ᠪᠥᠬᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠲᠤᠭ᠎ᠠ ᠪᠦᠷᠢᠳᠬᠡᠯ ᠤᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ | ᠰᠢᠨᠵᠢᠯᠡᠬᠦ ᠤᠬᠠᠭᠠᠨ ᠰᠣᠶᠣᠯ ᠤᠨ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ | 3 ᠳ᠋ᠤᠭᠠᠷ ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠪᠥᠬᠦ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠰᠣᠶᠣᠯ ᠤᠨ | ᠠᠵᠤ ᠦᠢᠯᠡᠰ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ | ᠬᠤᠷᠠᠯ ᠠᠴᠠ ᠪᠦᠬᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠰᠣᠶᠣᠯ ᠤᠨ ᠠᠵᠤ | ᠦᠢᠯᠡᠰ ᠤᠨ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠪᠣᠯᠤᠨ ᠪᠦᠬᠦ ᠣᠷᠣᠨ ᠤ ᠲᠤᠭ᠎ᠠ ᠪᠦᠷᠢᠳᠬᠡᠯ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠬᠦ᠂ ᠨᠡᠶᠢᠭᠡᠮ᠂ | ᠬᠤᠶᠠᠷ ᠬᠥᠲᠥᠯᠪᠦᠷᠢ ᠪᠣᠯᠤᠨ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠣᠭᠤᠷᠢᠨ ᠳᠤ ᠪᠣᠯᠪᠠᠰᠤᠷᠠᠯ ᠥᠷᠨᠢᠭᠦᠯᠪᠡ᠃ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠢᠩ ᠶᠦᠩ ᠪᠥᠸᠧ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠢᠯᠣᠭᠤᠳᠣᠯᠭ᠎ᠠ ᠪᠠ ᠣᠷᠣᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠵᠥᠪ ᠤᠳᠤᠷᠢᠳᠤᠯᠭ᠎ᠠ ᠳᠤᠤᠷ᠎ᠠ᠂ 2023 ᠣᠨ ᠳᠤ᠂ | ᠪᠥᠬᠦ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠲᠤᠭ᠎ᠠ ᠪᠦᠷᠢᠳᠬᠡᠯ ᠤᠨ ᠰᠢᠰᠲ᠋ᠧᠮ ᠤᠨ ᠬᠢᠨ | ᠨᠠᠮ ᠤᠨ ᠪᠠᠶᠢᠭᠤᠯᠤᠯᠲᠠ ᠪᠠᠷ ᠬᠥᠲᠥᠯᠥᠨ ᠵᠢᠯᠣᠭᠤᠳᠣᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠲᠠᠰᠤᠷᠠᠯᠲᠠ ᠥᠬᠡᠶ ᠰᠢᠨ᠎ᠡ ᠠᠮᠵᠢᠯᠲᠠ ᠪᠦᠲᠦᠮᠵᠢ | ᠤᠯᠪᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2024 ᠣᠨ ᠳᠤ᠂ ᠡᠯ᠎ᠡ ᠠᠶᠢᠮᠠᠭ ᠬᠤᠳᠠ ᠶᠢᠨ ᠬᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ | ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠨᠡᠭᠡᠭᠡᠨ᠂ ᠳᠤᠮᠳᠠ ᠲᠦᠪᠰᠢᠨ ᠳᠤ | ᠤᠷᠤᠭᠰᠢᠯᠠᠬᠤ︾ ᠬᠠᠷᠠᠯᠲᠠ ᠶᠢ ᠲᠣᠭᠲᠠᠭᠠᠵᠤ᠂ ︽ᠲᠤᠭ᠎ᠠ ᠪᠦᠷᠢᠳᠬᠡᠯ ᠤᠨ ᠣᠳᠣᠬᠢᠴᠢᠯᠠᠯᠲᠠ ᠪᠠᠷ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠳᠤ ᠦᠢᠯᠡᠴᠢᠯᠡᠬᠦ︾ ᠭᠤᠣᠯ | ᠠᠵᠢᠯ ᠤᠨ ᠲᠣᠭᠤᠷᠢᠨ ᠳᠤ᠂ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠲᠤᠭ᠎ᠠ ᠪᠦᠷᠢᠳᠬᠡᠯ ᠤᠨ ᠡᠯ᠎ᠡ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠢᠭᠡ ᠳᠤ᠂ ᠲᠤᠭ᠎ᠠ | ᠪᠠᠷᠢᠮᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠦᠢᠯᠡᠳᠪᠦᠷᠢᠯᠡᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠤᠶᠠᠷ ᠲᠤ ᠂ ᠲᠤᠭ᠎ᠠ ᠪᠦᠷᠢᠳᠬᠡᠯ ᠤᠨ | ᠬᠢᠨᠠᠨ ᠬᠡᠮᠵᠢᠯᠲᠡ ᠶᠢ ᠴᠢᠩᠭᠠᠳᠬᠠᠵᠤ᠂ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠪᠠᠶᠢᠴᠠᠭᠠᠨ | ᠰᠤᠳᠤᠯᠤᠯᠲᠠ ᠶᠢᠨ ᠨᠠᠷᠠᠲᠤ ᠲᠡᠮᠳᠡᠭ ᠢ ᠡᠭᠦᠳᠴᠦ᠂ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠲᠤᠭ᠎ᠠ | ᠪᠦᠷᠢᠳᠬᠡᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠲᠦᠷᠪᠡ ᠳᠤ᠂ ᠰᠠᠯᠠᠭ᠎ᠠ | ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠪᠣᠯᠪᠠᠰᠤᠷᠠᠯ | ᠵᠢᠯᠤᠭᠤᠳᠤᠯᠭ᠎ᠠ ᠪᠣᠯᠤᠨ ᠤᠯᠤᠯᠴᠠᠭ᠎ᠠ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠭᠡᠮ ᠤᠨ ᠰᠢᠨᠵᠢᠯᠡᠬᠦ ᠤᠬᠠᠭᠠᠨ | ᠰᠣᠶᠣᠯ ᠤᠨ ᠲᠤᠭ᠎ᠠ ᠪᠦᠷᠢᠳᠬᠡᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠲᠣᠪᠴᠢᠶ᠎ᠠ ᠶᠢᠨ ᠤᠳᠤᠷᠢᠳᠤᠯᠭ᠎ᠠ᠂ | ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠡᠶᠢᠲᠡ 30 ᠭᠠᠷᠤᠶ ᠬᠥᠮᠦᠨ ᠬᠤᠷᠠᠯ ᠳᠤ ᠣᠷᠣᠯᠴᠠᠵᠠᠶ᠃ | |