ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/3/19
    ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠥᠳᠡᠭᠡ ᠲᠣᠰᠬᠤᠨ ᠤ ᠵᠤᠷᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠠᠵᠢᠯ ᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠥᠬᠡᠬᠤᠲᠠ ᠳᠤ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠴᠤᠸᠠᠨ ᠵᠢᠩ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠪᠥᠭᠡᠳ ᠶᠠᠷᠢᠶ᠎ᠠᠲᠠᠯᠪᠢᠪᠠ᠃    ᠪᠣᠯᠪᠠᠰᠤᠷᠠᠯ ᠤᠨ ᠠᠩᠭᠢ ᠠᠴᠠ ᠵᠢᠭᠠᠵᠤ ᠭᠠᠷᠭᠠᠭᠰᠠᠨ ᠨᠢ᠂ 2023 ᠣᠨ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠰᠢᠰᠲ᠋ᠧᠮ ᠤᠨ ᠬᠢᠨ ᠬᠥᠳᠡᠭᠡ ᠲᠣᠰᠬᠤᠨ ᠤ ᠵᠤᠷᠭᠠᠨ ᠤ ︽ᠥᠭᠡᠷᠡᠴᠢᠯᠡᠯᠲᠡ ᠶᠢᠨ ᠣᠨ︾᠂ ︽ᠶᠠᠰᠤ ᠴᠢᠨᠠᠷ ᠤᠨ ᠣᠨ︾᠂ ︽ᠰᠠᠭᠤᠷᠢ ᠣᠨ︾ ᠤ ᠬᠠᠷᠠᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠲᠦᠷᠢᠮ ᠢ ᠲᠡᠭᠦᠯᠳᠡᠷᠵᠢᠭᠦᠯᠬᠦ᠂ ᠰᠢᠶᠠᠨ ᠤ ᠬᠡᠪᠴᠢᠶ᠎ᠡ ᠪᠠ ᠠᠵᠤ ᠠᠬᠤᠶ ᠶᠢᠨ ᠲᠠᠷᠢᠮᠠᠯ ᠤᠨ ᠲᠤᠭ᠎ᠠ ᠪᠦᠷᠢᠳᠬᠡᠯ ᠢ ᠰᠠᠶᠢᠲᠤᠷ ᠬᠢᠬᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠪᠠ ᠲᠤᠭ᠎ᠠ ᠪᠦᠷᠢᠳᠬᠡᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠪᠠ᠃ ᠭᠡᠪᠡᠴᠦ ᠮᠥᠨ ᠬᠦ ᠦᠨᠳᠦᠰᠦᠨ ᠱᠠᠲᠤᠨ ᠤ ᠰᠠᠭᠤᠷᠢ ᠲᠡᠳᠦᠢ ᠪᠠᠲᠤ ᠪᠠᠬᠢ ᠪᠢᠰᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠴᠠᠭᠴᠢ ᠴᠢᠨᠠᠷ ᠪᠣᠯᠤᠨ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ ᠵᠡᠷᠭᠡ ᠠᠰᠠᠭᠤᠳᠠᠯ ᠳᠤ ᠲᠤᠯᠭᠠᠷᠠᠵᠤ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠᠭᠡᠵᠡᠢ᠃    ᠪᠣᠯᠪᠠᠰᠤᠷᠠᠯ ᠤᠨ ᠠᠩᠭᠢ ᠠᠴᠠ ᠴᠢᠬᠤᠯᠠᠴᠢᠯᠠᠭᠰᠠᠨ ᠨᠢ᠂ 2024 ᠣᠨ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠬᠤ ᠪᠠᠷ ᠭᠤᠣᠯ ᠱᠤᠭᠤᠮ ᠪᠣᠯᠭᠠᠨ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠤᠳᠤᠷᠢᠳᠤᠮᠵᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠭᠦᠨᠵᠡᠭᠡᠶ ᠠᠬᠢᠭᠤᠯᠤᠨ᠂ ᠠᠯᠤᠰ ᠰᠡᠷᠡᠯ ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠠᠵᠤ ᠠᠬᠤᠶ ᠶᠢᠨ ᠲᠠᠷᠢᠮᠠᠯ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠢᠵᠢ ᠬᠦᠰᠦᠨᠦᠭᠲᠦ ᠶᠢᠨ ᠲᠦᠷᠢᠮ︾ ᠢ ᠴᠢᠩᠭ᠎ᠠ ᠬᠡᠷᠡᠭᠵᠢᠬᠦᠯᠵᠦ᠂ ᠰᠢᠶᠠᠨ᠂ ᠰᠢᠶᠠᠩ᠂ ᠲᠣᠰᠬᠤᠨ ᠤ ᠬᠦᠰᠦᠨᠦᠭᠲᠦ ᠶᠢ ᠬᠢᠨᠠᠨ ᠬᠠᠷᠭᠤᠭᠤᠯᠵᠤ ᠪᠠᠶᠢᠴᠠᠭᠠᠨ ᠯᠠᠪᠯᠠᠬᠤ ᠡᠷᠴᠢᠮ ᠢᠶᠠᠨ ᠴᠢᠩᠭᠠᠳᠬᠠᠨ᠂  ᠡᠬᠢ ᠡᠭᠦᠰᠦᠯ ᠤᠨ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠪᠠᠬᠢᠵᠢᠬᠦᠯᠵᠦ᠂ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠦᠨ᠂ ᠤᠯᠤᠰ ᠤᠨ ᠲᠣᠪᠴᠢᠶ᠎ᠠ ᠶᠢᠨ ᠲᠣᠭᠲᠠᠭᠠᠭᠰᠠᠨ ᠴᠠᠭ ᠬᠤᠭᠤᠴᠠᠭᠠᠨ ᠳᠣᠲᠣᠷ᠎ᠠ ᠣᠨ ᠤ ᠲᠦᠷᠭᠡᠨ ᠮᠡᠳᠡᠭᠦᠯᠬᠦ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃    ᠪᠣᠯᠪᠠᠰᠤᠷᠠᠯ ᠤᠨ ᠠᠩᠭᠢ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠢᠵᠢ ᠬᠦᠰᠦᠨᠦᠭᠲᠦ ᠶᠢᠨ ᠲᠦᠷᠢᠮ᠂ ᠲᠠᠷᠢᠶᠠᠯᠠᠩ ᠤᠨ ᠦᠢᠯᠡᠳᠪᠦᠷᠢᠯᠡᠯ ᠤᠨ ᠥᠷᠲᠡᠭ ᠤᠨ ᠬᠠᠷᠭᠤᠭᠤᠯᠤᠨ ᠪᠣᠳᠣᠬᠤ ᠵᠢᠴᠢ ᠠᠵᠤ ᠠᠬᠤᠶ ᠶᠢᠨ ᠲᠠᠷᠢᠮᠠᠯ ᠤᠨ ᠲᠤᠭ᠎ᠠ ᠪᠦᠷᠢᠳᠬᠡᠯ ᠵᠡᠷᠭᠡ ᠳᠤ ᠪᠣᠯᠪᠠᠰᠤᠷᠠᠯᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠲᠣᠰᠬᠤᠨ ᠤ ᠲᠠᠰ ᠤᠨ ᠡᠬᠡ ᠲᠠᠩᠰᠠ ᠪᠣᠯᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠡᠯ᠎ᠡ ᠠᠶᠢᠮᠠᠭ ᠬᠤᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠵᠡᠷᠭᠡ 40 ᠭᠠᠷᠤᠶ ᠬᠥᠮᠦᠨ ᠪᠣᠯᠪᠠᠰᠤᠷᠠᠯ ᠤᠨ ᠠᠩᠭᠢ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号