠ᠃     ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠨᠢ ᠬᠤᠰᠢᠭᠤ ᠰᠢᠶᠠᠨ ᠲᠣᠭᠤᠷᠢᠭ ᠲᠠᠢ ᠬᠠᠮᠲᠤᠷᠠᠨ ᠢᠯᠢ᠂ ᠶᠠᠨᠵᠤᠤᠷ ᠲᠠᠮᠠᠬᠢᠨ ᠤ ᠦᠢᠯᠡᠳᠪᠦᠷᠢ᠂ ᠲᠠᠯ᠎ᠠ ᠨᠤᠲᠤᠭ ᠤᠨ ᠤᠯᠠᠭᠠᠨ ᠨᠠᠷᠠ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠪᠣᠳᠠᠲᠠᠶ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠪᠠᠶᠢᠴᠠᠭᠠᠬᠤ ᠨᠢᠭᠡᠴᠡ ᠶᠢᠨ ᠣᠷᠣᠭᠤᠯᠤᠯᠲᠠ ᠪᠠ ᠭᠠᠷᠭᠠᠯᠲᠠ ᠶᠢᠨ ᠡᠯᠧᠺᠲᠷᠣᠨ ᠡᠬᠡ ᠲᠠᠩᠰᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠵᠤ᠂ ᠰᠠᠭᠤᠷᠢ ᠲᠠᠩᠰᠠ ᠲᠠᠢ ᠬᠠᠷᠭᠤᠭᠤᠯᠤᠨ ᠲᠦᠢᠯ ᠤᠨ ᠣᠨᠣᠪᠴᠢᠲᠠᠶ ᠪᠠᠷ ᠵᠢᠯᠣᠭᠤᠳᠪᠠ᠃ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠡᠯᠧᠺᠲᠷᠣᠨ ᠡᠬᠡ ᠲᠠᠩᠰᠠ ᠶᠢᠨ ᠲᠠᠩᠰᠠᠨ ᠳᠠᠬᠢ ᠲᠠᠩᠰᠠᠨ ᠬᠠᠭᠤᠳᠠᠰᠤ ᠶᠢᠨ ᠭᠦᠢᠴᠡᠳᠭᠡᠯ ᠲᠤᠭ᠎ᠠ ᠨᠢ ᠪᠤᠳᠤᠯᠢᠶᠠᠨᠲᠠᠶ᠂ ᠲᠠᠭᠯᠠᠨ ᠮᠡᠳᠡᠭᠦᠯᠬᠦ ᠳᠤ ᠬᠦᠴᠢᠷᠲᠡᠶ ᠵᠡᠷᠭᠡ ᠠᠰᠠᠭᠤᠳᠠᠯ ᠠᠴᠠ ᠪᠣᠯᠵᠣ᠂ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤ ᠨᠢ ᠰᠤᠷᠪᠤᠯᠵᠢᠯᠠᠨ ᠰᠤᠷᠪᠤᠯᠵᠢᠯᠠᠵᠤ᠂ ᠲᠤᠭ᠎ᠠ ᠪᠦᠷᠢᠳᠬᠡᠯ ᠤᠨ ᠠᠵᠢᠯᠲᠠᠨ ᠤ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠪᠠᠶᠢᠴᠠᠭᠠᠬᠤ ᠨᠢᠭᠡᠴᠡ ᠶᠢᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠪᠠ᠃    ᠭᠤᠷᠪᠠ᠂ ︽ᠨᠢᠭᠡ ᠳᠤ ᠨᠢᠭᠡ︾ ᠶᠢᠨ ᠠᠮᠢᠳᠤᠯᠢᠭ ᠵᠢᠯᠣᠭᠤᠳᠣᠯᠭ᠎ᠠ ᠬᠢᠪᠡ᠃     ᠠᠵᠤ ᠠᠬᠤᠶᠢᠯᠠᠯ ᠤᠨ ᠸᠢᠴᠠᠲ ᠤᠨ ᠴᠤᠭᠯᠠᠷᠠᠯ ᠪᠠᠶᠢᠭᠤᠯᠬᠤ ᠪᠠ ᠤᠲᠠᠰᠤ ᠪᠠᠷ ᠪᠠᠶᠢᠴᠠᠭᠠᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠬᠥᠮᠦᠨ ᠬᠤᠪᠢᠶᠠᠷᠢᠯᠠᠨ ᠬᠠᠷᠢᠭᠤᠴᠠᠵᠤ᠂ ᠣᠷᠣᠭᠤᠯᠤᠯᠲᠠ ᠭᠠᠷᠭᠠᠯᠲᠠ ᠶᠢᠨ ᠮᠡᠳᠡᠭᠦᠯᠬᠦ ᠬᠦᠰᠦᠨᠦᠭᠲᠦ ᠳᠤ ︽ᠨᠢᠭᠡ ᠳᠤ ᠨᠢᠭᠡ︾ ᠶᠢᠨ ᠠᠮᠢᠳᠤᠯᠢᠭ ᠵᠢᠯᠣᠭᠤᠳᠣᠯᠭ᠎ᠠ ᠬᠢᠪᠡ᠃ ᠠᠵᠤ ᠠᠬᠤᠶᠢᠯᠠᠯ ᠤᠨ ᠵᠢᠩᠬᠢᠨᠢ ᠪᠠᠷ ᠳᠡᠭᠡᠭᠰᠢ ᠮᠡᠳᠡᠭᠦᠯᠬᠦ ᠶᠠᠪᠤᠴᠠ ᠳᠠᠬᠢ ᠮᠠᠲ᠋ᠧᠷᠢᠶᠠᠯ ᠳᠤ ᠺᠣᠳ᠋ ᠣᠯᠭᠤᠬᠤ᠂ ᠯᠣᠭᠢᠭ ᠢᠶᠠᠷ ᠬᠢᠨᠠᠨ ᠬᠠᠷᠭᠤᠭᠤᠯᠬᠤ ᠵᠡᠷᠭᠡ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠴᠠᠭ ᠲᠤᠬᠠᠶ ᠳᠤᠨᠢ ᠮᠡᠳᠡᠭᠦᠯᠵᠦ ᠴᠠᠭ ᠲᠤᠬᠠᠶ ᠳᠤᠨᠢ ᠬᠢᠨᠠᠬᠤ ᠶᠢ ᠪᠡᠶᠡᠯᠡᠭᠦᠯᠪᠡ︔ ᠲᠠᠭᠯᠠᠨ ᠮᠡᠳᠡᠭᠦᠯᠬᠦ ᠪᠠ ᠬᠢᠨᠠᠨ ᠬᠠᠷᠭᠤᠭᠤᠯᠬᠤ ᠳᠤᠮᠳᠠ ᠢᠯᠡᠷᠡᠭᠦᠯᠦᠭᠰᠡᠨ ᠨᠡᠶᠢᠲᠡᠴᠢ ᠴᠢᠨᠠᠷᠲᠠᠶ ᠠᠰᠠᠭᠤᠳᠠᠯ ᠢ ᠡᠮᠬᠢᠯᠡᠨ ᠳᠢᠭᠯᠡᠵᠦ᠂ ᠦᠷᠭᠦᠯᠵᠢ ᠲᠣᠬᠢᠶᠠᠯᠳᠤᠳᠠᠭ ᠠᠮᠠᠷᠬᠠᠨ ᠪᠤᠷᠤᠭᠤᠳᠠᠬᠤ ᠭᠦᠢᠴᠡᠳᠭᠡᠯ ᠲᠤᠭ᠎ᠠ ᠪᠠ ᠲᠠᠭᠯᠠᠨ ᠮᠡᠳᠡᠭᠦᠯᠬᠦ ᠳᠤ ᠬᠦᠴᠢᠷᠲᠡᠶ ᠲᠠᠯ᠎ᠠ ᠵᠡᠷᠭᠡ ᠮᠠᠲ᠋ᠧᠷᠢᠶᠠᠯ ᠢ ᠡᠮᠬᠢᠯᠡᠨ ᠳᠢᠭᠯᠡᠵᠦ᠂ ᠸᠢᠴᠠᠲ ᠤᠨ ᠴᠤᠭᠯᠠᠷᠠᠯ ᠢᠶᠠᠷ ᠳᠠᠮᠵᠢᠭᠤᠯᠤᠨ ᠴᠠᠭ ᠲᠤᠬᠠᠶ ᠳᠤᠨᠢ ᠠᠵᠤ ᠠᠬᠤᠶᠢᠯᠠᠯ ᠳᠤ ᠲᠠᠷᠬᠠᠭᠠᠪᠠ᠃ ︽ᠨᠢᠭᠡ ᠳᠤ ᠨᠢᠭᠡ︾ ᠪᠠᠷ ᠣᠨᠣᠪᠴᠢᠲᠠᠶ ᠬᠠᠪᠰᠤᠷᠤᠨ ᠵᠢᠯᠣᠭᠤᠳᠬᠤ ᠠᠷᠭ᠎ᠠ ᠬᠢᠳᠡᠯ ᠨᠢ ᠵᠢᠩᠬᠢᠨᠢ ᠪᠠᠶᠢᠴᠠᠭᠠᠬᠤ ᠬᠤᠭᠤᠴᠠᠭᠠᠨ ᠳᠠᠬᠢ ᠡᠬᠡ ᠲᠠᠩᠰᠠ ᠶᠢ ᠣᠷᠣᠭᠤᠯᠬᠤ᠂ ᠬᠢᠨᠠᠨ ᠬᠠᠷᠭᠤᠭᠤᠯᠵᠤ ᠰᠢᠯᠭᠠᠨ ᠠᠪᠬᠤ ᠵᠡᠷᠭᠡ ᠠᠵᠢᠯ ᠢ ᠤᠷᠤᠭᠰᠢᠲᠠᠶ ᠥᠷᠨᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠪᠠ᠃    3 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠪᠥᠬᠦ ᠬᠤᠲᠠ ᠶᠢᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠨᠢᠭᠡᠴᠡ ᠨᠢᠭᠡᠨᠲᠡ ᠪᠦᠬᠦᠨ ᠢ ᠮᠡᠳᠡᠭᠦᠯᠦᠨ ᠬᠦᠷᠭᠡᠵᠦ ᠳᠠᠭᠤᠰᠬᠠᠪᠠ᠃ ᠵᠠᠯᠭᠠᠭᠠᠳ᠂ ᠠᠵᠤ ᠦᠢᠯᠡᠳᠪᠦᠷᠢ ᠶᠢᠨ ᠰᠠᠯᠠᠭ᠎ᠠ ᠨᠢ ᠬᠠᠷᠭᠤᠭᠤᠯᠤᠨ ᠪᠣᠳᠣᠬᠤ ᠰᠠᠯᠠᠭ᠎ᠠ᠂ ᠬᠤᠰᠢᠭᠤ ᠰᠢᠶᠠᠨ ᠲᠣᠭᠤᠷᠢᠭ ᠤᠨ ᠬᠠᠮᠵᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠰᠠᠬᠢᠵᠤ  ᠬᠢᠨᠠᠨ ᠬᠠᠷᠭᠤᠭᠤᠯᠵᠤ ᠰᠢᠯᠭᠠᠨ ᠠᠪᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠬᠦᠬᠡᠬᠤᠳᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号