3 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ | ᠬᠤᠷᠠᠯᠳᠤᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠭᠤᠷᠪᠠᠳᠤᠭᠠᠷ ᠬᠤᠷᠠᠯ ᠪᠣᠯᠤᠨ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠸᠢᠳᠢᠣ᠋ ᠬᠤᠷᠠᠯ ᠪᠣᠯᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠵᠢᠴᠢ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠠᠯ ᠵᠢᠴᠢ ᠰᠠᠬᠢᠯᠭ᠎ᠠ ᠪᠠᠲᠤ | ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ 2023 ᠣᠨ ᠤ ᠠᠵᠢᠯ ᠢ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠡᠭᠦᠷᠭᠡ ᠶᠢ | ᠪᠠᠶᠢᠷᠢᠯᠠᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ | ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠼᠤᠤ ᠰᠧ ᠶᠠᠩ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠵᠧᠦ ᠰᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | ᠼᠤᠤ ᠰᠧ ᠶᠠᠩ 2023 ᠣᠨ ᠤ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠭᠰᠠᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠦᠷᠨᠢᠬᠦᠯᠦᠭᠰᠡᠨ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠳᠬᠤᠭᠰᠠᠨ᠂ ᠲᠤᠭ᠎ᠠ ᠪᠦᠷᠢᠳᠬᠡᠯ ᠤᠨ ᠬᠤᠳᠠᠯ | ᠬᠠᠭᠤᠷᠮᠠᠭ ᠢ ᠰᠡᠷᠬᠡᠶᠢᠯᠡᠨ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠪᠤᠳᠠᠳᠠᠶᠢᠵᠢᠭᠤᠯᠤᠭᠰᠠᠨ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠣᠳᠣᠬᠠᠨ ᠤ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ ᠢ ᠵᠠᠳᠠᠯᠵᠤ᠂ | ᠪᠦᠬᠦ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠭᠤᠯᠵᠤ᠂ ᠣᠨᠣᠪᠴᠢᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠷᠡᠭ ᠢᠶᠠᠷ ᠲᠤᠯᠢ ᠪᠣᠯᠭᠠᠨ᠂ | ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ︽ᠡᠭᠦᠷᠢᠳᠡ ᠵᠤᠬᠰᠤᠰᠢ ᠦᠭᠡᠢ︾ ᠣᠪᠣᠷ ᠪᠠᠶᠢᠳᠠᠯ ᠢᠶᠠᠷ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠳᠠᠭᠠᠨ ᠳᠠᠭᠠᠭᠠᠮᠠᠭᠠᠢ ᠠᠬᠢᠭᠤᠯᠬᠤ ᠬᠡᠷᠡᠭᠲᠡᠢ ᠭᠡᠵᠡᠢ᠃ | | | | ᠼᠤᠤ ᠰᠧ ᠶᠠᠩ᠂ ᠤᠯᠤᠰ ᠲᠦᠷᠦ ᠶᠢᠨ ᠵᠢᠯᠣᠭᠤᠳᠤᠮᠵᠢ ᠶᠢ ᠤᠯᠠᠮ ᠴᠢᠨᠠᠭᠰᠢᠳᠠ ᠴᠢᠩᠭᠠᠳᠬᠠᠵᠤ᠂ | ᠬᠠᠷᠢᠴᠠᠯᠠᠰᠢᠭᠦᠢ ᠦᠨᠡᠨᠴᠢ ᠰᠢᠳᠤᠷᠭᠤ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠴᠣᠭᠴᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ | ᠲᠣᠭᠤᠷᠢᠨ ᠳᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ | ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠢ᠃ ᠰᠠᠬᠢᠯᠭ᠎ᠠ | ᠪᠠᠲᠤ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠲᠥᠪᠯᠡᠷᠡᠩᠭᠦᠶ ᠴᠢᠨᠠᠷᠲᠠᠶ ᠰᠠᠬᠢᠯᠭ᠎ᠠ ᠪᠠᠲᠤ ᠶᠢᠨ | ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ | ᠡᠭᠦᠷᠭᠡ ᠶᠢ ᠲᠥᠪ ᠴᠢᠩᠭ᠎ᠠ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠳᠤ ᠪᠠᠰᠠ ︽ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︿ | ᠬᠠᠷᠰᠢ ᠰᠠᠭᠠᠳ﹀ ᠢ ᠡᠷᠡᠰ ᠴᠡᠪᠡᠷᠯᠡᠨ ᠠᠷᠢᠯᠭᠠᠬᠤ ᠬᠡᠷᠡᠭᠲᠡᠢ︾ ᠭᠡᠬᠦ ᠰᠡᠷᠡᠮᠵᠢᠯᠡᠬᠦᠯᠦᠯ ᠬᠥᠮᠥᠵᠢᠯ ᠤᠨ ᠹᠢᠯᠢᠮ ᠢ | ᠵᠣᠬᠢᠶᠠᠨ ᠪᠠᠶᠢᠭᠤᠯᠤᠨ ᠦᠵᠡᠵᠡᠢ᠃ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠭᠴᠢ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠥᠬᠦᠶ ᠨᠥᠬᠦᠳ ᠵᠢᠴᠢ ᠪᠥᠬᠦ | ᠲᠣᠪᠴᠢᠶ᠎ᠠ ᠶᠢᠨ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ |