ᠤᠰᠤ ᠶᠢ ᠠᠷᠪᠢᠯᠠᠨ ᠬᠡᠷᠡᠭᠯᠡᠬᠦ ᠳᠦᠷᠢᠮ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠥᠬᠦ ᠨᠡᠶᠢᠭᠡᠮ ᠤᠨ ᠬᠢᠨ ᠤ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠵᠤ᠂ ᠤᠯᠤᠰ ᠤᠨ | ᠤᠰᠤᠨ ᠤ ᠠᠮᠤᠷ ᠲᠦᠪᠰᠢᠨ ᠢ ᠪᠠᠲᠤᠯᠠᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠶᠢ ᠦᠨᠳᠦᠰᠦᠯᠡᠨ᠂ ᠲᠣᠰ | ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠲᠦᠷᠢᠮ ᠳᠤ ᠬᠡᠯᠡᠵᠦ ᠪᠠᠶᠢᠭ᠎ᠠ ᠤᠰᠤ ᠶᠢ ᠠᠷᠪᠢᠯᠠᠵᠤ ᠬᠡᠷᠡᠭᠯᠡᠬᠦ ︵ᠳᠣᠷᠣᠭᠰᠢ ᠤᠰᠤ | ᠠᠷᠪᠢᠯᠠᠬᠤ ᠭᠡᠵᠦ ᠲᠣᠪᠴᠢᠯᠠᠨ᠎ᠠ︶ ᠭᠡᠳᠡᠭ ᠨᠢ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ᠂ ᠤᠰᠤ ᠬᠡᠷᠡᠭᠯᠡᠬᠦ | ᠠᠷᠭ᠎ᠠ ᠮᠠᠶ᠋ᠢᠭ ᠢ ᠬᠤᠪᠢᠷᠠᠭᠤᠯᠬᠤ ᠪᠠᠷ ᠳᠠᠮᠵᠢᠭᠤᠯᠤᠨ᠂ ᠮᠡᠷᠭᠡᠵᠢᠯ ᠤᠨ ᠲᠠᠯ᠎ᠠ ᠪᠠᠷ ᠪᠣᠯᠤᠮᠵᠢᠲᠠᠶ᠂ ᠠᠵᠤ ᠠᠬᠤᠶ ᠶᠢᠨ | ᠲᠠᠯ᠎ᠠ ᠪᠠᠷ ᠵᠦᠶ ᠵᠣᠬᠢᠰᠲᠠᠶ ᠠᠷᠭ᠎ᠠ ᠬᠡᠮᠵᠢᠶ᠎ᠡ ᠠᠪᠴᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ | ᠪᠠᠭᠤᠷᠠᠭᠤᠯᠤᠨ᠂ ᠤᠰᠤᠨ ᠤ ᠡᠬᠢ ᠪᠠᠶᠠᠯᠢᠭ ᠤᠨ ᠬᠤᠬᠢᠷᠠᠯ ᠢ ᠪᠠᠭᠠᠰᠬᠠᠵᠤ᠂ ᠤᠰᠤᠨ ᠤ ᠡᠬᠢ ᠪᠠᠶᠠᠯᠢᠭ ᠢ ᠪᠦᠷᠢᠯᠭᠡᠨ | ᠰᠦᠢᠳᠭᠡᠬᠦ ᠶᠢ ᠰᠡᠷᠭᠡᠶᠢᠯᠡᠨ᠂ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ᠂ ᠪᠦᠲᠦᠮᠵᠢᠲᠡᠶ ᠠᠰᠢᠭᠯᠠᠬᠤ | ᠠᠵᠢᠯᠯᠠᠭ᠎ᠠ ᠶᠢ ᠵᠢᠭᠠᠵᠤ ᠪᠣᠶ᠃ | ᠭᠤᠷᠪᠠᠳᠤᠭᠠᠷ ᠵᠦᠢᠯ ᠤᠰᠤ ᠠᠷᠪᠢᠯᠠᠬᠤ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠨᠢᠭᠡᠳᠦᠯᠲᠡᠢ ᠲᠥᠯᠥᠪᠵᠢᠭᠦᠯᠬᠦ᠂ | ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ | ᠲᠤᠬᠢᠷᠠᠭᠤᠯᠬᠤ᠂ ᠲᠥᠷᠥᠯ ᠬᠤᠪᠢᠶᠠᠨ ᠵᠢᠯᠣᠭᠤᠳᠬᠤ ᠵᠠᠷᠴᠢᠮ ᠢ ᠵᠢᠷᠤᠮᠯᠠᠵᠤ᠂ ᠶᠡᠷᠦᠩᠬᠡᠢ ᠬᠡᠮᠵᠢᠶ᠎ᠡ ᠶᠢ ᠡᠵᠡᠮᠳᠡᠬᠦ᠂ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠥᠨᠳᠥᠷ ᠦᠷ᠎ᠡ ᠪᠦᠲᠦᠮᠵᠢᠲᠡᠢ ᠠᠰᠢᠭᠯᠠᠬᠤ ᠶᠢ ᠪᠠᠷᠢᠮᠲᠠᠯᠠᠨ᠂ | ᠬᠢᠵᠠᠭᠠᠷᠯᠠᠬᠤ ᠪᠠ ᠤᠷᠮᠠᠰᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠢᠶᠠᠷ | ᠭᠤᠣᠯᠯᠠᠭᠤᠯᠬᠤ᠂ ᠡᠯ᠎ᠡ ᠲᠠᠯ᠎ᠠ ᠶᠢᠨ ᠬᠢᠨ ᠬᠠᠮᠵᠢᠯᠴᠠᠬᠤ᠂ ᠵᠠᠬ᠎ᠠ ᠳᠡᠯᠭᠡᠭᠦᠷ ᠢᠶᠠᠷ ᠲᠤᠬᠢᠷᠠᠭᠤᠯᠬᠤ᠂ ᠨᠡᠶᠢᠳᠡ ᠤᠯᠠᠨ | ᠣᠷᠣᠯᠴᠠᠬᠤ ᠤᠰᠤ ᠠᠷᠪᠢᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ᠳᠥᠷᠪᠡᠳᠦᠭᠡᠷ ᠵᠦᠢᠯ ᠤᠯᠤᠰ ᠠᠴᠠ ᠤᠰᠤ ᠠᠷᠪᠢᠯᠠᠬᠤ ᠶᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ ᠶᠢ | ᠲᠡᠷᠢᠭᠦᠨ ᠳᠤ ᠲᠠᠯᠪᠢᠬᠤ ᠴᠢᠭᠯᠡᠯᠲᠡ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠤᠯᠤᠰ ᠤᠨ ᠤᠰᠤ ᠠᠷᠪᠢᠯᠠᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠤᠨ᠎ᠠ᠃ | ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠤᠰᠤ ᠠᠷᠪᠢᠯᠠᠬᠤ ᠡᠭᠦᠷᠭᠡ ᠪᠠᠨ ᠬᠠᠤᠯᠢ ᠶᠣᠰᠣᠭᠠᠷ | ᠭᠦᠢᠴᠡᠳᠬᠡᠬᠦ ᠬᠡᠷᠡᠭᠲᠡᠶ᠃ | ᠲᠠᠪᠤᠳᠤᠭᠠᠷ ᠵᠦᠢᠯ ᠤᠯᠤᠰ ᠠᠴᠠ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠬᠤ ᠲᠦᠷᠢᠮ ᠢ | ᠪᠠᠶᠢᠭᠤᠯᠵᠤ᠂ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ | ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠬᠥᠮᠦᠨ ᠠᠮᠠ ᠪᠠ | ᠬᠤᠳᠠ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠷᠢᠰᠢᠯ ᠢ ᠠᠬᠢᠭᠤᠯᠵᠤ᠂ ᠤᠰᠤᠨ ᠤ ᠡᠬᠢ ᠪᠠᠶᠠᠯᠢᠭ ᠤᠨ | ᠳᠠᠭᠠᠭᠠᠴᠠ ᠶᠢᠨ ᠴᠢᠳᠠᠪᠤᠷᠢ ᠯᠤᠭ᠎ᠠ ᠵᠣᠬᠢᠴᠠᠯᠳᠤᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠪᠠᠶᠢᠭᠤᠯᠤᠨ᠎ᠠ᠃ | ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠰᠤ | ᠠᠷᠪᠢᠯᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠤᠯᠪᠣᠭᠳᠠᠯ ᠪᠦᠬᠦᠢ | ᠲᠥᠯᠥᠪᠵᠢᠭᠦᠯᠭᠡ᠂ ᠣᠨ ᠤ ᠲᠥᠯᠥᠪᠯᠡᠭᠡ ᠳᠡᠭᠡᠨ ᠣᠷᠣᠭᠤᠯᠵᠤ᠂ ᠤᠰᠤ ᠠᠷᠪᠢᠯᠠᠬᠤ ᠠᠵᠢᠯ ᠢ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠨ᠂ ᠤᠰᠤ ᠠᠷᠪᠢᠯᠠᠬᠤ ᠲᠦᠷᠤ ᠶᠢᠨ ᠪᠤᠳᠤᠯᠭ᠎ᠠ ᠪᠠ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠡᠭᠦᠯᠳᠡᠷᠵᠢᠭᠦᠯᠦᠨ ᠠᠬᠢᠭᠤᠯᠵᠤ᠂ ᠤᠰᠤ ᠠᠷᠪᠢᠯᠠᠬᠤ ᠠᠵᠢᠯ ᠤᠨ ᠳᠤᠮᠳᠠᠬᠢ | ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠤᠳᠤᠯᠬᠤ ᠪᠠ ᠵᠣᠬᠢᠴᠠᠭᠤᠯᠤᠨ ᠰᠢᠢᠳᠪᠦᠷᠢᠯᠡᠬᠦ | ᠬᠡᠷᠡᠭᠲᠡᠢ᠃ | ᠳᠣᠯᠣᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠪᠥᠬᠦ ᠤᠯᠤᠰ ᠤᠨ ᠤᠰᠤ ᠠᠷᠪᠢᠯᠠᠬᠤ ᠠᠵᠢᠯ ᠢ ᠬᠠᠷᠢᠭᠤᠴᠠᠨ᠎ᠠ᠃ ᠲᠥᠷᠥ ᠶᠢᠨ | ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠬᠤᠲᠠ ᠶᠢᠨ ᠤᠰᠤ | ᠠᠷᠪᠢᠯᠠᠬᠤ ᠠᠵᠢᠯ ᠢ ᠵᠢᠯᠣᠭᠤᠳᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠭᠦᠯᠦᠯᠲᠡ | ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠬᠥᠳᠡᠭᠡ ᠲᠣᠰᠬᠤᠨ᠂ | ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ | ᠰᠤᠷᠭᠠᠨ ᠬᠥᠮᠦᠵᠢᠯ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠤᠰᠤ ᠠᠷᠪᠢᠯᠠᠬᠤ ᠬᠤᠯᠪᠣᠭᠳᠠᠯ | ᠪᠥᠬᠦᠶ ᠠᠵᠢᠯ ᠢ ᠰᠠᠶᠢᠲᠤᠷ ᠬᠢᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠤᠰᠤ ᠠᠷᠪᠢᠯᠠᠬᠤ | ᠠᠵᠢᠯ ᠢ ᠰᠠᠶᠢᠲᠤᠷ ᠬᠢᠨ᠎ᠡ᠃ | ᠨᠠᠢᠮᠠᠳᠤᠭᠠᠷ ᠵᠦᠢᠯ ᠤᠯᠤᠰ ᠠᠴᠠ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ | ᠪᠠᠶᠢᠭᠤᠯᠤᠯᠲᠠ ᠪᠠ ᠠᠵᠤ ᠦᠢᠯᠡᠰᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ᠤᠰᠤ ᠠᠷᠪᠢᠯᠠᠬᠤ ᠶᠢ ᠠᠬᠢᠭᠤᠯᠬᠤ ᠳᠤ | ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ | ᠴᠢᠩᠭᠠᠳᠬᠠᠨ᠎ᠠ᠃ | ᠶᠢᠰᠦᠳᠦᠭᠡᠷ ᠵᠦᠢᠯ ᠤᠯᠤᠰ ᠠᠴᠠ ᠤᠰᠤ ᠠᠷᠪᠢᠯᠠᠬᠤ ᠤᠬᠠᠭᠤᠯᠭ᠎ᠠ ᠬᠥᠮᠦᠵᠢᠯ ᠪᠣᠯᠤᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠶᠢ ᠴᠢᠩᠭᠠᠳᠬᠠᠵᠤ᠂ ᠪᠦᠬᠦ ᠠᠷᠠᠳ ᠤᠨ ᠤᠰᠤ ᠠᠷᠪᠢᠯᠠᠬᠤ ᠤᠬᠠᠮᠰᠠᠷ ᠪᠣᠯᠤᠨ ᠤᠰᠤ ᠠᠷᠪᠢᠯᠠᠬᠤ | ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠤᠰᠤ ᠠᠷᠪᠢᠯᠠᠬᠤ ᠨᠡᠶᠢᠭᠡᠮ ᠤᠨ ᠬᠠᠮᠲᠤ ᠶᠢᠨ | ᠲᠠᠨᠢᠯᠲᠠ ᠪᠣᠯᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠤᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠰᠤ ᠠᠷᠪᠢᠯᠠᠬᠤ ᠲᠤᠬᠠᠶ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠪᠣᠯᠤᠨ ᠮᠡᠳᠡᠯᠭᠡ ᠶᠢ | ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ᠰᠣᠨᠢᠨ ᠮᠡᠳᠡᠭᠡᠨ ᠤ ᠵᠠᠭᠤᠴᠢᠯᠠᠭᠤᠷ ᠤᠳ ᠤᠰᠤ ᠠᠷᠪᠢᠯᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ | ᠥᠷᠨᠢᠭᠦᠯᠵᠦ᠂ ᠤᠰᠤᠨ ᠤ ᠡᠬᠢ ᠪᠠᠶᠠᠯᠢᠭ ᠢ ᠪᠦᠷᠢᠯᠭᠡᠬᠦ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠬᠤ ᠬᠡᠷᠡᠭᠲᠡᠶ᠃ | ᠬᠤᠶᠠᠳᠤᠭᠠᠷ ᠪᠦᠯᠦᠭ ᠤᠰᠤ ᠬᠡᠷᠡᠭᠯᠡᠬᠦ ᠶᠢ ᠬᠠᠮᠢᠶᠠᠷᠬᠤ | ᠠᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ | ᠬᠠᠷᠢᠭᠤᠴᠠᠯᠭ᠎ᠠ ᠶᠢᠨ ᠢᠶᠠᠨ ᠠᠵᠢᠯ ᠤᠨ ᠬᠤᠪᠢᠶᠠᠷᠢᠯᠠᠯ ᠶᠣᠰᠣᠭᠠᠷ᠂ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠪᠦᠬᠦ ᠤᠯᠤᠰ ᠤᠨ ᠤᠰᠤᠨ ᠤ ᠡᠬᠢ ᠪᠠᠶᠠᠯᠢᠭ ᠤᠨ ᠪᠠᠶᠢᠯᠳᠤᠬᠤ | ᠪᠤᠳᠤᠯᠭ᠎ᠠ ᠶᠢᠨ ᠲᠥᠯᠥᠪᠵᠢᠭᠦᠯᠭᠡ ᠶᠢ ᠦᠨᠳᠦᠰᠦᠯᠡᠨ ᠪᠦᠬᠦ ᠤᠯᠤᠰ ᠤᠨ ᠤᠰᠤ ᠠᠷᠪᠢᠯᠠᠬᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ᠂ ᠤᠰᠤᠨ ᠤ ᠡᠬᠢ ᠪᠠᠶᠠᠯᠢᠭ ᠤᠨ ᠪᠠᠶᠢᠳᠠᠯ | ᠪᠣᠯᠤᠨ ᠳᠡᠭᠡᠳᠦ ᠱᠠᠲᠤᠨ ᠤ ᠤᠰᠤ ᠠᠷᠪᠢᠯᠠᠬᠤ ᠲᠥᠯᠥᠪᠵᠢᠭᠦᠯᠭᠡ ᠪᠠᠨ ᠦᠨᠳᠦᠰᠦᠯᠡᠨ᠂ ᠲᠤᠰ ᠵᠠᠰᠠᠭ ᠵᠠᠬᠢᠷᠭᠠᠨ ᠤ | ᠣᠷᠣᠨ ᠤ ᠪᠠᠨ ᠤᠰᠤ ᠠᠷᠪᠢᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ | ᠤᠰᠤ ᠠᠷᠪᠢᠯᠠᠬᠤ ᠲᠥᠯᠥᠪᠵᠢᠭᠦᠯᠭᠡ ᠳᠤ ᠤᠰᠤᠨ ᠤ ᠡᠬᠢ ᠪᠠᠶᠠᠯᠢᠭ ᠤᠨ ᠪᠠᠶᠢᠳᠠᠯ ᠤᠨ ᠦᠨᠡᠯᠡᠯᠲᠡ᠂ ᠤᠰᠤ | ᠠᠷᠪᠢᠯᠠᠬᠤ ᠳᠠᠯᠳᠠ ᠬᠦᠴᠦᠨ ᠤ ᠵᠠᠳᠠᠯᠤᠯᠲᠠ᠂ ᠤᠰᠤ ᠠᠷᠪᠢᠯᠠᠬᠤ ᠬᠠᠷᠠᠯᠲᠠ᠂ ᠭᠤᠣᠯ ᠡᠭᠦᠷᠭᠡ ᠪᠠ ᠠᠷᠭ᠎ᠠ ᠬᠡᠮᠵᠢᠶ᠎ᠡ | ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭ᠎ᠠ᠂ | ᠪᠠᠷᠢᠮᠵᠢᠶᠠᠵᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠭᠤᠣᠯ ᠪᠣᠯᠬᠤ | ᠲᠠᠷᠢᠮᠠᠯ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠪᠠ ᠦᠢᠯᠡᠴᠢᠯᠡᠭᠡᠨ ᠤ ᠦᠢᠯᠡᠰ ᠵᠡᠷᠭᠡ ᠶᠢᠨ | ᠤᠰᠤ ᠬᠡᠷᠡᠭᠯᠡᠬᠦ ᠨᠤᠷᠮ᠎ᠠ ︵ᠳᠣᠷᠣᠭᠰᠢ ᠤᠯᠤᠰ ᠤᠨ ᠤᠰᠤ ᠬᠡᠷᠡᠭᠯᠡᠬᠦ ᠨᠤᠷᠮ᠎ᠠ ᠭᠡᠵᠦ ᠨᠡᠷᠡᠶᠢᠳᠦᠨ᠎ᠡ︶ ᠶᠢ ᠵᠣᠬᠢᠶᠠᠨ | ᠪᠠᠶᠢᠭᠤᠯᠵᠤ ᠲᠣᠭᠲᠠᠭᠠᠨ᠎ᠠ᠃ ᠤᠯᠤᠰ ᠤᠨ ᠤᠰᠤ ᠬᠡᠷᠡᠭᠯᠡᠬᠦ ᠨᠤᠷᠮ᠎ᠠ ᠶᠢ ᠵᠣᠬᠢᠶᠠᠨ ᠪᠠᠶᠢᠭᠤᠯᠵᠤ ᠲᠣᠭᠲᠠᠭᠠᠬᠤ ᠳᠠᠭᠠᠨ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠢ ᠬᠤᠷᠢᠶᠠᠬᠤ | ᠬᠡᠷᠡᠭᠲᠡᠢ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ | ᠪᠣᠳᠠᠲᠠᠢ ᠬᠡᠷᠡᠭᠴᠡᠭᠡ ᠪᠠᠨ ᠦᠨᠳᠦᠰᠦᠯᠡᠵᠦ᠂ ᠤᠯᠤᠰ ᠤᠨ ᠤᠰᠤ ᠬᠡᠷᠡᠭᠯᠡᠬᠦ ᠨᠤᠷᠮ᠎ᠠ ᠠᠴᠠ ᠴᠢᠩᠭ᠎ᠠ ᠣᠷᠣᠨ | ᠨᠤᠲᠤᠭ ᠤᠨ ᠤᠰᠤ ᠬᠡᠷᠡᠭᠯᠡᠬᠦ ᠨᠤᠷᠮ᠎ᠠ ᠶᠢ ᠲᠣᠭᠲᠠᠭᠠᠵᠤ ᠪᠣᠯᠤᠨ᠎ᠠ︔ ᠤᠯᠤᠰ ᠤᠨ ᠤᠰᠤ ᠬᠡᠷᠡᠭᠯᠡᠬᠦ ᠨᠤᠷᠮ᠎ᠠ ᠶᠢ | ᠲᠣᠭᠲᠠᠭᠠᠭᠰᠠᠨ ᠦᠭᠡᠢ ᠪᠠᠶᠢᠪᠠᠯ᠂ ᠣᠷᠣᠨ ᠨᠤᠲᠤᠭ ᠤᠨ ᠤᠰᠤ ᠬᠡᠷᠡᠭᠯᠡᠬᠦ ᠨᠤᠷᠮ᠎ᠠ ᠶᠢ ᠨᠥᠬᠦᠪᠥᠷᠢᠯᠡᠨ ᠲᠣᠭᠲᠠᠭᠠᠵᠤ | ᠪᠣᠯᠤᠨ᠎ᠠ᠃ ᠣᠷᠣᠨ ᠨᠤᠲᠤᠭ ᠤᠨ ᠤᠰᠤ ᠬᠡᠷᠡᠭᠯᠡᠬᠦ ᠨᠤᠷᠮ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠲᠦᠷᠦᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠠᠴᠠ ᠳᠤᠷᠠᠳᠴᠤ᠂ ᠠᠳᠠᠯᠢ ᠱᠠᠲᠤᠨ ᠤ ᠤᠰᠤᠨ ᠤ ᠵᠠᠰᠠᠭ ᠵᠠᠬᠢᠷᠭ᠎ᠠ᠂ | ᠪᠠᠷᠢᠮᠵᠢᠶᠠᠵᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠨᠡᠶᠢᠲᠡᠯᠡᠬᠦ ᠶᠢᠨ ᠬᠠᠮᠲᠤ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭ᠎ᠠ᠂ | ᠪᠠᠷᠢᠮᠵᠢᠶᠠᠵᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ | ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ | ᠤᠰᠤᠨ ᠤ ᠡᠬᠢ ᠪᠠᠶᠠᠯᠢᠭ ᠤᠨ ᠪᠠᠶᠢᠳᠠᠯ᠂ ᠠᠵᠤ ᠦᠢᠯᠡᠰ ᠤᠨ ᠪᠦᠲᠦᠴᠡ ᠶᠢᠨ ᠬᠤᠪᠢᠷᠠᠯᠲᠠ ᠪᠣᠯᠤᠨ ᠮᠡᠷᠭᠡᠵᠢᠯ ᠤᠨ | ᠳᠠᠪᠰᠢᠯᠲᠠ ᠵᠡᠷᠭᠡ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠦᠠ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠰᠤ ᠬᠡᠷᠡᠭᠯᠡᠬᠦ ᠲᠣᠭᠲᠠᠭᠰᠠᠨ ᠨᠤᠷᠮ᠎ᠠ᠂ ᠠᠵᠤ ᠠᠬᠤᠢ | ᠮᠡᠷᠭᠡᠵᠢᠯ ᠤᠨ ᠨᠥᠬᠦᠴᠡᠯ ᠵᠢᠴᠢ ᠤᠰᠦᠠ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ᠂ ᠭᠠᠵᠠᠷ ᠳᠣᠣᠷᠠᠬᠢ ᠤᠰᠤ ᠶᠢ | ᠬᠢᠵᠠᠭᠠᠷᠯᠠᠬᠤ ᠭᠦᠢᠴᠡᠳᠬᠡᠯ ᠲᠤᠭ᠎ᠠ ᠵᠡᠷᠭᠡ ᠳᠤ ᠲᠣᠭᠲᠠᠭᠠᠭᠰᠠᠨ ᠲᠤᠰ ᠵᠠᠰᠠᠭ ᠵᠠᠬᠢᠷᠭᠠᠨ ᠤ ᠣᠷᠣᠨ ᠳᠤ ᠬᠠᠩᠭᠠᠵᠤ | ᠬᠡᠷᠡᠭᠯᠡᠭᠦᠯᠬᠦ ᠤᠰᠦᠠ ᠤ ᠬᠡᠮᠵᠢᠶ᠎ᠡ ᠶᠢ ᠦᠨᠳᠦᠰᠦᠯᠡᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠣᠨ ᠤ ᠤᠰᠤ | ᠬᠡᠷᠡᠭᠯᠡᠬᠦ ᠲᠥᠯᠥᠪᠯᠡᠭᠡ ᠶᠢ ᠲᠣᠭᠲᠠᠭᠠᠵᠤ᠂ ᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠨ᠎ᠠ᠃ | ᠠᠷᠪᠠᠨ ᠭᠤᠷᠪᠠᠳᠤᠭᠠᠷ ᠵᠦᠢᠯ ᠤᠯᠤᠰ ᠠᠴᠠ ᠬᠡᠷᠡᠭᠯᠡᠭᠰᠡᠨ ᠤᠰᠤ ᠨᠢ ᠵᠣᠬᠢᠬᠤ ᠬᠡᠪᠴᠢᠶᠡᠨ ᠳᠤ ᠬᠦᠷᠦᠭᠰᠡᠠ | ᠨᠢᠭᠡᠴᠡ ᠳᠤ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠤᠰᠤ ᠬᠡᠷᠡᠭᠯᠡᠬᠦ ᠨᠢᠭᠡᠴᠡ ᠶᠢᠨ ᠤᠰᠤ ᠬᠡᠷᠡᠭᠯᠡᠬᠦ ᠲᠥᠯᠥᠪᠯᠡᠭᠡ ᠶᠢ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ | ᠲᠣᠰ ᠵᠠᠰᠠᠭ ᠵᠠᠬᠢᠷᠭᠠᠨ ᠤ ᠣᠷᠣᠨ ᠤ ᠣᠨ ᠤ ᠤᠰᠤ ᠬᠡᠷᠡᠭᠯᠡᠬᠦ ᠲᠥᠯᠥᠪᠯᠡᠭᠡ ᠶᠢ ᠦᠨᠳᠦᠰᠦᠯᠡᠨ ᠲᠣᠭᠲᠠᠭᠠᠨ᠎ᠠ᠃ | ᠭᠠᠵᠠᠷ ᠳᠣᠣᠷᠠᠬᠢ ᠤᠰᠤ᠂ ᠭᠠᠵᠠᠷ ᠳᠡᠭᠡᠷᠡᠬᠢ ᠤᠰᠤ ᠶᠢ ᠰᠢᠭᠤᠳ ᠲᠠᠲᠠᠵᠤ ᠬᠡᠷᠡᠭᠯᠡᠬᠦ ᠤᠰᠤ ᠬᠡᠷᠡᠭᠯᠡᠬᠦ ᠨᠢᠭᠡᠴᠡ ᠶᠢᠨ | ᠤᠰᠤ ᠬᠡᠷᠡᠭᠯᠡᠬᠦ ᠲᠥᠯᠥᠪᠯᠡᠭᠡ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ | ᠵᠣᠬᠢᠴᠠᠩᠭᠤᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠣᠭᠲᠠᠭᠠᠨ᠎ᠠ︔ ᠬᠤᠲᠠ ᠶᠢᠨ ᠣᠯᠠᠨ | ᠨᠡᠶᠢᠲᠡ ᠶᠢᠨ ᠤᠰᠤ ᠬᠠᠩᠭᠠᠬᠤ ᠶᠢ ᠬᠡᠷᠡᠭᠯᠡᠵᠦ ᠪᠠᠶᠢᠭ᠎ᠠ ᠤᠰᠤ ᠬᠡᠷᠡᠭᠯᠡᠬᠦ ᠨᠢᠭᠡᠴᠡ ᠶᠢᠨ ᠤᠰᠤ ᠬᠡᠷᠡᠭᠯᠡᠬᠦ | ᠲᠥᠯᠥᠪᠯᠡᠭᠡ ᠶᠢ ᠬᠤᠲᠠ ᠶᠢᠨ ᠤᠰᠤ ᠠᠷᠪᠢᠯᠠᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠲᠠ ᠶᠢᠨ | ᠤᠰᠤ ᠬᠠᠩᠭᠠᠬᠤ ᠶᠠᠪᠤᠳᠠᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠤᠰᠤ ᠬᠡᠷᠡᠭᠯᠡᠬᠦ ᠨᠢᠭᠡᠴᠡ ᠶᠢᠨ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢᠨ ᠪᠣᠳᠠᠲᠠᠢ ᠠᠷᠭ᠎ᠠ ᠶᠢ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠲᠣᠭᠲᠠᠭᠠᠨ᠎ᠠ᠃ | ᠠᠷᠪᠠᠨ ᠳᠥᠷᠪᠡᠳᠦᠭᠡᠷ ᠵᠦᠢᠯ ᠤᠰᠤ ᠬᠡᠷᠡᠭᠯᠡᠬᠦ ᠳᠡᠭᠡᠨ ᠬᠡᠮᠵᠢᠬᠦ ᠬᠡᠷᠡᠭᠲᠡᠢ᠃ ᠠᠳᠠᠯᠢ ᠪᠤᠰᠤ ᠤᠰᠦᠠ ᠤ | ᠰᠤᠷᠪᠤᠯᠵᠢ᠂ ᠠᠳᠠᠯᠢ ᠪᠤᠰᠤ ᠬᠡᠷᠡᠭᠴᠡᠭᠡᠲᠦ ᠤᠰᠤ ᠶᠢ ᠲᠤᠰ ᠲᠤᠰ ᠲᠤᠨᠢ ᠬᠡᠮᠵᠢᠬᠦ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ | ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠯᠲᠡ ᠶᠢᠨ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ᠂ | ᠭᠠᠵᠠᠷ ᠳᠤᠤᠷᠠᠬᠢ ᠤᠰᠤ ᠶᠢ ᠬᠡᠲᠦ ᠮᠠᠯᠲᠠᠭᠰᠠᠨ ᠭᠠᠵᠠᠷ ᠣᠷᠣᠨ ᠨᠢ ᠲᠣᠭᠲᠠᠭᠰᠠᠨ ᠬᠤᠭᠤᠴᠠᠭᠠᠨ ᠳᠤ | ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠪᠥᠲᠥᠭᠡᠨ ᠪᠠᠶᠢᠭᠤᠯᠬᠤ | ᠬᠡᠷᠡᠭᠲᠡᠶ᠃ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤ ᠶᠢ ᠬᠡᠮᠵᠢᠬᠦ ᠨᠥᠬᠦᠴᠡᠯ ᠢ ᠲᠦᠷ | ᠪᠦᠷᠢᠯᠳᠦᠭᠦᠯᠦᠭᠡᠳᠦᠶ ᠪᠣᠯ ᠴᠠᠬᠢᠯᠭᠠᠨ ᠢ ᠤᠰᠤ ᠨᠤᠭᠤᠯᠤᠨ ᠪᠣᠳᠣᠬᠤ ᠵᠡᠷᠭᠡ ᠳᠠᠮ ᠠᠷᠭ᠎ᠠ ᠮᠠᠶ᠋ᠢᠭ ᠢᠶᠠᠷ ᠬᠡᠮᠵᠢᠵᠦ | ᠪᠣᠯᠤᠨ᠎ᠠ᠃ | ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠡᠵᠡᠯᠡᠵᠦ᠂ | ᠡᠪᠳᠡᠵᠦ᠂ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠥᠬᠡᠶ᠂ ᠤᠰᠤ ᠬᠡᠷᠡᠭᠯᠡᠬᠦ ᠬᠡᠮᠵᠢᠯᠲᠡ ᠶᠢ ᠬᠠᠷᠰᠢᠯᠠᠵᠤ ᠪᠣᠯᠬᠤ | ᠥᠬᠡᠶ᠃ | ᠠᠷᠪᠠᠨ ᠲᠠᠪᠤᠳᠤᠭᠠᠷ ᠵᠦᠢᠯ ᠤᠰᠤ ᠬᠡᠷᠡᠭᠯᠡᠬᠦ ᠳᠤ ᠬᠡᠮᠵᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ᠃ | ᠤᠯᠤᠰ ᠠᠴᠠ ᠤᠰᠤ ᠠᠷᠪᠢᠯᠠᠬᠤ ᠶᠢ ᠠᠬᠢᠭᠤᠯᠬᠤ ᠤᠰᠤᠨ ᠤ ᠦᠨ᠎ᠡ ᠶᠢᠨ ᠰᠢᠰᠲ᠋ᠧᠮᠵᠢ ᠶᠢ ᠪᠠᠶᠢᠭᠤᠯᠵᠤ᠂ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠤᠰᠤᠨ ᠤ ᠡᠬᠢ ᠪᠠᠶᠠᠯᠢᠭ ᠤᠨ ᠪᠠᠶᠢᠳᠠᠯ᠂ ᠤᠰᠤ ᠬᠡᠷᠡᠭᠯᠡᠬᠦ | ᠲᠣᠭᠲᠠᠭᠰᠠᠨ ᠨᠣᠷᠮ᠎ᠠ᠂ ᠤᠰᠤ ᠬᠠᠩᠭᠠᠬᠤ ᠥᠪᠡᠷ ᠤᠨ ᠥᠷᠲᠡᠭ᠂ ᠤᠰᠤ ᠬᠡᠷᠡᠭᠯᠡᠬᠦ ᠡᠷᠦᠬᠡ ᠶᠢᠨ ᠳᠠᠭᠠᠭᠠᠬᠤ | ᠴᠢᠳᠠᠪᠤᠷᠢ ᠪᠣᠯᠤᠨ ᠤᠰᠤ ᠠᠷᠪᠢᠯᠠᠬᠤ ᠱᠠᠭᠠᠷᠳᠠᠯᠭ᠎ᠠ ᠵᠡᠷᠭᠡ ᠯᠦᠭᠡ ᠬᠠᠷᠢᠯᠴᠠᠨ ᠲᠣᠬᠢᠷᠠᠯᠴᠠᠭᠰᠠᠨ ᠤᠰᠤᠨ ᠤ | ᠦᠨ᠎ᠡ ᠶᠢᠨ ᠪᠣᠶ ᠪᠣᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠣᠯᠤᠨ ᠨᠥᠬᠦᠴᠡᠯ | ᠪᠦᠷᠢᠯᠳᠦᠭᠦᠯᠦᠭᠰᠡᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠳᠤ | ᠤᠰᠤᠨ ᠤ ᠱᠠᠲᠤᠯᠢᠭ ᠦᠨ᠎ᠡ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ | ᠲᠣᠭᠲᠠᠭᠰᠠᠨ ᠲᠤᠭ᠎ᠠ ᠠᠴᠠ ᠬᠡᠲᠦᠷᠡᠭᠰᠡᠨ ︵ᠲᠥᠯᠥᠪᠯᠡᠭᠡ ᠠᠴᠠ ᠬᠡᠲᠦᠷᠡᠭᠰᠡᠨ︶ ᠢ ᠠᠬᠢᠭᠤᠯᠤᠨ ᠪᠣᠳᠣᠵᠤ ᠦᠨ᠎ᠡ | ᠨᠡᠮᠡᠬᠦ ᠶᠢ ᠬᠡᠷᠡᠭᠵᠢᠭᠦᠯᠦᠨ᠎ᠡ᠃ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠤᠰᠤ ᠬᠠᠩᠭᠠᠬᠤ ᠥᠪᠡᠷ ᠤᠨ ᠥᠷᠲᠡᠭ᠂ ᠤᠰᠤᠨ ᠤ | ᠡᠬᠢ ᠪᠠᠶᠠᠯᠢᠭ ᠤᠨ ᠬᠤᠮᠰᠠᠳᠠᠯ ᠤᠨ ᠬᠡᠮᠵᠢᠶ᠎ᠡ ᠪᠣᠯᠤᠨ ᠲᠠᠷᠢᠶᠠᠯᠠᠩ ᠳᠤ ᠬᠡᠷᠡᠭᠯᠡᠬᠦ ᠤᠰᠤᠨ ᠤ ᠡᠷᠦᠬᠡ ᠶᠢᠨ ᠳᠠᠭᠠᠭᠠᠬᠤ | ᠴᠢᠳᠠᠪᠤᠷᠢ ᠵᠡᠷᠭᠡ ᠬᠦᠴᠦᠨ ᠵᠦᠢᠯ ᠢ ᠬᠠᠤᠯᠢ ᠶᠣᠰᠣᠭᠠᠷ ᠨᠢᠭᠡᠳᠦᠯᠲᠡᠶ ᠲᠥᠯᠥᠪᠯᠡᠨ ᠵᠦᠶ ᠵᠣᠬᠢᠰᠲᠠᠶ ᠲᠣᠭᠲᠠᠭᠠᠵᠤ᠂ | ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠠᠴᠠ ᠳᠤᠤᠷ᠎ᠠ ᠪᠠᠶᠢᠯᠭᠠᠵᠤ | ᠪᠣᠯᠬᠤ ᠥᠬᠡᠶ᠃ ᠨᠥᠬᠦᠴᠡᠯ ᠪᠦᠷᠢᠯᠳᠦᠭᠦᠯᠦᠭᠰᠡᠨ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ | ᠲᠣᠭᠲᠠᠭᠰᠠᠨ ᠨᠤᠷᠮ᠎ᠠ ᠠᠴᠠ ᠬᠡᠲᠦᠷᠡᠭᠰᠡᠨ ᠬᠡᠰᠡᠭ ᠲᠤ ᠠᠬᠢᠭᠤᠯᠤᠨ ᠪᠤᠳᠤᠵᠤ ᠦᠨ᠎ᠡ ᠨᠡᠮᠡᠬᠦ ᠶᠢ ᠬᠡᠷᠡᠭᠵᠢᠭᠦᠯᠦᠨ᠎ᠡ᠃ | ᠳᠠᠬᠢᠯᠲᠠ ᠤᠰᠤ᠂ ᠳᠠᠯᠠᠶ ᠶᠢᠨ ᠤᠰᠤ ᠶᠢ ᠴᠡᠩᠭᠡᠭᠵᠢᠭᠦᠯᠦᠭᠰᠡᠨ ᠤᠰᠤᠨ ᠤ ᠦᠨ᠎ᠡ ᠶᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠲᠥᠯᠥᠪᠯᠡᠨ ᠵᠣᠬᠢᠴᠠᠭᠤᠯᠤᠭᠰᠠᠨ ᠳᠣᠣᠷ᠎ᠠ ᠬᠠᠩᠭᠠᠬᠤ ᠬᠡᠷᠡᠭᠰᠡᠬᠦ | ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ | ᠣᠷᠣᠨ᠂ ᠭᠠᠵᠠᠷ ᠳᠣᠣᠷᠠᠬᠢ ᠤᠰᠤ ᠶᠢ ᠬᠡᠳᠦ ᠮᠠᠯᠲᠠᠭᠰᠠᠨ ᠭᠠᠵᠠᠷ ᠣᠷᠣᠨ ᠨᠢ ᠤᠰᠤ ᠶᠡᠭᠡ ᠬᠤᠷᠣᠭᠳᠠᠭᠤᠯᠬᠤ | ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠶ ᠤᠰᠤ ᠶᠡᠭᠡ ᠬᠤᠷᠣᠭᠳᠠᠭᠤᠯᠬᠤ ᠠᠵᠤ ᠦᠢᠯᠡᠰ ᠤᠨ | ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠰᠢᠭᠰᠢᠭᠳᠡᠭᠦᠯᠬᠦ ᠶᠢ ᠴᠠᠭᠠᠵᠠᠯᠠᠬᠤ | ᠬᠡᠷᠡᠭᠲᠡᠶ᠃ | ᠠᠷᠪᠠᠨ ᠳᠣᠯᠣᠳᠤᠭᠠᠷ ᠵᠦᠢᠯ ᠤᠯᠤᠰ ᠠᠴᠠ ᠤᠰᠤ ᠠᠷᠪᠢᠯᠠᠬᠤ ᠳᠠᠯᠳᠠ ᠬᠦᠴᠦᠨ ᠢᠶᠠᠷ ᠶᠡᠭᠡ᠂ ᠬᠡᠷᠡᠭᠯᠡᠬᠦ | ᠬᠡᠪᠴᠢᠶ᠎ᠡ ᠪᠠᠷ ᠥᠷᠭᠡᠨ ᠤᠰᠤ ᠬᠡᠷᠡᠭᠯᠡᠬᠦ ᠦᠢᠯᠡᠳᠬᠦᠨ ᠳᠤ ᠤᠰᠤᠨ ᠤ ᠠᠰᠢᠭᠯᠠᠮᠵᠢ ᠶᠢᠨ ᠢᠯᠡᠳᠬᠡᠮᠵᠢ ᠲᠡᠮᠳᠡᠭ ᠤᠨ | ᠬᠠᠮᠢᠶᠠᠷᠤᠯᠲᠠ ᠶᠢ ᠬᠡᠷᠡᠭᠵᠢᠭᠦᠯᠬᠦ ᠪᠥᠭᠡᠳ ᠤᠰᠤᠨ ᠤ ᠠᠰᠢᠭᠯᠠᠮᠵᠢ ᠶᠢᠨ ᠵᠡᠷᠭᠡ ᠳᠡᠰ ᠢᠶᠠᠷ ᠨᠡᠯᠢᠶᠡᠳ ᠳᠣᠣᠷ᠎ᠠ ᠤᠰᠤ | ᠬᠡᠷᠡᠭᠯᠡᠬᠦ ᠦᠢᠯᠡᠳᠬᠦᠨ ᠢ ᠠᠯᠬᠤᠮ ᠠᠯᠬᠤᠮ ᠢᠶᠠᠷ ᠭᠡᠭᠡᠭᠳᠡᠭᠦᠯᠦᠨᠡ᠃ ᠤᠰᠤᠨ ᠤ ᠬᠦᠴᠦᠨ ᠤ ᠢᠯᠡᠳᠬᠡᠮᠵᠢ | ᠲᠡᠮᠳᠡᠭ ᠤᠨ ᠬᠠᠮᠢᠶᠠᠷᠤᠯᠲᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠠᠷᠪᠠᠨ ᠨᠠᠢᠮᠠᠳᠤᠭᠠᠷ ᠵᠦᠢᠯ ᠤᠯᠤᠰ ᠠᠴᠠ ᠤᠰᠤ ᠠᠷᠪᠢᠯᠠᠬᠤ ᠦᠢᠯᠡᠳᠬᠦᠨ ᠳᠤ ᠶᠠᠰᠤ ᠴᠢᠨᠠᠷ ᠤᠨ ᠭᠡᠷᠡᠴᠢᠯᠡᠯ | ᠬᠢᠬᠦ ᠶᠢ ᠵᠣᠷᠢᠭᠵᠢᠭᠤᠯᠤᠨ᠎ᠠ᠂ ᠭᠡᠷᠡᠴᠢᠯᠡᠯ ᠢ ᠳᠠᠮᠵᠢᠭᠰᠠᠨ ᠤᠰᠤ ᠠᠷᠪᠢᠯᠠᠬᠤ ᠦᠢᠯᠡᠳᠬᠦᠨ ᠨᠢ ᠲᠣᠭᠲᠠᠭᠠᠯ ᠶᠣᠰᠣᠭᠠᠷ | ᠭᠡᠷᠡᠴᠢᠯᠡᠯ ᠤᠨ ᠲᠡᠮᠳᠡᠭ ᠢ ᠬᠡᠷᠡᠭᠯᠡᠵᠦ ᠪᠣᠯᠤᠨ᠎ᠠ᠃ ᠭᠡᠷᠡᠴᠢᠯᠡᠯ ᠤᠨ ᠦᠨᠳᠦᠰᠦᠨ ᠵᠢᠷᠤᠮᠵᠢᠯ᠂ ᠭᠡᠷᠡᠴᠢᠯᠡᠯ ᠤᠨ | ᠳᠦᠷᠢᠮ ᠢ ᠲᠥᠷᠥ ᠶᠢᠨ ᠶᠠᠪᠤᠳᠠᠯ ᠤᠨ ᠬᠤᠷᠢᠶᠠᠨ ᠤ ᠭᠡᠷᠡᠴᠢᠯᠡᠯ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠲᠣᠭᠲᠠᠭᠠᠨ᠎ᠠ᠃ | ᠠᠷᠪᠠ ᠶᠢᠰᠦᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ᠂ | ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ᠂ ᠪᠠᠷᠢᠯᠭ᠎ᠠ ᠪᠠᠷᠢᠭᠤᠯᠬᠤ ᠨᠢᠭᠡᠴᠡ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠦᠨᠳᠦᠰᠦᠯᠡᠨ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠲᠥᠰᠦᠯ | ᠲᠣᠭᠲᠠᠭᠠᠵᠤ᠂ ᠤᠰᠤ ᠠᠷᠪᠢᠯᠠᠬᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠶ᠃ | ᠤᠰᠤ ᠠᠷᠪᠢᠯᠠᠬᠤ ᠪᠡᠯᠡᠳᠬᠡᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠬᠠᠮᠲᠤ ᠳᠤᠨᠢ ᠵᠢᠷᠤᠭᠯᠠᠨ ᠲᠥᠯᠥᠪᠯᠡᠵᠦ᠂ | ᠬᠠᠮᠲᠤ ᠳᠤᠨᠢ ᠪᠠᠶᠢᠭᠤᠯᠵᠤ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠬᠡᠷᠡᠭᠲᠡᠶ᠃ ᠤᠰᠤ ᠠᠷᠪᠢᠯᠠᠬᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠳᠤ ᠣᠷᠣᠭᠤᠯᠤᠨ᠎ᠠ᠃ | ᠬᠤᠷᠢᠳᠤᠭᠠᠷ ᠵᠦᠢᠯ ᠤᠯᠤᠰ ᠠᠴᠠ ᠬᠤᠴᠣᠷᠤᠩᠭᠤᠢ᠂ ᠤᠰᠤ ᠶᠡᠭᠡ ᠬᠤᠷᠣᠭᠳᠠᠭᠤᠯᠬᠤ ᠮᠡᠷᠭᠡᠵᠢᠯ᠂ ᠤᠷᠠᠯᠠᠯ᠂ | ᠪᠡᠯᠡᠳᠬᠡᠮᠵᠢ ᠪᠠ ᠦᠢᠯᠡᠳᠬᠦᠨ ᠢ ᠠᠯᠬᠤᠮ ᠠᠯᠬᠤᠮ ᠢᠶᠠᠷ ᠵᠠᠭᠠᠵᠠᠯᠠᠨᠠ᠂ ᠪᠣᠳᠠᠲᠠᠢ ᠨᠡᠷᠡᠰ ᠤᠨ ᠵᠢᠭᠰᠠᠭᠠᠯᠲᠠ ᠶᠢ | ᠲᠦᠷᠦ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠤᠰᠤᠨ ᠤ | ᠵᠠᠰᠠᠭ ᠵᠠᠬᠢᠷᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠵᠤ ᠨᠡᠶᠢᠲᠡᠯᠡᠨ᠎ᠡ᠃ | ᠡᠮᠦᠨᠡᠬᠢ ᠪᠠᠳᠠᠭ ᠲᠤ ᠲᠣᠭᠲᠠᠭᠠᠭᠰᠠᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠮᠡᠷᠭᠡᠵᠢᠯ᠂ ᠤᠷᠠᠯᠠᠯ᠂ | ᠲᠤᠨᠤᠭ ᠲᠥᠬᠦᠭᠡᠷᠦᠮᠵᠢ ᠪᠠ ᠦᠢᠯᠡᠳᠬᠦᠨ ᠢ ᠦᠢᠯᠡᠳᠪᠦᠷᠢᠯᠡᠬᠦ᠂ ᠪᠣᠷᠣᠯᠠᠭᠤᠯᠬᠤ ᠶᠢ ᠴᠠᠭᠠᠵᠠᠯᠠᠨ᠎ᠠ᠃ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠬᠡᠷᠡᠭᠯᠡᠭᠴᠢ ᠡᠮᠦᠨᠡᠬᠢ ᠪᠠᠳᠠᠭ ᠲᠤ ᠲᠣᠭᠲᠠᠭᠠᠭᠰᠠᠨ | ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠮᠡᠷᠭᠡᠵᠢᠯ᠂ ᠤᠷᠠᠯᠠᠯ᠂ ᠲᠤᠨᠤᠭ ᠲᠥᠬᠦᠭᠡᠷᠦᠮᠵᠢ ᠪᠠ ᠦᠢᠯᠡᠳᠬᠦᠨ ᠢ | ᠬᠤᠭᠤᠴᠠᠭ᠎ᠠ ᠲᠣᠭᠲᠠᠭᠠᠨ ᠬᠡᠷᠡᠭᠯᠡᠬᠦ ᠪᠠᠨ ᠵᠣᠭᠰᠣᠭᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠤᠯᠤᠰ ᠠᠴᠠ ᠤᠰᠤ ᠠᠷᠪᠢᠯᠠᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠤᠰᠤ ᠠᠷᠪᠢᠯᠠᠬᠤ | ᠲᠤᠬᠠᠢ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠵᠤ | ᠲᠣᠭᠲᠠᠭᠠᠬᠤ ᠪᠥᠭᠡᠳ ᠴᠠᠭ ᠲᠤᠨᠢ ᠲᠤᠬᠢᠷᠠᠭᠤᠯᠤᠨ ᠵᠠᠰᠠᠪᠤᠷᠢ ᠣᠷᠣᠭᠤᠯᠤᠨ᠎ᠠ᠃ | ᠤᠯᠤᠰ ᠠᠴᠠ ᠬᠤᠯᠪᠣᠭᠳᠠᠯ ᠪᠦᠬᠦᠢ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠤᠨ ᠤᠯᠤᠰ ᠤᠨ ᠪᠠᠷᠢᠮᠵᠢᠶ᠎ᠠ᠂ | ᠠᠵᠢᠯ ᠲᠦᠷᠦᠯ ᠤᠨ ᠪᠠᠷᠢᠮᠵᠢᠶ᠎ᠠ ᠠᠴᠠ ᠴᠢᠩᠭ᠎ᠠ ᠤᠰᠤ ᠠᠷᠪᠢᠯᠠᠬᠤ ᠪᠦᠯᠬᠦᠮ ᠤᠨ ᠪᠠᠷᠢᠮᠵᠢᠶ᠎ᠠ᠂ ᠠᠵᠤ | ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠶᠢ ᠵᠣᠷᠢᠭᠵᠢᠭᠤᠯᠤᠨ᠎ᠠ᠃ | ᠬᠤᠷᠢᠨ ᠬᠤᠶᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠤᠰᠤ ᠠᠷᠪᠢᠯᠠᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠬᠠᠤᠯᠢ ᠶᠣᠰᠣᠭᠠᠷ ᠪᠠᠶᠢᠭᠤᠯᠵᠤ᠂ ᠤᠰᠤ | ᠠᠷᠪᠢᠯᠠᠬᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ | ᠭᠤᠷᠪᠠᠳᠤᠭᠠᠷ ᠪᠦᠯᠦᠭ ᠤᠰᠤ ᠠᠷᠪᠢᠯᠠᠬᠤ ᠠᠷᠭ᠎ᠠ ᠬᠡᠮᠵᠢᠶ᠎ᠡ | ᠬᠤᠷᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ | ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ | ᠬᠡᠮᠵᠢᠶ᠎ᠡ ᠪᠠ ᠤᠰᠦᠠ ᠤ ᠡᠬᠢ ᠪᠠᠶᠠᠯᠢᠭ ᠤᠨ ᠪᠠᠶᠢᠳᠠᠯ ᠢ ᠦᠨᠳᠦᠰᠦᠯᠡᠨ᠂ ᠲᠠᠷᠢᠶᠠᠯᠠᠩ ᠤᠨ ᠦᠢᠯᠡᠳᠪᠦᠷᠢᠯᠡᠯ | ᠡᠵᠡᠩᠨᠡᠯᠲᠡ ᠶᠢᠨ ᠪᠡᠶᠡᠴᠢ ᠴᠣᠭᠴᠠ ᠶᠢ ᠬᠦᠳᠦᠯᠦᠠ ᠵᠢᠯᠣᠭᠤᠳᠴᠤ ᠪᠠᠶᠢᠭᠠᠳ ᠲᠡᠷᠢᠵᠦ ᠲᠡᠵᠢᠭᠡᠨ ᠦᠷᠡᠵᠢᠭᠦᠯᠬᠦ | ᠪᠦᠲᠦᠴᠡ ᠪᠠ ᠲᠠᠷᠢᠶᠠᠯᠠᠩ ᠤᠨ ᠤᠰᠤ ᠬᠡᠷᠡᠭᠯᠡᠬᠦ ᠪᠦᠲᠦᠴᠡ ᠶᠢ ᠵᠦᠢ ᠵᠣᠬᠢᠰᠲᠠᠢ ᠲᠤᠬᠢᠷᠡᠭᠤᠯᠦᠠ᠂ ᠤᠰᠤ | ᠠᠷᠪᠢᠯᠠᠬᠤ ᠬᠡᠯᠪᠡᠷᠢ ᠶᠢᠨ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ | ᠲᠤᠬᠢᠷᠡᠭᠤᠯᠦᠠ ᠬᠠᠭᠤᠷᠠᠢ ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ | ᠤᠯᠤᠰ ᠠᠴᠠ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠤ ᠤᠰᠤ ᠠᠷᠪᠢᠯᠠᠬᠤ | ᠬᠡᠯᠪᠡᠷᠢ ᠶᠢᠨ ᠲᠠᠷᠢᠶᠠᠯᠠᠩ ᠢ ᠬᠥᠭᠵᠢᠭᠦᠯᠬᠦ ᠶᠢ ᠭᠤᠣᠯᠳᠠᠯᠭ᠎ᠠ ᠲᠠᠢ ᠪᠠᠷ ᠲᠡᠳᠬᠦᠨ ᠲᠡᠮᠵᠢᠨ᠎ᠠ᠃ | ᠬᠤᠷᠢᠨ ᠳᠥᠷᠪᠡᠳᠦᠭᠡᠷ ᠵᠦᠢᠯ ᠤᠯᠤᠰ ᠠᠴᠠ ᠭᠠᠩ ᠳᠤ ᠲᠡᠰᠪᠦᠷᠢᠲᠡᠢ ᠲᠠᠷᠢᠮᠠᠯ ᠤᠨ ᠰᠢᠨ᠎ᠡ ᠡᠭᠦᠯᠳᠡᠷ ᠵᠢᠴᠢ | ᠬᠥᠷᠥᠰᠥ ᠰᠢᠷᠣᠢ ᠶᠢᠨ ᠴᠢᠭᠢᠭ ᠢ ᠬᠠᠮᠠᠭᠠᠯᠠᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ᠂ ᠲᠡᠵᠢᠭᠡᠨ | ᠦᠷᠡᠵᠢᠭᠦᠯᠬᠦ ᠦᠢᠯᠡᠰ ᠤᠨ ᠬᠠᠶᠠᠭᠳᠠᠮᠠᠯ ᠪᠣᠳᠠᠰ ᠢ ᠤᠰᠤᠨ ᠤ ᠰᠤᠷᠪᠤᠯᠵᠢ ᠪᠣᠯᠭᠠᠨ ᠠᠰᠢᠭᠯᠠᠬᠤ ᠵᠡᠷᠭᠡ ᠲᠠᠷᠢᠮᠠᠯ ᠤᠨ | ᠦᠢᠯᠡᠰ᠂ ᠲᠡᠵᠢᠭᠡᠨ ᠦᠷᠡᠵᠢᠭᠦᠯᠬᠦ ᠦᠢᠯᠡᠰ ᠤᠨ ᠤᠰᠤ ᠠᠷᠪᠢᠯᠠᠬᠤ ᠮᠡᠷᠭᠡᠵᠢᠯ ᠢ ᠰᠤᠳᠤᠯᠬᠤ ᠪᠠ ᠳᠡᠯᠭᠡᠷᠡᠭᠦᠯᠬᠦ ᠶᠢ | ᠳᠡᠮᠵᠢᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠰᠤ ᠠᠷᠪᠢᠯᠠᠬᠤ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠮᠡᠷᠭᠡᠵᠢᠯ ᠤᠨ | ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠪᠡᠶᠡᠴᠢ | ᠴᠣᠭᠴᠠ ᠶᠢᠨ ᠤᠰᠤ ᠠᠷᠪᠢᠯᠠᠬᠤ ᠮᠡᠷᠭᠡᠵᠢᠯ ᠢ ᠬᠡᠷᠡᠭᠯᠡᠬᠦ ᠶᠢ ᠵᠢᠯᠣᠭᠤᠳᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠤᠯᠤᠰ ᠠᠴᠠ ᠤᠰᠤ ᠠᠷᠪᠢᠯᠠᠬᠤ ᠤᠰᠤᠯᠠᠯᠲᠠ ᠶᠢ ᠬᠥᠭᠵᠢᠭᠦᠯᠵᠦ᠂ ᠰᠦᠷᠴᠢᠨ | ᠤᠰᠤᠯᠠᠬᠤ᠂ ᠰᠡᠪᠡᠷᠡᠭᠦᠨ ᠤᠰᠤᠯᠠᠬᠤ᠂ ᠳᠠᠮᠵᠢᠭᠤᠯᠬᠤ ᠬᠤᠭᠤᠯᠠᠢ ᠪᠠᠷ ᠤᠰᠤ ᠳᠠᠮᠵᠢᠭᠤᠯᠬᠤ ᠤᠰᠤᠯᠠᠯᠲᠠ᠂ | ᠰᠤᠪᠠᠭ ᠤᠨ ᠨᠡᠪᠴᠢᠬᠦ ᠶᠢ ᠰᠡᠷᠭᠡᠶᠢᠯᠡᠬᠦ ᠤᠰᠤ ᠳᠠᠮᠵᠢᠭᠤᠯᠬᠤ ᠤᠰᠤᠯᠠᠯᠲᠠ᠂ ᠪᠣᠷᠣᠭᠠᠨ ᠢ ᠬᠤᠷᠠᠮᠳᠤᠭᠤᠯᠤᠨ | ᠨᠥᠬᠦᠵᠦ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠵᠦ᠂ ᠤᠰᠤᠯᠠᠯᠲᠠ ᠶᠢᠨ | ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ | ᠭᠠᠵᠠᠷ ᠣᠷᠣᠨ᠂ ᠭᠠᠵᠠᠷ ᠳᠤᠤᠷᠠᠬᠢ ᠤᠰᠤ ᠶᠢ ᠬᠡᠲᠦ ᠮᠠᠯᠲᠠᠭᠰᠠᠨ ᠭᠠᠵᠠᠷ ᠣᠷᠣᠨ ᠤᠰᠤ ᠠᠷᠪᠢᠯᠠᠬᠤ | ᠤᠰᠤᠯᠠᠯᠲᠠ ᠶᠢ ᠡᠩ ᠲᠡᠷᠢᠭᠦᠨ ᠳᠤ ᠬᠥᠭᠵᠢᠭᠦᠯᠬᠦ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠥᠬᠦᠢ | ᠰᠠᠯᠠᠭ᠎ᠠ ᠮᠥᠴᠢᠷ ᠤᠰᠤ ᠠᠷᠪᠢᠯᠠᠬᠤ ᠤᠰᠤᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢᠨ ᠪᠥᠳᠥᠭᠡᠨ | ᠪᠠᠶᠢᠭᠤᠯᠤᠯᠲᠠ ᠶᠢ ᠲᠡᠮᠵᠢᠨ ᠠᠬᠢᠭᠤᠯᠬᠤ ᠬᠡᠷᠡᠭᠲᠡᠢ᠃ ᠰᠢᠨ᠎ᠡ ᠪᠠᠷ ᠪᠠᠶᠢᠭᠤᠯᠬᠤ ᠤᠰᠤᠯᠠᠯᠲᠠ ᠶᠢᠨ ᠢᠨᠵᠧᠨᠧᠷ ᠤᠨ | ᠪᠡᠯᠡᠳᠬᠡᠮᠵᠢ ᠨᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷ ᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ ᠤᠰᠤᠯᠠᠯᠲᠠ ᠶᠢᠨ ᠢᠨᠵᠧᠨᠧᠷ ᠤᠨ ᠪᠡᠯᠡᠳᠬᠡᠮᠵᠢ ᠨᠢ ᠤᠰᠤ | ᠠᠷᠪᠢᠯᠠᠬᠤ ᠤᠰᠤᠯᠠᠯᠲᠠ ᠶᠢᠨ ᠢᠨᠵᠧᠨᠧᠷ ᠤᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠦᠭᠡᠶ ᠪᠣᠯ ᠬᠤᠭᠤᠴᠠᠭ᠎ᠠ | ᠬᠢᠵᠠᠭᠠᠷᠯᠠᠨ ᠤᠰᠤ ᠠᠷᠪᠢᠯᠠᠬᠤ ᠥᠭᠡᠷᠡᠴᠢᠯᠡᠯᠲᠡ ᠬᠢᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠤᠯᠤᠰ ᠠᠴᠠ ᠬᠥᠳᠡᠭᠡ ᠲᠣᠰᠬᠤᠨ ᠤ ᠠᠮᠢᠳᠤᠷᠠᠯ ᠳᠤ ᠤᠰᠤ ᠠᠷᠪᠢᠯᠠᠬᠤ | ᠶᠠᠪᠤᠳᠠᠯ ᠢ ᠲᠦᠷᠭᠡᠪᠴᠢᠯᠡᠨ ᠠᠬᠢᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠬᠤᠯᠪᠣᠭᠳᠠᠯ ᠪᠥᠬᠦᠢ ᠰᠠᠯᠠᠭ᠎ᠠ ᠮᠥᠴᠢᠷ ᠬᠥᠳᠡᠭᠡ ᠲᠣᠰᠬᠤᠨ ᠤ ᠠᠮᠢᠳᠤᠷᠠᠯ ᠳᠤ ᠤᠰᠤ ᠬᠠᠩᠭᠠᠬᠤ ᠲᠥᠬᠦᠭᠡᠷᠦᠮᠵᠢ | ᠵᠢᠴᠢ ᠢᠵᠢ ᠪᠥᠷᠢᠳᠥᠭᠦᠯᠬᠦ ᠬᠤᠭᠤᠯᠠᠢ ᠶᠢᠨ ᠲᠣᠣᠷ ᠤᠨ ᠪᠥᠳᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ | ᠴᠢᠩᠭᠠᠳᠬᠠᠵᠤ᠂ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠢ ᠬᠡᠷᠡᠭᠯᠡᠬᠦ ᠶᠢ ᠳᠡᠯᠭᠡᠷᠡᠭᠦᠯᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠳᠣᠲᠣᠭᠠᠳᠤ ᠶᠢᠨ ᠤᠰᠤ | ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠠᠷᠪᠢᠯᠠᠬᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠂ | ᠴᠢᠨᠠᠷ ᠬᠤᠪᠢᠶᠠᠨ ᠤᠰᠤ ᠬᠠᠩᠭᠠᠬᠤ᠂ ᠥᠨᠳᠥᠷ ᠦᠷ᠎ᠡ ᠪᠦᠲᠦᠮᠵᠢᠲᠡᠶ ᠪᠠᠷ ᠬᠥᠷᠥᠭᠡᠬᠦ ᠪᠠ ᠤᠬᠢᠶᠠᠬᠤ᠂ ᠤᠰᠤ ᠶᠢ | ᠡᠷᠭᠢᠯᠳᠦᠭᠦᠯᠦᠨ ᠬᠡᠷᠡᠭᠯᠡᠬᠦ᠂ ᠬᠠᠶᠠᠭᠳᠠᠮᠠᠯ ᠤᠰᠤ ᠶᠢ ᠰᠢᠢᠳᠪᠦᠷᠢᠯᠡᠨ ᠡᠭᠡᠭᠦᠯᠦᠨ ᠬᠡᠷᠡᠭᠯᠡᠬᠦ ᠵᠡᠷᠭᠡ ᠲᠡᠷᠢᠭᠦᠨ ᠤ᠂ | ᠤᠰᠤ ᠠᠷᠪᠢᠯᠠᠬᠤ ᠳᠤ ᠳᠣᠭᠢᠷᠠᠬᠤ ᠮᠡᠷᠭᠡᠵᠢᠯ᠂ ᠤᠷᠠᠯᠠᠯ ᠪᠠ ᠲᠥᠬᠦᠭᠡᠷᠦᠮᠵᠢ ᠶᠢ ᠬᠡᠷᠡᠭᠯᠡᠵᠦ᠂ ᠨᠢᠭᠡᠴᠢ ᠦᠢᠯᠡᠳᠬᠦᠨ | ︵ᠦᠢᠯᠡᠳᠬᠦᠨ ᠤ ᠥᠷᠲᠡᠭ︶ ᠤ ᠤᠰᠤ ᠬᠤᠷᠣᠭᠳᠠᠭᠤᠯᠬᠤ ᠬᠡᠮᠵᠢᠶ᠎ᠡ ᠶᠢ ᠪᠠᠭᠤᠷᠠᠭᠤᠯᠤᠨ᠂ ᠤᠰᠤᠨ ᠤ ᠡᠬᠢ | ᠪᠠᠶᠠᠯᠢᠭ ᠢ ᠳᠠᠬᠢᠨ ᠳᠠᠪᠲᠠᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠤᠰᠤ ᠶᠡᠭᠡ ᠬᠤᠷᠣᠭᠳᠠᠭᠤᠯᠬᠤ | ᠠᠵᠤ ᠦᠢᠯᠡᠳᠪᠦᠷᠢ ᠶᠢᠨ ᠠᠵᠤ ᠠᠬᠤᠶᠢᠯᠠᠯ ᠣᠨ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠰᠤ ᠬᠡᠷᠡᠭᠯᠡᠬᠦ ᠲᠣᠭᠲᠠᠭᠰᠠᠨ | ᠨᠤᠷᠮ᠎ᠠ ᠠᠴᠠ ᠬᠡᠲᠦᠷᠡᠭᠰᠡᠨ ᠪᠣᠯ ᠬᠤᠭᠤᠴᠠᠭ᠎ᠠ ᠬᠢᠵᠠᠭᠠᠷᠯᠠᠨ ᠤᠰᠤ ᠠᠷᠪᠢᠯᠠᠬᠤ ᠥᠭᠡᠷᠡᠴᠢᠯᠡᠯᠲᠡ ᠬᠢᠬᠦ ᠬᠡᠷᠡᠭᠲᠡᠢ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠬᠥᠷᠥᠭᠡᠬᠦ ᠤᠰᠤ᠂ | ᠠᠭᠠᠷ ᠲᠣᠬᠢᠷᠠᠭᠤᠯᠤᠭᠴᠢ ᠶᠢᠨ ᠬᠥᠷᠥᠭᠡᠬᠦ ᠤᠰᠤ᠂ ᠭᠦᠸᠧᠯᠦ ᠶᠢᠨ ᠴᠠᠷᠴᠠᠭᠠᠬᠤ ᠤᠰᠤ ᠶᠢ ᠡᠭᠡᠭᠦᠯᠦᠨ ᠬᠤᠷᠢᠶᠠᠵᠤ | ᠠᠰᠢᠭᠯᠠᠬᠤ ᠬᠡᠷᠡᠭᠲᠡᠶ᠃ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ | ᠬᠠᠶᠠᠭᠳᠠᠮᠠᠯ ᠤᠰᠤ ᠶᠢ ᠭᠦᠨᠵᠡᠭᠡᠶ ᠰᠢᠢᠳᠪᠦᠷᠢᠯᠡᠵᠦ ᠡᠭᠡᠭᠦᠯᠦᠨ ᠬᠡᠷᠡᠭᠯᠡᠬᠦ ᠮᠡᠷᠭᠡᠵᠢᠯ ᠤᠨ ᠠᠷᠭ᠎ᠠ ᠬᠡᠮᠵᠢᠶ᠎ᠡ ᠶᠢ | ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠲᠥᠪᠯᠡᠷᠡᠭᠰᠡᠨ ᠡᠯ᠎ᠡ ᠲᠥᠷᠥᠯ ᠤᠨ | ᠨᠡᠭᠡᠭᠡᠯᠲᠡ ᠶᠢᠨ ᠲᠣᠭᠤᠷᠢᠭ᠂ ᠬᠦᠷᠢᠶᠡᠯᠡᠩ ᠲᠣᠭᠤᠷᠢᠭ ᠵᠡᠷᠭᠡ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ᠂ ᠥᠷᠭᠡᠳᠬᠡᠨ ᠪᠠᠶᠢᠭᠤᠯᠬᠤ ᠳᠠᠭᠠᠨ ᠤᠰᠤ ᠬᠠᠩᠭᠠᠬᠤ᠂ ᠤᠰᠤ ᠲᠠᠲᠠᠷᠠᠭᠤᠯᠬᠤ᠂ ᠬᠠᠶᠠᠭᠳᠠᠮᠠᠯ | ᠤᠰᠤ ᠶᠢ ᠰᠢᠢᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠦᠲᠦᠭᠡᠨ | ᠪᠠᠶᠢᠭᠤᠯᠵᠤ᠂ ᠠᠵᠤ ᠠᠬᠤᠶᠢᠯᠠᠯ ᠤᠨ ᠬᠤᠭᠤᠷᠣᠨᠳᠣ ᠪᠠᠨ ᠰᠥᠯᠪᠡᠭᠡᠯᠳᠦᠨ ᠤᠰᠤ ᠬᠡᠷᠡᠭᠯᠡᠬᠦ᠂ ᠴᠢᠨᠠᠷ ᠬᠤᠪᠢᠶᠠᠨ | ᠤᠰᠤ ᠬᠡᠷᠡᠭᠯᠡᠬᠦ ᠶᠢ ᠠᠬᠢᠭᠤᠯᠵᠤ᠂ ᠨᠢᠭᠡ ᠤᠰᠤ ᠶᠢ ᠣᠯᠠᠨ ᠲᠠᠯ᠎ᠠ ᠪᠠᠷ ᠬᠡᠷᠡᠭᠯᠡᠬᠦ ᠪᠠ ᠡᠷᠭᠢᠯᠳᠦᠭᠦᠯᠦᠨ | ᠠᠰᠢᠭᠯᠠᠬᠤ ᠶᠢ ᠪᠡᠶᠡᠯᠡᠭᠦᠯᠬᠦ ᠬᠡᠷᠡᠭᠲᠡᠶ᠃ | ᠤᠯᠤᠰ ᠠᠴᠠ ᠨᠢᠭᠡᠨᠲᠡ ᠪᠠᠶᠢᠭᠤᠯᠤᠭᠰᠠᠨ ᠠᠵᠤ ᠦᠢᠯᠡᠳᠪᠦᠷᠢ ᠶᠢᠨ ᠪᠥᠭᠡᠮᠨᠡᠷᠡᠯ ᠤᠨ ᠣᠷᠣᠨ ᠤ ᠤᠰᠤ | ᠠᠷᠪᠢᠯᠠᠬᠤ ᠪᠠᠷ ᠭᠤᠣᠯ ᠠᠭᠤᠯᠭ᠎ᠠ ᠪᠣᠯᠭᠠᠭᠰᠠᠨ ᠪᠣᠬᠢᠷᠲᠤᠯ ᠦᠭᠡᠢ ᠴᠢᠨᠠᠷ ᠰᠠᠶᠢᠲᠠᠢ ᠬᠡᠯᠪᠡᠷᠢ ᠶᠢ ᠬᠤᠪᠢᠷᠠᠭᠤᠯᠤᠨ | ᠲᠡᠰ ᠳᠡᠪᠰᠢᠭᠦᠯᠬᠦ ᠪᠠ ᠤᠷᠴᠢᠯᠵᠢᠭᠤᠯᠤᠨ ᠥᠭᠡᠷᠡᠴᠢᠯᠡᠬᠦ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠤᠰᠤ | ᠠᠷᠪᠢᠯᠠᠬᠤ ᠵᠢᠴᠢ ᠤᠰᠤ ᠶᠢ ᠤᠷᠴᠢᠯᠵᠢᠭᠤᠯᠤᠨ ᠠᠰᠢᠭᠯᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ | ᠬᠤᠷᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠬᠤᠳᠠ ᠶᠢᠨ ᠪᠠᠶᠢᠭᠤᠯᠤᠭᠰᠠᠨ ᠲᠣᠭᠤᠷᠢᠭ ᠤᠨ ᠳᠣᠲᠣᠷᠠᠬᠢ ᠦᠢᠯᠡᠳᠪᠦᠷᠢᠯᠡᠯ᠂ ᠠᠮᠢᠳᠤᠷᠠᠯ᠂ ᠠᠮᠢ | ᠠᠬᠤᠢ ᠳᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠵᠤ᠂ ᠤᠰᠤ ᠠᠷᠪᠢᠯᠠᠬᠤ | ᠱᠠᠭᠠᠷᠳᠠᠯᠭ᠎ᠠ ᠶᠢ ᠬᠤᠳᠠ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠵᠠᠰᠠᠯᠲᠠ ᠶᠢᠨ ᠡᠯ᠎ᠡ | ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠬᠤᠳᠠ ᠶᠢᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠭᠤᠴᠢᠳᠤᠭᠠᠷ ᠵᠦᠢᠯ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠪᠣᠯᠤᠨ ᠤᠰᠤ ᠬᠡᠷᠡᠭᠯᠡᠬᠦ | ᠬᠤᠭᠤᠯᠠᠶ ᠲᠤᠤᠷ ᠤᠨ ᠪᠡᠯᠡᠳᠬᠡᠮᠵᠢ ᠶᠢ ᠥᠪᠡᠰᠦᠪᠡᠨ ᠪᠠᠶᠢᠭᠤᠯᠤᠭᠰᠠᠨ ᠨᠢᠭᠡᠴᠡ ᠨᠦᠭᠦᠳ ᠤᠰᠤ ᠬᠠᠩᠭᠠᠬᠤ᠂ ᠤᠰᠤ | ᠬᠡᠷᠡᠭᠯᠡᠬᠦ ᠬᠤᠭᠤᠯᠠᠶ ᠲᠤᠤᠷ ᠤᠨ ᠪᠡᠯᠡᠳᠬᠡᠮᠵᠢ ᠶᠢᠨ ᠠᠵᠢᠯᠯᠠᠭᠠᠨ ᠪᠠ ᠬᠠᠮᠠᠭᠠᠯᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠤᠰᠤ ᠬᠠᠩᠭᠠᠬᠤ᠂ ᠤᠰᠤ ᠬᠡᠷᠡᠭᠯᠡᠬᠦ ᠬᠤᠭᠤᠯᠠᠶ ᠲᠤᠤᠷ ᠤᠨ ᠪᠡᠯᠡᠳᠬᠡᠮᠵᠢ ᠶᠢᠨ ᠭᠤᠭᠤᠵᠢᠵᠤ | ᠬᠤᠬᠢᠷᠠᠬᠤ ᠶᠢ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠭᠤᠭᠤᠵᠢᠵᠤ | ᠬᠤᠬᠢᠷᠠᠬᠤ ᠶᠢ ᠡᠵᠡᠮᠳᠡᠬᠦ ᠬᠡᠷᠡᠭᠲᠡᠶ᠃ ᠤᠰᠤ ᠬᠠᠩᠭᠠᠬᠤ ᠬᠤᠭᠤᠯᠠᠶ ᠲᠤᠤᠷ ᠤᠨ ᠪᠡᠯᠡᠳᠬᠡᠮᠵᠢ ᠶᠢᠨ ᠭᠤᠭᠤᠵᠢᠵᠤ | ᠬᠤᠬᠢᠷᠠᠬᠤ ᠶᠢ ᠡᠵᠡᠮᠳᠡᠬᠦ ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠤᠰᠤ ᠭᠤᠭᠤᠵᠢᠬᠤ ᠬᠤᠬᠢᠷᠠᠯ ᠢ ᠣᠯᠠᠨ | ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠤᠨ ᠦᠨ᠎ᠡ ᠬᠠᠩᠰᠢ ᠲᠣᠭᠲᠠᠭᠠᠬᠤ ᠥᠪᠡᠷ ᠤᠨ ᠥᠷᠲᠡᠭ ᠲᠤ | ᠪᠣᠳᠣᠵᠤ ᠣᠷᠣᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ ᠤᠨ ᠲᠥᠬᠦᠭᠡᠷᠦᠮᠵᠢ ᠶᠢᠨ | ᠠᠵᠢᠯᠯᠠᠭᠠᠨ ᠳᠤ ᠶᠠᠪᠤᠭᠤᠯᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠰᠤ ᠬᠠᠩᠭᠠᠬᠤ ᠬᠠᠭᠤᠴᠢᠨ | ᠬᠤᠭᠤᠯᠠᠢ ᠲᠣᠣᠷ ᠤᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠡᠮᠵᠢᠨ ᠠᠬᠢᠭᠤᠯᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠤᠯᠤᠰ ᠠᠴᠠ ᠤᠰᠤ ᠠᠷᠪᠢᠯᠠᠬᠤ ᠶᠢ ᠪᠣᠬᠢᠷᠲᠤᠯ ᠦᠭᠡᠶ ᠪᠠᠷᠢᠯᠭ᠎ᠠ ᠶᠢ | ᠳᠡᠯᠭᠡᠷᠡᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠪᠠᠷᠢᠯᠭ᠎ᠠ ᠶᠢᠨ ᠠᠵᠢᠯᠯᠠᠭᠠᠨ ᠤ ᠤᠰᠤᠨ ᠤ ᠬᠤᠷᠣᠭᠳᠠᠭᠤᠯᠭ᠎ᠠ ᠶᠢ | ᠪᠠᠭᠤᠷᠠᠭᠤᠯᠬᠤ ᠶᠢ ᠠᠬᠢᠭᠤᠯᠤᠨ᠎ᠠ᠃ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠣᠯᠠᠨ ᠨᠡᠶᠢᠲᠡ ᠶᠢᠨ | ᠪᠠᠷᠢᠯᠭ᠎ᠠ ᠳᠤ ᠤᠰᠤ ᠠᠷᠪᠢᠯᠠᠬᠤ ᠪᠠᠭᠠᠵᠢ ᠬᠡᠷᠡᠭᠰᠡᠯ ᠢ ᠬᠡᠷᠡᠭᠯᠡᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠪᠠᠶᠢᠭᠤᠯᠤᠮᠵᠢ ᠨᠤᠭᠤᠳ ᠤᠰᠤ ᠠᠷᠪᠢᠯᠠᠬᠤ | ᠳᠠᠭᠤᠷᠢᠶᠠᠯ ᠤᠨ ᠦᠢᠯᠡᠳᠦᠯ ᠢ ᠪᠠᠳᠠᠷᠠᠭᠤᠯᠤᠨ᠂ ᠤᠰᠤ ᠠᠷᠪᠢᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠤᠰᠤ ᠠᠷᠪᠢᠯᠠᠬᠤ ᠲᠡᠷᠢᠭᠦᠨ ᠤ ᠮᠡᠷᠭᠡᠵᠢᠯ᠂ ᠤᠷᠠᠨ ᠳᠠᠷᠬ᠎ᠠ᠂ ᠲᠥᠬᠦᠭᠡᠷᠦᠮᠵᠢ ᠪᠣᠯᠤᠨ | ᠦᠢᠯᠡᠳᠬᠦᠨ ᠢ ᠡᠩ ᠲᠡᠷᠢᠭᠦᠨ ᠳᠤ ᠬᠡᠷᠡᠭᠯᠡᠨ᠂ ᠤᠰᠤ ᠠᠷᠪᠢᠯᠠᠬᠤ ᠥᠭᠡᠷᠡᠴᠢᠯᠡᠯᠲᠡ ᠶᠢ ᠥᠷᠨᠢᠭᠦᠯᠵᠦ᠂ ᠤᠰᠤ | ᠠᠷᠪᠢᠯᠠᠬᠤ ᠬᠡᠯᠪᠡᠷᠢ ᠶᠢᠨ ᠨᠢᠭᠡᠴᠡ ᠶᠢ ᠢᠳᠡᠪᠬᠢᠲᠡᠶ ᠪᠠᠷ ᠪᠠᠶᠢᠭᠤᠯᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠬᠤᠲᠠ ᠪᠠᠯᠭᠠᠰᠤ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠳᠤ ᠤᠰᠤ | ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠤ ᠬᠤᠲᠠ ᠪᠠᠯᠭᠠᠰᠤ ᠶᠢᠨ ᠴᠡᠴᠡᠷᠯᠢᠭ ᠤᠨ | ᠨᠣᠭᠤᠭᠠᠷᠠᠭᠤᠯᠤᠯᠲᠠ ᠳᠤ ᠲᠤᠰ ᠭᠠᠵᠠᠷ ᠣᠷᠣᠨ ᠳᠠᠭᠠᠨ ᠳᠣᠭᠢᠷᠬᠠᠰᠠᠨ ᠤᠰᠤ ᠠᠷᠪᠢᠯᠠᠵᠤ ᠭᠠᠩ ᠳᠤ ᠲᠡᠰᠪᠦᠷᠢᠲᠡᠶ | ᠤᠷᠭᠤᠮᠠᠯ ᠤᠨ ᠬᠤᠴᠢᠯᠭ᠎ᠠ ᠶᠢ ᠡᠩ ᠲᠡᠷᠢᠭᠦᠨ ᠳᠤ ᠰᠣᠩᠭᠤᠨ ᠬᠡᠷᠡᠭᠯᠡᠵᠦ᠂ ᠰᠥᠷᠴᠢᠨ ᠤᠰᠤᠯᠠᠬᠤ᠂ ᠰᠡᠪᠡᠷᠡᠭᠦᠨ | ᠤᠰᠤᠯᠠᠬᠤ ᠵᠡᠷᠭᠡ ᠤᠰᠤ ᠠᠷᠪᠢᠯᠠᠵᠤ ᠤᠰᠤᠯᠠᠬᠤ ᠠᠷᠭ᠎ᠠ ᠮᠠᠶ᠋ᠢᠭ ᠢ ᠬᠡᠷᠡᠭᠯᠡᠬᠦ ᠬᠡᠷᠡᠭᠲᠡᠶ᠃ | ᠤᠰᠤᠨ ᠤ ᠡᠬᠢ ᠪᠠᠶᠠᠯᠢᠭ ᠢᠶᠠᠷ ᠳᠤᠲᠠᠮᠠᠭ ᠭᠠᠵᠠᠷ ᠣᠷᠣᠨ ᠨᠢ ᠬᠢᠮᠡᠯ ᠭᠤᠤᠯ ᠨᠠᠭᠤᠷ ᠵᠡᠷᠭᠡ ᠦᠵᠡᠮᠵᠢ ᠶᠢᠨ | ᠬᠡᠷᠡᠭᠯᠡᠬᠦ ᠤᠰᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠤᠰᠤᠨ ᠤ ᠡᠬᠢ ᠪᠠᠶᠠᠯᠢᠭ ᠤᠨ ᠪᠠᠶᠢᠳᠠᠯ ᠢᠶᠠᠨ ᠦᠨᠳᠦᠰᠦᠯᠡᠨ᠂ ᠳᠠᠬᠢᠯᠲᠠ ᠤᠰᠤ᠂ | ᠬᠤᠷᠠᠭᠤᠯᠵᠤ ᠬᠠᠳᠠᠭᠠᠯᠠᠭᠰᠠᠨ ᠪᠣᠷᠣᠭᠠᠨ ᠤ ᠤᠰᠤ᠂ ᠳᠠᠯᠠᠶ ᠶᠢᠨ ᠤᠰᠤ ᠵᠢᠴᠢ ᠳᠠᠯᠠᠶ ᠶᠢᠨ ᠤᠰᠤ ᠶᠢ ᠴᠡᠩᠭᠡᠭᠵᠢᠭᠦᠯᠬᠦ | ᠤᠰᠤ᠂ ᠠᠭᠤᠷᠬᠠᠶ ᠶᠢᠨ ᠨᠦᠬᠡ ︵ᠬᠤᠳᠳᠤᠭ︶ ᠶᠢᠨ ᠤᠰᠤ᠂ ᠱᠣᠷᠪᠣᠭ ᠤᠰᠤ ᠵᠡᠷᠭᠡ ᠬᠡᠪ ᠤᠨ ᠪᠤᠰᠤ ᠤᠰᠤ ᠶᠢ | ᠤᠰᠤᠨ ᠤ ᠡᠬᠢ ᠪᠠᠶᠠᠯᠢᠭ ᠲᠤ ᠣᠷᠣᠭᠤᠯᠤᠨ ᠨᠢᠭᠡᠳᠦᠯᠲᠡᠶ ᠲᠣᠬᠢᠷᠠᠭᠤᠯᠬᠤ ᠬᠡᠷᠡᠭᠲᠡᠶ᠃ | ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠡᠪ ᠤᠨ ᠪᠤᠰᠤ ᠤᠰᠤ ᠶᠢ ᠠᠰᠢᠭᠯᠠᠬᠤ ᠲᠥᠯᠥᠪᠯᠡᠭᠡ | ᠲᠣᠭᠲᠠᠭᠠᠵᠤ᠂ ᠬᠡᠪ ᠤᠨ ᠪᠤᠰᠤ ᠤᠰᠤ ᠶᠢ ᠠᠰᠢᠭᠯᠠᠬᠤ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠢ᠂ ᠬᠡᠪ ᠤᠨ ᠪᠤᠰᠤ | ᠤᠰᠤ ᠶᠢ ᠬᠡᠷᠡᠭᠯᠡᠬᠦ ᠨᠥᠬᠦᠴᠡᠯ ᠲᠠᠢ ᠪᠣᠯᠪᠠᠴᠤ ᠵᠦᠢ ᠵᠣᠬᠢᠰᠲᠠᠢ ᠬᠡᠷᠡᠭᠯᠡᠭᠰᠡᠨ ᠦᠭᠡᠢ ᠪᠦᠳᠦᠭᠡᠨ ᠪᠠᠶᠢᠭᠤᠯᠤᠯᠲᠠ ᠶᠢᠨ | ᠵᠦᠢᠯᠡᠰ ᠤᠨ ᠤᠰᠤ ᠠᠪᠬᠤ ᠵᠥᠪᠰᠢᠶᠡᠷᠡᠯ ᠢ ᠨᠢ ᠰᠢᠨ᠎ᠡ ᠪᠠᠷ ᠨᠡᠮᠡᠭᠳᠡᠭᠦᠯᠬᠦ ᠶᠢ ᠵᠥᠪᠰᠢᠶᠡᠷᠡᠵᠦ ᠪᠣᠯᠬᠤ ᠦᠭᠡᠢ᠃ | ᠭᠤᠴᠢᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠰᠠᠭᠤᠷᠢ ᠲᠥᠬᠦᠭᠡᠷᠦᠮᠵᠢ ᠶᠢ | ᠨᠢᠭᠡᠳᠦᠯᠲᠡᠢ ᠲᠥᠯᠥᠪᠵᠢᠭᠦᠯᠦᠨ᠂ ᠪᠦᠲᠦᠭᠡᠨ ᠪᠠᠶᠢᠭᠤᠯᠵᠤ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠬᠤ ᠬᠡᠷᠡᠭᠲᠡᠢ᠃ | ᠬᠤᠲᠠ ᠶᠢᠨ ᠨᠣᠭᠤᠭᠠᠷᠠᠭᠤᠯᠤᠯᠲᠠ᠂ ᠵᠠᠮ ᠤᠨ ᠱᠦᠭᠦᠷᠳᠡᠯᠲᠡ᠂ ᠲᠡᠷᠭᠡ ᠬᠥᠰᠬᠡ ᠶᠢᠨ ᠤᠬᠢᠶᠠᠯᠲᠠ᠂ | ᠪᠠᠷᠢᠯᠭ᠎ᠠ ᠶᠢᠨ ᠠᠵᠢᠯ ᠵᠢᠴᠢ ᠠᠮᠢ ᠠᠬᠤᠶ ᠶᠢᠨ ᠦᠵᠡᠮᠵᠢ ᠵᠡᠷᠭᠡ ᠳᠤ ᠬᠡᠷᠡᠭᠯᠡᠬᠦ ᠤᠰᠤ ᠳᠤ ᠪᠠᠷᠢᠮᠵᠢᠶ᠎ᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠳᠠᠬᠢᠯᠲᠠ ᠤᠰᠤ ᠶᠢ ᠡᠩ ᠲᠡᠷᠢᠭᠦᠨ ᠳᠤ ᠬᠡᠷᠡᠭᠯᠡᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠬᠠᠶᠢᠮᠢᠶᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠪᠣᠷᠣᠭᠠᠨ ᠤ ᠤᠰᠤ ᠶᠢ | ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠬᠤᠲᠠ ᠶᠢᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠭᠤᠴᠢᠨ ᠬᠤᠲᠠ ᠶᠢᠨ ᠲᠣᠭᠤᠷᠢᠭ ᠤᠨ | ᠥᠭᠡᠷᠡᠴᠢᠯᠡᠯᠲᠡ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠵᠡᠷᠭᠡ ᠶᠢ ᠥᠷᠨᠢᠭᠦᠯᠬᠦ ᠳᠤ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠯᠥᠪᠵᠢᠭᠦᠯᠵᠦ᠂ ᠪᠣᠷᠣᠭᠠᠨ ᠤ ᠤᠰᠤᠨ ᠤ | ᠨᠡᠪᠴᠢᠬᠦ ᠶᠢ ᠬᠤᠷᠢᠭᠯᠠᠬᠤ᠂ ᠴᠡᠪᠡᠷᠰᠢᠭᠦᠯᠬᠦ᠂ ᠠᠰᠢᠭᠯᠠᠬᠤ ᠪᠠ ᠲᠣᠬᠢᠷᠠᠭᠤᠯᠤᠨ ᠬᠠᠳᠠᠭᠠᠯᠠᠬᠤ ᠪᠡᠯᠡᠳᠬᠡᠮᠵᠢ ᠶᠢ | ᠪᠦᠲᠦᠭᠡᠨ ᠪᠠᠶᠢᠭᠤᠯᠬᠤ ᠬᠡᠷᠡᠭᠲᠡᠶ᠃ | ᠭᠤᠴᠢᠨ ᠳᠣᠯᠣᠳᠤᠭᠠᠷ ᠵᠦᠢᠯ ᠲᠡᠯᠡᠢ ᠳᠠᠭᠠᠤ ᠭᠠᠵᠠᠷ ᠣᠷᠣᠨ ᠲᠡᠯᠡᠢ ᠶᠢᠨ ᠤᠰᠦᠠ ᠤ ᠡᠬᠢ ᠪᠠᠶᠠᠯᠢᠭ ᠢ | ᠢᠳᠡᠪᠬᠢᠲᠡᠢ ᠪᠠᠷ ᠨᠡᠭᠡᠭᠡᠨ ᠠᠰᠢᠭᠯᠠᠬᠤ ᠬᠡᠷᠡᠭᠲᠡᠢ᠃ | ᠳᠠᠯᠠᠢ ᠳᠠᠭᠠᠤ ᠪᠤᠶᠤ ᠳᠠᠯᠠᠢ ᠶᠢᠨ ᠠᠷᠠᠯ ᠤᠨ ᠴᠡᠩᠭᠡᠭ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ | ᠣᠷᠣᠨ ᠳᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠵᠦᠢᠯᠡᠰ ᠲᠤ ᠡᠩ ᠲᠡᠷᠢᠭᠦᠨ ᠳᠤ ᠳᠠᠯᠠᠢ ᠶᠢᠨ ᠤᠰᠤᠨ ᠤ | ᠴᠡᠩᠭᠡᠭᠵᠢᠭᠦᠯᠦᠭᠰᠡᠨ ᠤᠰᠤ ᠶᠢ ᠬᠡᠷᠡᠭᠯᠡᠬᠦ ᠬᠡᠷᠡᠭᠲᠡᠢ᠃ ᠨᠥᠬᠦᠴᠡᠯ ᠪᠦᠷᠢᠯᠳᠦᠭᠦᠯᠦᠭᠰᠡᠨ ᠨᠢ᠂ ᠲᠡᠯᠡᠶ ᠶᠢᠨ ᠤᠰᠤ ᠶᠢ | ᠴᠡᠩᠭᠡᠭᠵᠢᠭᠦᠯᠦᠭᠰᠡᠨ ᠤᠰᠤ ᠶᠢ ᠬᠤᠲᠠ ᠶᠢᠨ ᠶᠠᠪᠤᠳᠠᠯ ᠤᠨ ᠰᠢᠨ᠎ᠡ ᠪᠠᠷ ᠨᠡᠮᠡᠭᠰᠡᠨ ᠤᠰᠤ ᠬᠠᠩᠭᠠᠬᠤ ᠵᠢᠴᠢ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠤᠰᠤᠨ ᠤ ᠡᠬᠢ ᠰᠤᠷᠪᠤᠯᠵᠢ ᠪᠣᠯᠭᠠᠵᠤ ᠪᠣᠯᠤᠨ᠎ᠠ᠃ | ᠳᠥᠷᠪᠡᠳᠦᠭᠡᠷ ᠪᠦᠯᠦᠭ ᠪᠠᠲᠤᠯᠠᠬᠤ ᠪᠠ ᠬᠢᠨᠠᠯᠲᠠ ᠲᠠᠯᠪᠢᠬᠤ | ᠭᠤᠴᠢᠨ ᠨᠠᠢ᠍ᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠤᠰᠤ ᠠᠷᠪᠢᠯᠠᠬᠤ ᠦᠷ᠎ᠡ ᠪᠦᠲᠦᠮᠵᠢ᠂ ᠲᠠᠷᠢᠶᠠᠯᠠᠩ ᠳᠤ | ᠬᠡᠷᠡᠭᠯᠡᠬᠦ ᠤᠰᠤᠨ ᠤ ᠦᠨ᠎ᠡ ᠬᠠᠩᠰᠢ ᠶᠢᠨ ᠬᠢᠷᠢ ᠬᠡᠮᠵᠢᠶ᠎ᠡ᠂ ᠡᠳ᠋ ᠤᠨ ᠬᠦᠴᠦᠨ ᠤ ᠪᠠᠶᠢᠳᠠᠯ ᠲᠠᠢ ᠳᠣᠭᠢᠷᠠᠯᠴᠠᠭᠰᠠᠨ | ᠲᠠᠷᠢᠶᠠᠯᠠᠩ ᠳᠤ ᠬᠡᠷᠡᠭᠯᠡᠬᠦ ᠤᠰᠤᠨ ᠤ ᠲᠦᠢᠯ ᠤᠨ ᠣᠨᠣᠪᠴᠢᠲᠠᠶ ᠪᠠᠷ ᠨᠡᠮᠡᠭᠦᠷᠢ ᠥᠭᠬᠦ ᠲᠣᠭᠲᠠᠴᠠ ᠪᠠ ᠤᠰᠤ | ᠠᠷᠪᠢᠯᠠᠭᠰᠠᠨ ᠢ ᠱᠠᠩᠨᠠᠨ ᠬᠥᠬᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ | ᠨᠥᠬᠦᠴᠡᠯ ᠳᠤ ᠨᠡᠶᠢᠴᠡᠬᠦ ᠤᠰᠤ ᠠᠷᠪᠢᠯᠠᠬᠤ ᠲᠥᠷᠥᠯ ᠵᠦᠢᠯ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠤᠰᠠᠯᠠᠮᠵᠢ ᠣᠯᠭᠤᠨ᠎ᠠ᠃ | ᠭᠤᠴᠢ ᠶᠢᠰᠦᠳᠦᠭᠡᠷ ᠵᠦᠢᠯ ᠤᠯᠤᠰ ᠠᠴᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠯᠠᠨ ᠵᠦᠢᠯ ᠤᠨ | ᠬᠡᠯᠪᠡᠷᠢ ᠶᠢᠨ ᠤᠰᠤ ᠠᠷᠪᠢᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠲᠥᠷᠥᠯ | ᠵᠦᠢᠯ ᠤᠨ ᠪᠡᠯᠡ ᠲᠣᠬᠢᠷᠠᠭᠤᠯᠭ᠎ᠠ ᠶᠢ ᠳᠡᠮᠵᠢᠬᠦ ᠡᠷᠴᠢᠮ ᠢ ᠨᠡᠮᠡᠭᠳᠡᠭᠦᠯᠦᠨ᠎ᠡ᠃ | ᠤᠯᠤᠰ ᠠᠴᠠ ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠤᠨ ᠶᠣᠰᠣᠭᠠᠷ ᠤᠰᠤ ᠠᠷᠪᠢᠯᠠᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠳᠤ ᠬᠠᠤᠯᠢ ᠶᠣᠰᠣᠭᠠᠷ ᠣᠷᠣᠯᠴᠠᠬᠤ ᠶᠢ | ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠨ᠎ᠠ᠃ | ᠳᠥᠴᠢᠳᠦᠭᠡᠷ ᠵᠦᠢᠯ ᠤᠯᠤᠰ ᠠᠴᠠ ᠤᠰᠤ ᠠᠷᠪᠢᠯᠠᠬᠤ ᠨᠡᠶᠢᠭᠡᠮᠴᠢᠯᠡᠭᠰᠡᠨ᠂ ᠲᠤᠰᠬᠠᠶᠢᠵᠢᠭᠰᠠᠨ᠂ ᠵᠢᠷᠤᠮᠵᠢᠭᠰᠠᠨ | ᠦᠢᠯᠡᠴᠢᠯᠡᠭᠡᠨ ᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠤᠰᠤ ᠠᠷᠪᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠤᠰᠤ ᠠᠷᠪᠢᠯᠠᠬᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠳᠡᠮᠵᠢᠵᠦ᠂ ᠤᠰᠤ | ᠠᠷᠪᠢᠯᠠᠬᠤ ᠯᠠᠪᠯᠠᠯᠭ᠎ᠠ᠂ ᠵᠢᠷᠤᠭ ᠲᠥᠯᠥᠪᠯᠡᠭᠡ᠂ ᠪᠠᠶᠢᠴᠠᠭᠠᠨ ᠬᠡᠮᠵᠢᠯᠲᠡ᠂ ᠬᠡᠮᠵᠢᠯᠲᠡ᠂ ᠮᠡᠷᠭᠡᠵᠢᠯ ᠤᠨ | ᠥᠭᠡᠷᠡᠴᠢᠯᠡᠯᠲᠡ᠂ ᠠᠵᠢᠯᠯᠠᠭᠠᠨ ᠤ ᠬᠠᠮᠢᠶᠠᠷᠤᠯᠲᠠ᠂ ᠦᠢᠯᠡᠳᠬᠦᠨ ᠤ ᠭᠡᠷᠡᠴᠢᠯᠡᠭᠡ ᠵᠡᠷᠭᠡ ᠦᠢᠯᠡᠴᠢᠯᠡᠭᠡ | ᠥᠷᠨᠢᠭᠦᠯᠦᠨ᠂ ᠤᠰᠤ ᠠᠷᠪᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠬᠤ ᠪᠠ ᠲᠦᠯᠬᠢᠨ | ᠠᠬᠢᠭᠤᠯᠵᠤ ᠪᠠᠶᠢᠭᠠᠳ ᠤᠰᠤ ᠬᠡᠷᠡᠭᠯᠡᠬᠦ ᠨᠢᠭᠡᠴᠡ ᠪᠤᠶᠤ ᠬᠤᠪᠢ ᠬᠥᠮᠦᠨ ᠯᠦᠭᠡ ᠤᠰᠤ ᠠᠷᠪᠢᠯᠠᠬᠤ | ᠬᠠᠮᠢᠶᠠᠷᠤᠯᠲᠠ ᠶᠢᠨ ᠭᠡᠷ᠎ᠡ ᠲᠣᠭᠲᠠᠵᠤ᠂ ᠤᠰᠤ ᠠᠷᠪᠢᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠤᠰᠤ ᠠᠷᠪᠢᠯᠠᠬᠤ | ᠦᠷ᠎ᠡ ᠠᠰᠢᠭ ᠢ ᠬᠤᠪᠢᠶᠠᠨ ᠡᠳ᠋ᠯᠡᠬᠦ ᠵᠡᠷᠭᠡ ᠠᠷᠭ᠎ᠠ ᠮᠠᠶ᠋ᠢᠭ ᠢᠶᠠᠷ ᠵᠦᠢ ᠵᠣᠬᠢᠰᠲᠠᠶ ᠠᠰᠢᠭ ᠲᠤᠰᠠ | ᠣᠯᠭᠤᠨ᠎ᠠ᠃ | ᠤᠯᠤᠰ ᠠᠴᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ | ᠪᠠᠶᠢᠭᠤᠯᠤᠯᠲᠠ ᠵᠢᠴᠢ ᠪᠤᠰᠤᠳ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ | ᠤᠰᠤ ᠠᠷᠪᠢᠯᠠᠬᠤ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ | ᠳᠥᠴᠢᠨ ᠨᠢᠭᠡᠳᠦᠭᠡᠷ ᠵᠦᠢᠯ ᠤᠯᠤᠰ ᠠᠴᠠ ᠤᠰᠤᠨ ᠤ ᠡᠷᠬᠡ ᠶᠢᠨ ᠵᠠᠬ᠎ᠠ ᠳᠡᠯᠭᠡᠭᠦᠷ ᠢ ᠪᠤᠶᠢᠵᠢᠭᠤᠯᠤᠨ | ᠵᠢᠷᠤᠮᠵᠢᠭᠤᠯᠵᠤ᠂ ᠤᠯᠠᠨ ᠵᠦᠢᠯ ᠤᠨ ᠬᠡᠯᠪᠡᠷᠢ ᠶᠢᠨ ᠤᠰᠤᠨ ᠤ ᠡᠷᠬᠡ ᠶᠢᠨ ᠠᠷᠠᠯᠵᠢᠶ᠎ᠠ ᠥᠷᠨᠢᠭᠦᠯᠬᠦ ᠶᠢ ᠳᠡᠮᠵᠢᠵᠦ᠂ | ᠤᠰᠤᠨ ᠤ ᠡᠷᠬᠡ ᠶᠢᠨ ᠠᠷᠠᠯᠵᠢᠶᠠᠨ ᠤ ᠰᠢᠰᠲ᠋ᠧᠮ ᠢ ᠲᠡᠭᠦᠯᠳᠡᠷᠵᠢᠭᠦᠯᠦᠨ᠂ ᠲᠥᠪᠯᠡᠷᠡᠩᠭᠦᠢ ᠠᠷᠠᠯᠵᠢᠶ᠎ᠠ ᠥᠷᠨᠢᠭᠦᠯᠬᠦ ᠶᠢ | ᠬᠦᠳᠦᠯᠦᠨ ᠵᠢᠯᠣᠭᠤᠳᠴᠤ᠂ ᠤᠰᠤᠨ ᠤ ᠡᠷᠬᠡ ᠶᠢᠨ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠬᠦ ᠶᠢᠨ ᠬᠠᠮᠲᠤ | ᠤᠰᠤᠨ ᠤ ᠡᠷᠬᠡ ᠶᠢᠨ ᠠᠷᠠᠯᠵᠢᠶ᠎ᠠ ᠶᠢ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ | ᠰᠢᠰᠲ᠋ᠧᠮ ᠳᠤ ᠠᠯᠬᠤᠮ ᠠᠯᠬᠤᠮ ᠢᠶᠠᠷ ᠣᠷᠣᠭᠤᠯᠤᠨ᠎ᠠ᠃ | ᠳᠥᠴᠢᠨ ᠬᠤᠶᠠᠳᠤᠭᠠᠷ ᠵᠦᠢᠯ ᠤᠰᠤ ᠠᠷᠪᠢᠯᠠᠬᠤ ᠲᠠᠯ᠎ᠠ ᠪᠠᠷ ᠮᠡᠳᠡᠭᠳᠡᠬᠦ᠋ᠢᠴᠡ ᠠᠮᠵᠢᠯᠲᠠ ᠣᠯᠤᠭᠰᠠᠨ ᠨᠢᠭᠡᠴᠡ | ᠪᠣᠯᠤᠨ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | ᠳᠥᠴᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠤᠰᠤᠨ ᠤ ᠵᠠᠰᠠᠭ ᠵᠠᠬᠢᠷᠭ᠎ᠠ᠂ ᠣᠷᠣᠨ ᠰᠠᠭᠤᠴᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠤᠰᠢᠶᠠᠯ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠤᠰᠤ ᠬᠡᠷᠡᠭᠯᠡᠬᠦ ᠠᠵᠢᠯᠯᠠᠭ᠎ᠠ ᠶᠢ ᠬᠢᠨᠠᠵᠤ | ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠦᠶ᠎ᠡ ᠳᠤ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠨᠦᠭᠦᠳ ᠢ ᠠᠪᠬᠤ ᠡᠷᠬᠡ ᠲᠠᠢ᠄ | ︵ᠨᠢᠭᠡ︶ ᠲᠤᠬᠠᠶ ᠶᠢᠨ ᠲᠠᠯᠠᠪᠠᠶ ᠳᠤ ᠣᠷᠣᠵᠤ ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ ᠪᠠᠶᠢᠳᠠᠯ ᠢ | ᠪᠠᠶᠢᠴᠠᠭᠠᠨ ᠣᠶᠢᠯᠠᠭᠠᠬᠤ︔ | ︵ᠬᠤᠶᠠᠷ︶ ᠪᠠᠶᠢᠴᠠᠭᠠᠭᠳᠠᠬᠤ ᠨᠢᠭᠡᠴᠡ ᠪᠤᠶᠤ ᠬᠤᠪᠢ ᠬᠥᠮᠦᠨ ᠢ ᠤᠰᠤ ᠠᠷᠪᠢᠯᠠᠬᠤ ᠬᠤᠯᠪᠣᠭᠳᠠᠯ ᠪᠥᠬᠦᠶ | ᠠᠰᠠᠭᠤᠳᠠᠯ ᠤᠨ ᠲᠤᠬᠠᠶ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔ | ︵ᠭᠤᠷᠪᠠ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ | ᠮᠠᠲ᠋ᠧᠷᠢᠶᠠᠯ ᠢ ᠬᠠᠨᠭ᠍ᠭᠠᠯᠭᠠᠬᠤ ᠪᠠᠷ ᠱᠠᠭᠠᠷᠳᠠᠵᠤ᠂ ᠲᠡᠳᠡᠭᠡᠷ ᠢ ᠪᠠᠶᠢᠴᠠᠭᠠᠨ ᠦᠵᠡᠬᠦ ᠪᠤᠶᠤ ᠪᠠᠭᠤᠯᠭᠠᠨ ᠠᠪᠬᠤ︔ | ︵ᠳᠥᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠠᠷᠭ᠎ᠠ ᠬᠡᠮᠵᠢᠶ᠎ᠡ᠃ | ᠬᠢᠨᠠᠵᠤ ᠪᠠᠶᠢᠴᠠᠭᠠᠬᠤ ᠠᠵᠢᠯᠳᠡᠠ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ | ᠬᠠᠤᠯᠢ ᠬᠡᠷᠡᠭᠵᠢᠭᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠵᠤ ᠦᠵᠡᠭᠦᠯᠬᠦ ᠬᠡᠷᠡᠭᠲᠡᠢ᠃ | ᠪᠠᠶᠢᠴᠠᠭᠠᠭᠳᠠᠬᠤ ᠨᠢᠭᠡᠴᠢ ᠪᠠ ᠬᠤᠪᠢ ᠬᠥᠮᠦᠨ ᠬᠠᠮᠵᠢᠯᠴᠠᠬᠤ ᠬᠡᠷᠡᠭᠲᠡᠢ᠂ ᠲᠡᠪᠴᠢᠵᠦ᠂ ᠬᠠᠷᠰᠢᠯᠠᠵᠤ ᠪᠣᠯᠬᠤ | ᠦᠭᠡᠢ᠃ | ᠳᠥᠴᠢᠨ ᠳᠥᠷᠪᠡᠳᠦᠭᠡᠷ ᠵᠦᠢᠯ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠭᠰᠡᠨ ᠠᠵᠢᠯᠯᠠᠭ᠎ᠠ ᠶᠢ | ᠶᠠᠮᠠᠷᠪᠠ ᠨᠢᠭᠡᠴᠢ ᠪᠠ ᠬᠤᠪᠢ ᠬᠥᠮᠦᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ | ᠡᠷᠬᠡ ᠲᠠᠢ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠰᠠᠯᠠᠭ᠎ᠠ ᠮᠥᠴᠢᠷ ᠬᠠᠤᠯᠢ ᠶᠣᠰᠣᠭᠠᠷ ᠴᠠᠭ | ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | ᠳᠥᠴᠢᠨ ᠲᠠᠪᠤᠳᠤᠭᠠᠷ ᠵᠦᠢᠯ ᠤᠯᠤᠰ ᠠᠴᠠ ᠤᠰᠤ ᠠᠷᠪᠢᠯᠠᠬᠤ ᠬᠠᠷᠢᠭᠤᠴᠠᠯᠭ᠎ᠠ ᠶᠢᠨ ᠲᠦᠷᠢᠮ ᠪᠣᠯᠤᠨ ᠤᠰᠤ | ᠠᠷᠪᠢᠯᠠᠬᠤ ᠶᠢ ᠬᠢᠨᠠᠨ ᠰᠢᠯᠭᠠᠵᠤ ᠦᠨᠡᠯᠡᠬᠦ ᠲᠦᠷᠢᠮ ᠢ ᠬᠡᠷᠡᠭᠵᠢᠭᠦᠯᠵᠦ᠂ ᠤᠰᠤ ᠠᠷᠪᠢᠯᠠᠬᠤ ᠬᠠᠷᠠᠯᠲᠠ ᠶᠢ | ᠪᠡᠶᠡᠯᠡᠭᠦᠯᠦᠭᠰᠡᠨ ᠪᠠᠶᠢᠳᠠᠯ ᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠬᠠᠷᠢᠭᠤᠴᠠᠯᠭᠠᠲᠠᠨ ᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠥᠴᠢᠨ ᠵᠢᠷᠭᠤᠳᠤᠭᠠᠷ ᠵᠦᠢᠯ ᠤᠰᠤ ᠬᠡᠷᠡᠭᠯᠡᠬᠦ ᠬᠡᠮᠵᠢᠯᠲᠡ ᠶᠢᠨ ᠲᠥᠬᠦᠭᠡᠷᠦᠮᠵᠢ ᠶᠢ ᠡᠵᠡᠯᠡᠭᠰᠡᠨ᠂ ᠡᠪᠳᠡᠨ | ᠰᠦᠢᠳᠬᠡᠭᠰᠡᠨ᠂ ᠳᠤᠷ᠎ᠠ ᠪᠠᠷ ᠢᠶᠠᠨ ᠰᠢᠯᠵᠢᠭᠦᠯᠦᠭᠰᠡᠨ ᠪᠤᠶᠤ ᠤᠰᠤ ᠬᠡᠷᠡᠭᠯᠡᠬᠦ ᠬᠡᠮᠵᠢᠯᠲᠡ ᠶᠢ ᠬᠠᠷᠰᠢᠯᠠᠭᠰᠠᠨ ᠪᠠᠶᠢᠪᠠᠯ᠂ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠨᠥᠬᠦᠪᠥᠷᠢᠯᠡᠬᠦ | ᠠᠷᠭ᠎ᠠ ᠬᠡᠮᠵᠢᠶ᠎ᠡ ᠠᠪᠤᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ | ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠳᠥᠴᠢᠨ ᠳᠣᠯᠣᠳᠤᠭᠠᠷ ᠵᠦᠢᠯ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠠᠷᠪᠢᠯᠠᠬᠤ | ᠪᠡᠯᠡᠳᠬᠡᠮᠵᠢ ᠶᠢ ᠪᠠᠶᠢᠭᠤᠯᠤᠭᠰᠠᠨ ᠥᠭᠡᠢ ᠪᠤᠶᠤ ᠤᠯᠤᠰ ᠤᠨ ᠲᠣᠭᠲᠠᠭᠠᠯ ᠤᠨ ᠱᠠᠭᠠᠷᠳᠠᠯᠭ᠎ᠠ ᠳᠤ ᠬᠥᠷᠥᠭᠰᠡᠨ | ᠥᠭᠡᠢ ᠪᠠᠷ ᠳᠤᠷ᠎ᠠ ᠪᠠᠷ ᠢᠶᠠᠨ ᠠᠰᠢᠭᠯᠠᠯᠲᠠ ᠳᠤ ᠣᠷᠣᠭᠤᠯᠤᠭᠰᠠᠨ ᠵᠢᠴᠢ ᠦᠢᠯᠡᠳᠪᠦᠷᠢᠯᠡᠵᠦ᠂ ᠪᠣᠷᠣᠯᠠᠭᠤᠯᠤᠨ | ᠬᠤᠳᠠᠯᠳᠤᠭᠰᠠᠨ ᠪᠤᠶᠤ ᠦᠢᠯᠡᠳᠪᠦᠷᠢᠯᠡᠯ ᠡᠵᠡᠩᠨᠡᠯᠲᠡ ᠳᠤ ᠤᠯᠤᠰ ᠠᠴᠠ ᠲᠣᠳᠣᠷᠬᠠᠢ ᠵᠠᠷᠯᠢᠭ ᠢᠶᠠᠷ | ᠰᠢᠭᠰᠢᠭᠳᠡᠭᠦᠯᠦᠭᠰᠡᠨ ᠬᠤᠴᠣᠷᠤᠩᠭᠤᠢ᠂ ᠤᠰᠤ ᠶᠡᠭᠡ ᠬᠤᠷᠣᠭᠳᠠᠭᠤᠯᠬᠤ ᠮᠡᠷᠭᠡᠵᠢᠯ᠂ ᠤᠷᠠᠨ ᠳᠠᠷᠬ᠎ᠠ᠂ | ᠲᠥᠬᠦᠭᠡᠷᠦᠮᠵᠢ ᠪᠣᠯᠤᠨ ᠦᠢᠯᠡᠳᠬᠦᠨ ᠢ ᠬᠡᠷᠡᠭᠯᠡᠭᠰᠡᠨ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠤᠨ ᠤᠰᠤᠨ ᠤ ᠬᠠᠤᠯᠢ︾ ᠶᠢᠨ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠰᠢᠢᠳᠭᠡᠨ᠎ᠡ ᠲᠣᠷᠭᠠᠨ᠎ᠠ᠃ | ᠳᠥᠴᠢᠨ ᠨᠠᠢᠮᠠᠳᠤᠭᠠᠷ ᠵᠦᠢᠯ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠰᠤ ᠬᠡᠷᠡᠭᠯᠡᠬᠦ ᠲᠣᠭᠲᠠᠭᠰᠠᠨ ᠨᠣᠷᠮ᠎ᠠ ᠠᠴᠠ ᠬᠡᠲᠦᠷᠡᠵᠦ᠂ ᠲᠣᠭᠲᠠᠭᠠᠭᠰᠠᠨ | ᠬᠤᠭᠤᠴᠠᠭᠠᠨ ᠳᠣᠲᠣᠷ᠎ᠠ ᠤᠰᠤ ᠠᠷᠪᠢᠯᠠᠬᠤ ᠥᠭᠡᠷᠡᠴᠢᠯᠡᠯᠲᠡ ᠬᠢᠭᠰᠡᠨ ᠦᠭᠡᠶ ᠪᠣᠯ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ | ᠵᠠᠯᠠᠷᠠᠭᠤᠯᠵᠤ᠂ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ︔ ᠵᠠᠯᠠᠷᠠᠭᠤᠯᠬᠤ ᠶᠢ | ᠲᠡᠪᠴᠢᠭᠰᠡᠨ ᠪᠠᠶᠢᠪᠠᠯ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠤᠰᠤ ᠬᠡᠷᠡᠭᠯᠡᠬᠦ ᠶᠢ | ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠪᠤᠶᠤ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ | ᠬᠦᠴᠦᠨ ᠦᠭᠡᠢ ᠪᠣᠯᠭᠠᠨ᠎ᠠ᠃ | ᠳᠥᠴᠢ ᠶᠢᠰᠦᠳᠦᠭᠡᠷ ᠵᠦᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠲᠥᠬᠦᠭᠡᠷᠦᠮᠵᠢ ᠶᠢ ᠬᠥᠷᠥᠭᠡᠭᠰᠡᠨ ᠤᠰᠤ᠂ ᠠᠭᠠᠷ ᠲᠣᠬᠢᠷᠠᠭᠤᠯᠤᠭᠤᠷ ᠢ ᠬᠥᠷᠥᠭᠡᠭᠰᠡᠨ ᠤᠰᠤ᠂ ᠭᠦᠸᠧᠯᠤ ᠶᠢ | ᠴᠠᠷᠴᠠᠭᠠᠭᠰᠠᠨ ᠤᠰᠤ ᠶᠢ ᠬᠤᠷᠢᠶᠠᠨ ᠠᠪᠴᠤ ᠠᠰᠢᠭᠯᠠᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠪᠥᠭᠡᠳ 5 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ᠵᠠᠯᠠᠷᠠᠭᠤᠯᠬᠤ ᠦᠭᠡᠶ ᠪᠣᠯ 5 | ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠲᠠᠪᠢᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠵᠢᠯᠳᠠᠨ ᠤᠰᠤ ᠠᠷᠪᠢᠯᠠᠬᠤ ᠠᠵᠢᠯ ᠤᠨ ᠳᠤᠮᠳᠠ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠤᠪᠢ ᠶᠢᠨ | ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠰᠢᠢᠳᠭᠡᠯ ᠥᠭᠭᠦᠨ᠎ᠡ᠃ | ᠲᠠᠪᠢᠨ ᠨᠢᠭᠡᠳᠦᠭᠡᠷ ᠵᠦᠢᠯ ᠲᠣᠰ ᠳᠦᠷᠢᠮ ᠤᠨ ᠲᠣᠭᠲᠠᠭᠠᠯ ᠢ ᠵᠥᠷᠢᠴᠡᠵᠦ᠂ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ︔ | ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠲᠠᠪᠢᠨ ᠬᠤᠶᠠᠳᠤᠭᠠᠷ ᠵᠦᠢᠯ ᠲᠣᠰ ᠲᠦᠷᠢᠮ ᠢ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ |