| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ | ᠪᠠᠶᠢᠴᠠᠭᠠᠯᠲᠠ ᠶᠢᠨ ᠶᠡᠷᠦᠩᠬᠡᠶ ᠠᠩᠭᠢ | ︵2024 ᠣᠨ ᠤ 4 ᠰᠠᠷ᠎ᠠ ᠶᠢᠨ 19 ᠤ ᠡᠳᠦᠷ︶ | | ᠨᠢᠭᠡᠳᠦᠭᠡᠷ ᠤᠯᠠᠷᠢᠯ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠤᠤᠷ᠎ᠠ᠂ ᠪᠦᠬᠦ ᠣᠷᠣᠨ ᠳᠠᠶᠠᠭᠠᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ | ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ | ᠲᠣᠭᠲᠠᠭᠤᠨ ᠢ ᠠᠬᠢᠭᠤᠯᠬᠤ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ᠂ ᠤᠨᠤᠪᠴᠢᠳᠠᠢ᠂ | ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠤᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠨᠡᠬᠡᠬᠡᠨ᠂ | ᠳᠤᠮᠳᠠ ᠲᠦᠪᠰᠢᠨ ᠵᠦᠭ ᠤᠷᠤᠭᠰᠢᠯᠠᠨ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ | ᠳᠡᠭᠡᠭᠰᠢᠯᠡᠵᠦ᠂ ᠡᠬᠢᠯᠡᠯᠲᠡ ᠰᠠᠶᠢᠨ ᠪᠠᠶᠢᠨ᠎ᠠ᠃ | ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ | ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠶ ᠥᠷᠲᠡᠭ 5604 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ | ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ | ᠦᠢᠯᠡᠰ ᠤᠨ ᠨᠡᠮᠡᠭᠳᠡᠯ ᠥᠷᠲᠡᠭ 177 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7. | 2% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2730 ᠳ᠋ᠦᠩᠰᠢᠭᠤᠷ ᠲᠥᠭᠦᠷᠢᠭ ᠲᠤ | ᠬᠦᠷᠴᠦ᠂ 8.1% ᠪᠠᠷ ᠨᠡᠮᠡᠭᠳᠡᠭᠦᠯᠦᠨ᠎ᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2697 ᠳ᠋ᠦᠩᠰᠢᠭᠤᠷ | ᠲᠥᠭᠦᠷᠢᠭ ᠲᠤ ᠬᠦᠷᠴᠦ᠂ 4.1% ᠪᠠᠷ ᠨᠡᠮᠡᠭᠳᠡᠪᠡ᠃ | ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠤ᠂ ᠮᠠᠯ ᠠᠵᠤ ᠠᠬᠤᠶ ᠲᠣᠭᠲᠠᠭᠤᠨ ᠢᠶᠠᠷ | ᠨᠡᠮᠡᠭᠳᠡᠪᠡ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ᠃ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠢ ᠡᠮᠬᠢ ᠵᠢᠷᠤᠮ ᠲᠠᠢ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ | ᠭᠦᠢᠴᠡᠳ ᠪᠣᠯᠪᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠨ᠎ᠠ᠃ ᠨᠢᠭᠡᠳᠦᠭᠡᠷ ᠤᠯᠠᠷᠢᠯ ᠳᠤ᠂ | ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 44.0 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 8.0% ᠨᠡᠮᠡᠭᠳᠡᠪᠡ᠃ ᠡᠭᠦᠨ ᠳᠤ᠂ ᠦᠬᠡᠷ ᠤᠨ ᠮᠢᠬ᠎ᠠ᠂ ᠬᠤᠨᠢᠨ ᠮᠢᠬᠠᠨ ᠤ ᠭᠠᠷᠤᠯᠲᠠ ᠲᠣᠰ | ᠲᠣᠰ 9.8% ᠪᠠ 4.9% ᠪᠠᠷ ᠨᠡᠮᠡᠭᠳᠡᠪᠡ᠃ ᠦᠨᠢᠶᠡᠨ ᠰᠦ ᠶᠢᠨ ᠭᠠᠷᠤᠯᠲᠠ 4.6% ᠪᠠᠷ ᠨᠡᠮᠡᠭᠳᠡᠪᠡ᠃ ᠨᠢᠭᠡᠳᠦᠭᠡᠷ | ᠤᠯᠠᠷᠢᠯ ᠤᠨ ᠡᠴᠦᠰ ᠲᠤ᠂ ᠪᠥᠬᠦ ᠣᠷᠣᠨ ᠳᠤ 592.5 ᠲᠦᠮᠡᠨ ᠭᠠᠭ᠋ᠠᠶ ᠲᠡᠵᠢᠭᠡᠵᠦ᠂ 2.6% ᠪᠠᠷ ᠨᠡᠮᠡᠭᠳᠡᠪᠡ︔ 950. | 1 ᠲᠦᠮᠡᠨ ᠦᠬᠡᠷ ᠲᠡᠵᠢᠭᠡᠵᠦ᠂ 7.9% ᠨᠡᠮᠡᠭᠳᠡᠪᠡ︔ ᠮᠠᠯ ᠤᠨ ᠲᠤᠭ᠎ᠠ 6947.7 ᠲᠦᠮᠡ ᠳᠤ ᠬᠦᠷᠴᠦ᠂ 0. | 9% ᠪᠠᠷ ᠨᠡᠮᠡᠭᠳᠡᠪᠡ᠃ | ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠳᠡᠭᠡᠭᠰᠢᠯᠡᠵᠦ᠂ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠤᠨ ᠬᠠᠨᠳᠤᠰᠢ | ᠨᠡᠯᠢᠶᠡᠳ ᠰᠠᠶᠢᠨ ᠪᠠᠶᠢᠨ᠎ᠠ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ 1-2 ᠳ᠋ᠤᠭᠠᠷ ᠰᠠᠷ᠎ᠠ ᠶᠢᠨ ᠬᠢ ᠠᠴᠠ 0.1 | ᠵᠠᠭᠤᠨ ᠤ ᠬᠤᠪᠢ ᠶᠢᠨ ᠴᠡᠭ ᠲᠦᠷᠭᠡᠳᠪᠡ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ ᠦᠢᠯᠡᠳᠬᠦ ᠦᠢᠯᠡᠰ 12. | 1% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 13.1% ᠪᠠᠷ ᠨᠡᠮᠡᠭᠳᠡᠪᠡ᠃ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 55.8% ᠪᠠᠷ ᠨᠡᠮᠡᠭᠳᠡᠵᠦ᠂ 1 - 2 ᠳ᠋ᠤᠭᠠᠷ ᠰᠠᠷ᠎ᠠ ᠶᠢᠨ ᠬᠢ ᠠᠴᠠ 2.2 ᠵᠠᠭᠤᠨ ᠤ | ᠬᠤᠪᠢ ᠶᠢᠨ ᠴᠡᠭ ᠲᠦᠷᠭᠡᠳᠪᠡ︔ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 38.3% ᠪᠠᠷ | ᠨᠡᠮᠡᠭᠳᠡᠵᠦ᠂ 2.2 ᠵᠠᠭᠤᠨ ᠤ ᠨᠢᠭᠡᠴᠢ ᠲᠦᠷᠭᠡᠳᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ | ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 7.1% ᠪᠠᠷ | ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ 10.5% ᠪᠠᠷ ᠨᠡᠮᠡᠭᠳᠡᠪᠡ᠃ ᠠᠵᠢᠯ ᠲᠥᠷᠥᠯ ᠬᠤᠪᠢᠶᠠᠵᠤ ᠦᠵᠡᠪᠡᠯ᠂ ᠲᠤᠯᠤᠭᠠᠨ ᠬᠤᠪᠢ ᠶᠢᠨ ᠠᠵᠢᠯ | ᠲᠥᠷᠥᠯ ᠤᠨ ᠨᠡᠮᠡᠭᠳᠡᠯ ᠥᠷᠲᠡᠭ ᠨᠡᠮᠡᠭᠳᠡᠵᠦ᠂ ᠲᠠᠪᠤᠨ ᠬᠤᠪᠢ ᠶᠢ ᠳᠠᠪᠠᠭᠰᠠᠨ ᠠᠵᠢᠯ ᠲᠥᠷᠥᠯ ᠤᠨ ᠨᠡᠮᠡᠭᠳᠡᠯ ᠤᠨ | ᠬᠤᠷᠳᠤᠴᠠ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠦᠷᠭᠡᠳᠪᠡ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ ᠠᠴᠠ ᠦᠵᠡᠪᠡᠯ᠂ ᠨᠡᠭᠦᠷᠡᠰᠦᠨ ᠤ ᠭᠠᠷᠤᠯᠲᠠ 3.2 | ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠨᠡᠮᠡᠭᠳᠡᠪᠡ︔ ᠴᠠᠬᠢᠯᠭᠠᠨ ᠭᠠᠷᠭᠠᠭᠰᠠᠨ | ᠬᠡᠮᠵᠢᠶ᠎ᠡ 1950.4 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 12.3% ᠪᠠᠷ ᠨᠡᠮᠡᠭᠳᠡᠪᠡ᠂ ᠡᠭᠦᠨ ᠳᠤ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 372.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 12.9% ᠪᠠᠷ | ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 114.2 ᠲᠦᠮᠡᠨ ᠲᠣᠨ ᠳᠤ ᠬᠦᠷᠴᠦ᠂ 2.1% ᠪᠠᠷ ᠨᠡᠮᠡᠭᠳᠡᠪᠡ︔ | ᠪᠤᠯᠤᠳ ᠮᠠᠲ᠋ᠧᠷᠢᠶᠠᠯ ᠤᠨ ᠭᠠᠷᠤᠯᠲᠠ 853.3 ᠲᠦᠮᠡᠨ ᠲᠣᠨ ᠳᠤ ᠬᠦᠷᠴᠦ᠂ 12.1% ᠪᠠᠷ ᠨᠡᠮᠡᠭᠳᠡᠪᠡ᠃ 1-2 ᠳ᠋ᠤᠭᠠᠷ | ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 4391.6 ᠳ᠋ᠦᠩᠰᠢᠭᠤᠷ ᠲᠥᠭᠦᠷᠢᠭ ᠲᠤ ᠬᠦᠷᠴᠦ᠂ ᠪᠡᠶᠡᠯᠡᠭᠦᠯᠦᠭᠰᠡᠨ ᠠᠰᠢᠭ | ᠬᠤᠨᠵᠢᠪᠣᠷᠢ ᠶᠢᠨ ᠶᠡᠷᠦᠩᠬᠡᠶ ᠲᠤᠭ᠎ᠠ 444.3 ᠳ᠋ᠦᠩᠰᠢᠭᠤᠷ ᠲᠥᠭᠦᠷᠢᠭ ᠲᠤ ᠬᠥᠷᠪᠡ᠃ | ᠭᠤᠷᠪᠠ᠂ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ | ᠨᠡᠯᠢᠶᠡᠳ ᠲᠦᠷᠭᠡᠨ ᠨᠡᠮᠡᠭᠳᠡᠪᠡ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠵᠦ᠂ ᠵᠠᠮ | ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠬᠢ 9.0% ᠢᠶᠠᠷ ᠨᠡᠮᠡᠭᠳᠡᠵᠦ᠂ | ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠬᠢ 4.7% ᠪᠠᠷ ᠨᠡᠮᠡᠭᠳᠡᠪᠡ᠃ 1-2 ᠳ᠋ᠤᠭᠠᠷ ᠰᠠᠷ᠎ᠠ ᠳᠤ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ 10 ᠠᠵᠢᠯ ᠲᠥᠷᠥᠯ ᠤᠨ ᠳᠣᠲᠣᠷᠠᠬᠢ 8 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠢ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠨᠡᠮᠡᠭᠳᠡᠵᠦ᠂ | ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠵᠦ᠂ ᠰᠢᠨᠵᠢᠯᠡᠬᠦ | ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ 12.7% ᠪᠠᠷ ᠨᠡᠮᠡᠭᠳᠡᠪᠡ᠃ | ᠳᠥᠷᠪᠡ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠦᠷᠭᠡᠨ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ | ᠣᠷᠣᠭᠤᠯᠤᠯᠲᠠ ᠡᠷᠴᠢᠮᠲᠡᠶ ᠪᠣᠯᠪᠠ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ | ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 31.5% ᠪᠠᠷ ᠨᠡᠮᠡᠭᠳᠡᠪᠡ᠃ ᠬᠦᠷᠢᠶ᠎ᠡ ᠴᠠᠷᠠᠭ᠎ᠠ | ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 28. | 0% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 37.3% ᠪᠠᠷ ᠨᠡᠮᠡᠭᠳᠡᠵᠦ᠂ ᠬᠡᠷ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 2.3% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ | ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 76.4% ᠪᠠᠷ ᠨᠡᠮᠡᠭᠳᠡᠵᠦ᠂ ᠬᠤᠶᠠᠳᠤᠭᠠᠷ ᠠᠵᠤ | ᠦᠢᠯᠡᠰ ᠤᠨ ᠪᠠᠯᠠ ᠣᠷᠣᠭᠤᠯᠤᠯᠲᠠ 35.4% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ 18.9% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠳᠣᠲᠣᠷ᠎ᠠ᠂ ᠠᠵᠤ ᠦᠢᠯᠡᠳᠪᠦᠷᠢ ᠶᠢᠨ | ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 35.3% ᠪᠠᠷ ᠨᠡᠮᠡᠭᠳᠡᠪᠡ᠃ | ᠲᠠᠪᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠵᠦ᠂ ᠳᠡᠰ ᠳᠡᠪᠰᠢᠭᠰᠡᠨ ᠲᠥᠷᠥᠯ ᠤᠨ ᠬᠡᠷᠡᠭᠯᠡᠭᠡᠨ ᠤ | ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠶ ᠲᠤᠭ᠎ᠠ 1322.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.8% ᠪᠠᠷ | ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 2.5% ᠨᠡᠮᠡᠭᠳᠡᠵᠦ᠂ ᠬᠥᠳᠡᠭᠡ | ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.8% ᠨᠡᠮᠡᠭᠳᠡᠪᠡ᠃ ᠬᠡᠷᠡᠭᠯᠡᠭᠡᠨ ᠤ | ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12.1% ᠪᠠᠷ | ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 1.6% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ | ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ | ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠥᠷᠥᠯ 18. | 4% ᠪᠠᠷ ᠨᠡᠮᠡᠭᠳᠡᠪᠡ᠃ ᠲᠡᠰ ᠳᠡᠪᠰᠢᠭᠦᠯᠬᠦ ᠲᠦᠷᠦᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠨᠡᠮᠡᠭᠳᠡᠵᠦ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ᠂ ᠤᠶᠤᠨᠲᠤ ᠭᠡᠷ ᠤᠨ | ᠴᠠᠬᠢᠯᠭᠠᠨ ᠬᠡᠷᠡᠭᠰᠡᠯ ᠪᠣᠯᠤᠨ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠦᠷᠦᠯ᠂ ᠠᠯᠳᠠ ᠮᠥᠩᠭᠦ | ᠰᠤᠪᠤᠳ ᠡᠷᠳᠡᠨᠢ ᠶᠢᠨ ᠲᠦᠷᠦᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠲᠤᠰ ᠲᠤᠰ 58.3%᠂ 15. | 7% ᠪᠠ 9.1% ᠪᠠᠷ ᠨᠡᠮᠡᠭᠳᠡᠪᠡ᠃ | ᠵᠢᠷᠭᠤᠭ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠥᠰᠴᠦ᠂ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢᠳ ᠤᠨ ᠦᠨ᠎ᠡ ᠪᠠᠭᠤᠷᠠᠪᠠ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ | ᠠᠳᠠᠯᠢ ᠬᠤᠭᠤᠴᠠᠭᠠᠨ ᠤ ᠬᠢ ᠠᠴᠠ 0.6% ᠪᠠᠷ ᠥᠰᠪᠡ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ | ᠠᠷᠢᠬᠢ ᠲᠠᠮᠠᠬᠢᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠵᠤ᠂ ᠬᠤᠪᠴᠠᠰᠤ ᠬᠤᠨᠠᠷ ᠤᠨ | ᠦᠨ᠎ᠡ ᠬᠠᠩᠰᠢ 2.6% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ 0.4% ᠪᠠᠷ ᠥᠰᠴᠦ᠂ | ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 2.1% ᠪᠠᠷ ᠥᠰᠴᠦ᠂ ᠵᠠᠮ ᠬᠠᠷᠢᠯᠴᠠᠭ᠎ᠠ ᠴᠢᠮᠡᠭᠡ | ᠬᠤᠯᠪᠣᠭᠠᠨ ᠤ ᠦᠨ᠎ᠡ ᠬᠠᠩᠰᠢ 1.0% ᠪᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ | ᠬᠠᠩᠰᠢ 2.2% ᠢᠶᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ ᠬᠠᠩᠰᠢ 4.4% ᠪᠠᠷ ᠥᠰᠴᠦ᠂ ᠪᠤᠰᠤᠳ | ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 4.4% ᠪᠠᠷ ᠥᠰᠴᠡᠶ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ | ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ | ᠬᠤᠭᠤᠴᠠᠭᠠᠨ ᠤ ᠬᠢ ᠠᠴᠠ 7 . 0 % ᠢᠶᠠᠷ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ | ᠬᠤᠳᠠᠯᠳᠤᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ 5 . 7 % ᠪᠠᠷ ᠪᠠᠭᠤᠷᠠᠪᠠ᠃ | ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠬᠠᠷᠢᠴᠠᠯ ᠪᠠᠭᠠᠰᠪᠠ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 10736 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠨᠡᠷ᠎ᠡ ᠳᠡᠭᠡᠷ᠎ᠡ ᠪᠠᠨ 6. | 6% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13352 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ ᠨᠡᠷ᠎ᠡ ᠳᠡᠭᠡᠷ᠎ᠡ ᠪᠠᠨ 6.1% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6576 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠨᠡᠷ᠎ᠡ ᠳᠡᠭᠡᠷ᠎ᠡ ᠪᠠᠨ 7.6% ᠪᠠᠷ ᠨᠡᠮᠡᠭᠳᠡᠪᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ ᠨᠢ 2.03 ᠪᠣᠯᠵᠣ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 0.03 ᠪᠠᠭᠠᠰᠪᠠ᠃ | ᠶᠡᠷᠦᠩᠬᠡᠶ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠠᠵᠤ ᠠᠬᠤᠶ ᠦᠷᠭᠦᠯᠵᠢᠯᠡᠨ | ᠳᠡᠭᠡᠭᠰᠢᠯᠡᠵᠦ ᠰᠠᠶᠢᠵᠢᠷᠠᠬᠤ ᠬᠠᠨᠳᠤᠰᠢ ᠲᠠᠢ ᠪᠣᠯᠵᠣ᠂ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠦ᠂ ᠪᠥᠬᠦ ᠵᠢᠯ ᠤᠨ | ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠨᠡᠯᠢᠶᠡᠳ ᠰᠠᠶᠢᠨ ᠰᠠᠭᠤᠷᠢ ᠶᠢ ᠲᠠᠯᠪᠢᠪᠠ᠃ ᠡᠭᠦᠨ ᠤ ᠬᠠᠮᠲᠤ᠂ ᠲᠣᠭᠲᠠᠭᠤᠨ ᠪᠤᠰᠤ | ᠲᠣᠭᠲᠠᠭᠠᠯᠲᠤ ᠪᠤᠰᠤ ᠬᠦᠴᠦᠨ ᠵᠦᠢᠯ ᠮᠥᠨ ᠬᠦ ᠨᠡᠯᠢᠶᠡᠳ ᠣᠯᠠᠨ ᠪᠠᠶᠢᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠮᠥᠨ ᠬᠦ | ᠢᠯᠡᠳᠲᠡ ᠬᠦᠷᠦᠯᠴᠡᠬᠦ ᠥᠬᠡᠶ ᠪᠠᠶᠢᠵᠤ᠂ ᠠᠵᠤ ᠠᠬᠤᠶ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠰᠠ | ᠪᠠᠬᠢᠵᠢᠭᠦᠯᠬᠦ ᠴᠢᠬᠤᠯᠠᠲᠠᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠬᠤᠶᠠᠷ ᠶᠡᠭᠡ | ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ | ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠵᠤ᠂ ᠠᠵᠤ | ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠶ ᠨᠡᠮᠡᠭᠳᠡᠯ ᠢ ᠦᠷᠭᠦᠯᠵᠢᠯᠡᠨ | ᠠᠬᠢᠭᠤᠯᠬᠤ ᠬᠡᠷᠡᠭᠲᠡᠶ᠃ | ᠳᠠᠭᠠᠯᠲᠠ ᠲᠠᠶᠢᠯᠪᠤᠷᠢ | ︵1︶ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ | ᠵᠦᠢᠯ ᠤᠨ ᠨᠡᠮᠡᠭᠳᠡᠯ ᠤᠨ ᠬᠤᠷᠳᠤᠴᠠ ᠶᠢ ᠥᠯᠥ ᠬᠤᠪᠢᠰᠬᠤ ᠦᠨ᠎ᠡ ᠪᠠᠷ ᠪᠤᠳᠤᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠶᠢ | ᠠᠳᠠᠯᠢᠳᠬᠠᠵᠤ ᠪᠣᠯᠬᠤ ᠦᠨ᠎ᠡ ᠪᠠᠷ ᠪᠤᠳᠤᠪᠠᠯ᠂ ᠴᠥᠮ ᠪᠣᠳᠠᠲᠠᠶ ᠨᠡᠮᠡᠭᠳᠡᠯ ᠤᠨ ᠬᠤᠷᠳᠤᠴᠠ ᠪᠣᠯᠤᠨ᠎ᠠ︔ ᠪᠤᠰᠤᠳ | ᠭᠦᠢᠴᠡᠳᠬᠡᠬᠦ ᠲᠤᠭ᠎ᠠ ᠶᠢᠨ ᠣᠨᠴᠠᠭᠠᠢ ᠲᠣᠳᠣᠷᠬᠠᠶᠢᠯᠠᠯᠲᠠ ᠠᠴᠠ ᠪᠤᠰᠤᠳ ᠢ ᠨᠢ ᠤᠳᠤ ᠶᠢᠨ ᠦᠨ᠎ᠡ ᠪᠠᠷ ᠪᠤᠳᠤᠵᠤ᠂ | ᠨᠡᠷᠡᠯᠡᠭᠰᠡᠨ ᠨᠡᠮᠡᠭᠳᠡᠯ ᠤᠨ ᠬᠤᠷᠳᠤᠴᠠ ᠪᠣᠯᠭᠠᠨ᠎ᠠ᠃ | ︵2︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠄ ᠪᠦᠷᠢᠳᠬᠡᠬᠦ ᠬᠦᠷᠢᠶ᠎ᠡ ᠬᠡᠪᠴᠢᠶ᠎ᠡ ᠨᠢ ᠵᠢᠯ ᠤᠨ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪᠴᠢᠶ᠎ᠡ ᠳᠤ ᠵᠢᠯ ᠪᠦᠷᠢ | ᠬᠤᠪᠢᠷᠠᠯᠲᠠ ᠭᠠᠷᠤᠭᠰᠠᠨ ᠠᠴᠠ ᠪᠣᠯᠵᠣ᠂ ᠲᠣᠰ ᠵᠢᠯ ᠤᠨ ᠲᠤᠭ᠎ᠠ ᠪᠠᠷᠢᠮᠲᠠ ᠶᠢ ᠳᠡᠭᠡᠷ᠎ᠡ ᠵᠢᠯ ᠤᠨ ᠬᠢ ᠲᠠᠢ ᠬᠠᠷᠢᠴᠠᠭᠤᠯᠬᠤ᠂ | ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠶᠢ ᠪᠤᠳᠤᠬᠤ ᠵᠡᠷᠭᠡ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠬᠦ ᠬᠤᠷᠳᠤᠴᠠ ᠶᠢ ᠪᠠᠲᠤᠯᠠᠬᠤ ᠶᠢᠨ ᠲᠥᠯᠥᠭᠡ ᠬᠡᠷᠡᠭᠯᠡᠭᠰᠡᠨ ᠠᠳᠠᠯᠢ ᠬᠤᠭᠤᠴᠠᠭᠠᠨ ᠤ | ᠲᠤᠭ᠎ᠠ ᠬᠢᠭᠡᠳ ᠲᠣᠰ ᠬᠤᠭᠤᠴᠠᠭᠠᠨ ᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠡᠪᠴᠢᠶ᠎ᠡ ᠨᠢ ᠠᠯᠢ ᠴᠢᠳᠠᠬᠤ ᠪᠠᠷ | ᠨᠢᠭᠡᠳᠦᠯᠲᠡᠶ ᠪᠣᠯᠵᠣ᠂ ᠳᠡᠭᠡᠷ᠎ᠡ ᠵᠢᠯ ᠤᠨ ᠨᠡᠶᠢᠲᠡᠯᠡᠭᠰᠡᠨ ᠲᠤᠭ᠎ᠠ ᠪᠠᠷᠢᠮᠲᠠ ᠯᠤᠭ᠎ᠠ ᠬᠡᠯᠡᠯᠭᠡ ᠶᠢᠨ ᠵᠥᠷᠢᠶ᠎ᠡ ᠣᠷᠣᠰᠢᠵᠤ | ᠪᠠᠶᠢᠨ᠎ᠠ᠃ ᠡᠭᠦᠨ ᠤ ᠭᠤᠣᠯ ᠰᠢᠯᠲᠠᠭᠠᠨ ᠨᠢ᠄ ᠨᠢᠭᠡ ᠳᠤ ᠲᠤᠭ᠎ᠠ ᠪᠦᠷᠢᠳᠬᠡᠯ ᠤᠨ ᠨᠢᠭᠡᠴᠡ ᠶᠢᠨ ᠬᠡᠪᠴᠢᠶᠡᠨ ᠳᠤ | ᠬᠤᠪᠢᠷᠠᠯᠲᠠ ᠭᠠᠷᠤᠭᠰᠠᠨ᠃ ᠵᠢᠯ ᠪᠦᠷᠢ ᠵᠠᠷᠢᠮ ᠠᠵᠤ ᠠᠬᠤᠶᠢᠯᠠᠯ ᠨᠢ ᠬᠡᠪᠴᠢᠶ᠎ᠡ ᠳᠤ ᠬᠦᠷᠴᠦ ᠪᠠᠶᠢᠴᠠᠭᠠᠯᠲᠠ ᠬᠢᠬᠦ | ᠬᠡᠪᠴᠢᠶᠡᠨ ᠳᠤ ᠣᠷᠣᠳᠠᠭ᠂ ᠪᠠᠰᠠ ᠵᠠᠷᠢᠮ ᠠᠵᠤ ᠠᠬᠤᠶᠢᠯᠠᠯ ᠨᠢ ᠬᠡᠪᠴᠢᠶ᠎ᠡ ᠪᠠᠨ ᠪᠠᠭ᠎ᠠ ᠪᠣᠯᠭᠠᠭᠰᠠᠨ ᠠᠴᠠ ᠪᠣᠯᠵᠣ | ᠪᠠᠶᠢᠴᠠᠭᠠᠯᠲᠠ ᠬᠢᠬᠦ ᠬᠡᠪᠴᠢᠶ᠎ᠡ ᠠᠴᠠ ᠤᠬᠤᠷᠢᠨ ᠭᠠᠷᠳᠠᠭ᠂ ᠪᠠᠰᠠ ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ | ᠣᠷᠣᠭᠤᠯᠤᠭᠰᠠᠨ ᠠᠵᠤ ᠠᠬᠤᠶᠢᠯᠠᠯ᠂ ᠳᠠᠮᠫᠤᠷᠠᠬᠤ᠂ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠵᠡᠷᠭᠡ ᠨᠥᠯᠥᠭᠡ ᠲᠠᠢ | ᠪᠠᠶᠢᠳᠠᠭ᠃ ᠬᠤᠶᠠᠷ ᠲᠤ ᠬᠡᠰᠡᠭ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠦᠢᠯᠡᠳᠬᠦᠨ ᠤ ᠭᠠᠷᠤᠯᠲᠠ ᠶᠢᠨ ᠲᠤᠭ᠎ᠠ | ᠪᠠᠷᠢᠮᠲᠠ ᠳᠤ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠶ ᠵᠦᠢᠯ ᠤᠨ | ᠪᠠᠶᠢᠴᠠᠭᠠᠯᠲᠠ ᠶᠢ ᠦᠨᠳᠦᠰᠦᠯᠡᠨ ᠠᠵᠤ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠭᠠᠵᠠᠷ ᠣᠷᠣᠨ ᠠᠯᠤᠰᠯᠠᠨ | ᠳᠠᠪᠬᠤᠷᠳᠠᠭᠤᠯᠤᠨ ᠦᠢᠯᠡᠳᠪᠦᠷᠢᠯᠡᠬᠦ ᠬᠡᠮᠵᠢᠶ᠎ᠡ ᠳᠤ ᠰᠢᠭᠰᠢᠯᠲᠡ ᠬᠢᠪᠡ᠃ | ︵3︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠶ︶᠄ | ᠬᠤᠲᠠ ᠪᠠᠯᠭᠠᠰᠤ ᠪᠠ ᠬᠥᠳᠡᠭᠡ ᠲᠣᠰᠬᠤᠨ ᠤ ᠡᠯ᠎ᠡ ᠵᠦᠢᠯ ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠶᠢᠨ ᠠᠵᠤ | ᠠᠬᠤᠶᠢᠯᠠᠯ᠂ ᠠᠵᠢᠯ ᠦᠢᠯᠡᠰ᠂ ᠵᠠᠰᠠᠭ ᠵᠠᠬᠢᠷᠭᠠᠨ ᠤ ᠨᠢᠭᠡᠴᠡ ᠵᠢᠴᠢ ᠬᠤᠲᠠ ᠪᠠᠯᠭᠠᠰᠤ ᠶᠢᠨ ᠬᠤᠪᠢ ᠶᠢᠨ ᠡᠷᠦᠬᠡ ᠠᠴᠠ | ᠶᠠᠪᠤᠭᠳᠠᠭᠤᠯᠬᠤ ᠪᠠᠷ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠵᠢᠴᠢ 500 | ᠲᠦᠮᠡᠨ ᠲᠥᠭᠦᠷᠢᠭ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢ ᠵᠢᠭᠠᠵᠤ ᠪᠤᠶ᠂ ᠡᠭᠦᠨ ᠳᠤ ᠤᠤᠯ ᠤᠨ | ᠬᠡᠪᠰᠢᠭᠰᠡᠨ ᠬᠤᠲᠠ ᠪᠠᠯᠭᠠᠰᠤ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠷ᠎ᠡ ᠬᠥᠳᠡᠭᠡ ᠲᠣᠰᠬᠤᠨ ᠤ | ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ | ᠪᠠᠭᠲᠠᠭᠠᠨ᠎ᠠ᠃ | ︵4︶ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠠᠯᠠᠪᠠᠢ᠄ ᠮᠡᠳᠡᠭᠦᠯᠦᠯᠲᠡ ᠶᠢᠨ ᠬᠤᠭᠤᠴᠠᠭᠠᠨ ᠳᠤ | ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠭᠰᠠᠨ ᠭᠡᠷ᠎ᠡ ᠶᠢᠨ ᠶᠡᠷᠦᠩᠬᠡᠢ ᠲᠠᠯᠠᠪᠠᠢ ︵ᠲᠤᠬᠠᠶᠢᠯᠠᠪᠠᠯ | ᠬᠤᠶᠠᠷ ᠡᠲᠡᠭᠡᠳ ᠤᠨ ᠭᠠᠷ ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭᠠᠯᠠᠬᠤ ᠭᠡᠷ᠎ᠡ ᠳᠤ ᠨᠤᠲᠠᠯᠠᠨ ᠲᠣᠭᠲᠠᠭᠠᠭᠰᠠᠨ | ᠪᠠᠷᠢᠯᠭ᠎ᠠ ᠶᠢᠨ ᠲᠠᠯᠠᠪᠠᠢ︶ ᠶᠢ ᠵᠢᠭᠠᠵᠤ ᠪᠠᠶᠢᠨ᠎ᠠ᠃ ᠲᠣᠰ ᠭᠦᠢᠴᠡᠳᠭᠡᠯ ᠲᠤᠭ᠎ᠠ ᠨᠢ ᠬᠤᠷᠠᠮᠳᠤᠯ ᠲᠤᠭ᠎ᠠ ᠪᠠᠷᠢᠮᠲᠠ᠃ | ᠪᠦᠷᠢᠳᠬᠡᠬᠦ ᠬᠡᠪᠴᠢᠶ᠎ᠡ᠄ ᠨᠡᠭᠡᠭᠡᠨ ᠡᠵᠡᠩᠨᠡᠬᠦ ᠠᠵᠢᠯᠯᠠᠭ᠎ᠠ ᠲᠠᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠡᠵᠡᠩᠨᠡᠬᠦ ᠪᠥᠬᠦ ᠬᠠᠤᠯᠢ ᠶᠢᠨ ᠡᠷᠬᠡᠲᠡᠨ ᠤ ᠨᠢᠭᠡᠴᠡ᠃ | ᠪᠠᠶᠢᠴᠠᠭᠠᠬᠤ ᠠᠷᠭ᠎ᠠ ᠮᠠᠶ᠋ᠢᠭ᠄ ᠰᠠᠷ᠎ᠠ ᠰᠠᠷ᠎ᠠ ︵1 ᠳ᠋ᠤᠭᠡᠷ ᠰᠠᠷ᠎ᠠ ᠠᠴᠠ ᠭᠠᠳᠠᠨ᠎ᠠ︶ ᠪᠠᠷ ᠪᠦᠬᠦ ᠲᠠᠯ᠎ᠠ ᠶᠢᠨ | ᠪᠠᠶᠢᠴᠠᠭᠠᠯᠲᠠ ᠬᠢᠨ᠎ᠡ᠃ | ︵5︶ ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠲᠤᠭ᠎ᠠ᠄ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ | ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠲᠣᠰ ᠵᠢᠯ ᠳᠤ ᠲᠠᠸᠠᠷ ᠤᠨ ᠭᠡᠷ ᠪᠠᠶᠢᠰᠢᠩ ᠢ ᠬᠤᠳᠠᠯᠳᠤᠬᠤ ᠭᠡᠷ᠎ᠡ ᠶᠢᠨ ᠪᠦᠭᠦ | ᠦᠨ᠎ᠡ ᠶᠢᠨ ᠵᠣᠭᠤᠰ ︵ᠲᠤᠬᠠᠶᠢᠯᠠᠪᠠᠯ ᠬᠤᠶᠠᠷ ᠲᠠᠯ᠎ᠠ ᠪᠠᠷ ᠢᠶᠠᠨ ᠭᠠᠷ ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭᠠᠯᠠᠬᠤ | ᠭᠡᠷ᠎ᠡ ᠳᠤ ᠲᠣᠭᠲᠠᠭᠠᠭᠰᠠᠨ ᠭᠡᠷ᠎ᠡ ᠶᠢᠨ ᠪᠦᠭᠦ ᠦᠨ᠎ᠡ ᠶᠢ ᠵᠢᠭᠠᠵᠤ ᠪᠠᠶᠢᠨ᠎ᠠ︶᠃ ᠲᠣᠰ ᠭᠦᠢᠴᠡᠳᠭᠡᠯ ᠲᠤᠭ᠎ᠠ ᠨᠢ ᠲᠠᠸᠠᠷ ᠤᠨ | ᠭᠡᠷ ᠪᠠᠶᠢᠰᠢᠩ ᠤᠨ ᠪᠣᠷᠣᠯᠠᠭᠤᠯᠬᠤ ᠲᠠᠯᠠᠪᠠᠢ ᠲᠠᠢ ᠠᠳᠠᠯᠢ᠃ | ︵6︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠄ ᠠᠵᠤ ᠠᠬᠤᠶᠢᠯᠠᠯ ︵ | ᠨᠢᠭᠡᠴᠡ᠂ ᠬᠤᠪᠢ ᠶᠢᠨ ᠡᠷᠦᠬᠡ︶ ᠨᠢ ᠠᠷᠠᠯᠵᠢᠶᠠᠯᠠᠬᠤ ᠪᠠᠷ ᠳᠠᠮᠵᠢᠭᠤᠯᠤᠨ ᠬᠤᠪᠢ ᠬᠥᠮᠦᠨ᠂ ᠨᠡᠶᠢᠭᠡᠮ ᠤᠨ ᠪᠦᠯᠦᠭᠯᠡᠯ ᠤᠨ | ᠦᠢᠯᠡᠳᠪᠦᠷᠢᠯᠡᠯ ᠤᠨ ᠪᠤᠰᠤ᠂ ᠡᠵᠡᠩᠨᠡᠯᠲᠡ ᠶᠢᠨ ᠪᠤᠰᠤ ᠬᠡᠷᠡᠭᠯᠡᠭᠡᠨ ᠤ ᠪᠣᠳᠠᠲᠤ ᠲᠠᠸᠠᠷ ᠤᠨ ᠵᠣᠭᠤᠰ ᠤᠨ ᠲᠤᠭ᠎ᠠ ᠵᠢᠴᠢ | ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠠᠳ ᠣᠯᠤᠭᠰᠠᠨ ᠣᠷᠣᠯᠭ᠎ᠠ ᠶᠢᠨ ᠵᠣᠭᠤᠰ ᠤᠨ ᠲᠤᠭ᠎ᠠ ᠶᠢ ᠵᠢᠭᠠᠵᠤ ᠪᠣᠶ᠃ | ᠬᠤᠪᠢ ᠬᠥᠮᠦᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠪᠠ ᠬᠢᠯᠢ ᠳᠤ ᠣᠷᠣᠵᠤ ᠢᠷᠡᠭᠰᠡᠨ ᠬᠥᠮᠦᠰ ᠪᠠᠭᠲᠠᠨ᠎ᠠ᠂ | ᠨᠡᠶᠢᠭᠡᠮ ᠤᠨ ᠪᠦᠯᠦᠭᠯᠡᠯ ᠳᠤ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠴᠡᠷᠢᠭ ᠠᠩᠭᠢ᠂ ᠰᠤᠷᠭᠠᠭᠤᠯᠢ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ᠂ ᠰᠠᠭᠤᠭᠠᠯᠢ ᠠᠷᠠᠳ ᠤᠨ ᠵᠥᠪᠯᠡᠯ ᠪᠤᠶᠤ ᠭᠠᠴᠠᠭᠠᠨ ᠤ ᠠᠷᠠᠳ ᠤᠨ ᠵᠥᠪᠯᠡᠯ ᠵᠡᠷᠭᠡ | ᠪᠠᠭᠲᠠᠨ᠎ᠠ᠃ | ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠪᠦᠷᠢᠳᠬᠡᠬᠦ ᠬᠡᠪᠴᠢᠶ᠎ᠡ ᠪᠣᠯ᠄ | ᠲᠠᠸᠠᠷ ᠤᠨ ᠵᠢᠵᠢᠭᠯᠡᠨ ᠬᠤᠳᠠᠯᠳᠤᠬᠤ ᠠᠵᠢᠯᠯᠠᠭ᠎ᠠ ᠬᠢᠵᠦ ᠪᠠᠶᠢᠭ᠎ᠠ ᠪᠤᠶᠤ ᠬᠤᠭᠤᠯᠠ ᠤᠮᠳᠠᠭᠠᠨ ᠤ ᠦᠢᠯᠡᠴᠢᠯᠡᠭᠡᠨ ᠬᠠᠩᠭᠠᠵᠤ | ᠪᠠᠶᠢᠭ᠎ᠠ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠪᠣᠯᠤᠨ ᠬᠤᠪᠢ ᠶᠢᠨ | ᠡᠷᠦᠬᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠭᠡᠳᠡᠭ ᠨᠢ ᠣᠨ ᠤ ᠭᠤᠣᠯ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠪᠥᠭᠡᠮ ᠢᠶᠠᠷ | ᠬᠤᠳᠠᠯᠳᠤᠬᠤ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶᠂ 500 ᠲᠦᠮᠡᠨ ᠲᠥᠭᠦᠷᠢᠭ ᠵᠢᠴᠢ ᠲᠡᠭᠦᠨ ᠠᠴᠠ | ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ︵ᠨᠢᠭᠡᠴᠡ᠂ ᠬᠤᠪᠢ ᠶᠢᠨ ᠡᠷᠦᠬᠡ︶᠂ 200 ᠲᠦᠮᠡᠨ ᠲᠥᠭᠦᠷᠢᠭ | ᠵᠢᠴᠢ ᠲᠡᠭᠦᠨ ᠠᠴᠠ ᠳᠡᠭᠡᠭᠰᠢᠬᠢ ᠬᠤᠨᠤᠭ ᠪᠠ ᠬᠤᠭᠤᠯᠠ ᠤᠮᠳᠠᠭᠠᠨ ᠤ ᠠᠵᠤ ᠠᠬᠤᠶᠢᠯᠠᠯ ︵ᠨᠢᠭᠡᠴᠡ᠂ ᠬᠤᠪᠢ ᠶᠢᠨ | ᠡᠷᠦᠬᠡ︶ ᠢ ᠵᠢᠭᠠᠵᠤ ᠪᠤᠶ᠃ | ︵7︶ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭᠠᠯᠢ ᠠᠷᠠᠳ ᠤᠨ ᠡᠵᠡᠮᠳᠡᠵᠦ ᠪᠣᠯᠬᠤ | ᠣᠷᠣᠯᠭ᠎ᠠ ᠭᠡᠳᠡᠭ ᠨᠢ ᠰᠠᠭᠤᠭᠠᠯᠢ ᠠᠷᠠᠳ ᠤᠨ ᠬᠠᠮᠤᠭ ᠡᠴᠦᠰ ᠤᠨ ᠬᠡᠷᠡᠭᠯᠡᠭᠡᠨ ᠤ ᠵᠠᠷᠤᠯᠭ᠎ᠠ ᠪᠠ ᠬᠠᠳᠠᠭᠠᠯᠠᠮᠵᠢ ᠶᠢᠨ | ᠨᠡᠶᠢᠯᠡᠪᠦᠷᠢ ᠶᠢ ᠵᠢᠭᠠᠵᠤ ᠪᠠᠶᠢᠨ᠎ᠠ᠂ ᠲᠤᠬᠠᠶᠢᠯᠠᠪᠠᠯ ᠰᠠᠭᠤᠭᠠᠯᠢ ᠠᠷᠠᠳ ᠤᠨ ᠴᠢᠯᠥᠭᠡᠲᠡᠢ ᠪᠠᠷ ᠡᠵᠡᠮᠳᠡᠵᠦ ᠪᠣᠯᠬᠤ ᠣᠷᠣᠯᠭ᠎ᠠ | ᠪᠣᠯᠤᠨ᠎ᠠ᠂ ᠡᠭᠦᠨ ᠳᠤ ᠪᠡᠯᠡᠨ ᠵᠣᠭᠤᠰ ᠤᠨ ᠣᠷᠣᠯᠭ᠎ᠠ ᠪᠠᠭᠲᠠᠬᠤ ᠮᠥᠷᠲᠡᠭᠡᠨ ᠪᠣᠳᠠᠲᠤ ᠪᠣᠳᠠᠰ ᠤᠨ ᠣᠷᠣᠯᠭ᠎ᠠ ᠴᠤ | ᠪᠠᠭᠲᠠᠨ᠎ᠠ᠃ ᠣᠷᠣᠯᠭ᠎ᠠ ᠶᠢᠨ ᠢᠷᠡᠯᠲᠡ ᠶᠣᠰᠣᠭᠠᠷ᠂ ᠡᠵᠡᠮᠳᠡᠵᠦ ᠪᠣᠯᠬᠤ ᠣᠷᠣᠯᠭ᠎ᠠ ᠳᠤ ᠴᠠᠯᠢᠩ ᠤᠨ ᠴᠢᠨᠠᠷᠲᠠᠶ ᠣᠷᠣᠯᠭ᠎ᠠ᠂ | ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ | ᠪᠠᠭᠲᠠᠨ᠎ᠠ᠃ | ︵8︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ ︵ | Consumerpriceindex᠂ ᠳᠥᠭᠦᠮᠴᠢᠯᠡᠭᠡᠳ CPI ᠭᠡᠳᠡᠭ︶᠄ ᠰᠠᠭᠤᠭᠠᠯᠢ ᠠᠷᠠᠳ ᠤᠨ ᠠᠮᠢᠳᠤᠷᠠᠯ ᠤᠨ | ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠢᠷᠢ ᠬᠡᠮᠵᠢᠶ᠎ᠡ ᠶᠢᠨ ᠴᠠᠭ ᠤᠨ ᠬᠤᠪᠢᠷᠠᠯᠲᠠ ᠶᠢ | ᠳᠠᠭᠠᠯᠳᠤᠨ ᠬᠤᠪᠢᠷᠠᠬᠤ ᠬᠠᠷᠢᠴᠠᠩᠭᠤᠶ ᠲᠤᠭ᠎ᠠ ᠶᠢ ᠬᠡᠮᠵᠢᠵᠦ᠂ ᠰᠠᠭᠤᠭᠠᠯᠢ ᠠᠷᠠᠳ ᠤᠨ ᠬᠤᠳᠠᠯᠳᠤᠨ ᠠᠪᠤᠭᠰᠠᠨ | ᠠᠮᠢᠳᠤᠷᠠᠯ ᠤᠨ ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ | ᠶᠡᠷᠦᠩᠬᠡᠶᠢᠯᠡᠨ ᠲᠤᠰᠬᠠᠨ᠎ᠠ᠃ | ︵9︶ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠡ ᠶᠢᠨ ᠢᠯᠡᠳᠬᠡᠭᠴᠢ ᠲᠤᠭ᠎ᠠ᠄ ᠠᠵᠤ | ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ ᠲᠤᠭ᠎ᠠ ︵ | Producerpriceindexforlndustrial Products᠂ ᠳᠥᠭᠦᠮᠴᠢᠯᠡᠭᠡᠳ PPI ᠭᠡᠳᠡᠭ︶ ᠪᠣᠯᠤᠨ ᠠᠵᠤ | ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ ᠲᠤᠭ᠎ᠠ ᠶᠢ ᠪᠠᠭᠲᠠᠭᠠᠨ᠎ᠠ᠃ | ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ | ᠲᠤᠭ᠎ᠠ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠢ ᠠᠩᠬ᠎ᠠ ᠤᠳᠠᠭ᠎ᠠ ᠬᠤᠳᠠᠯᠳᠤᠬᠤ ᠦᠶ᠎ᠡ ᠶᠢᠨ | ᠦᠢᠯᠡᠳᠪᠦᠷᠢ ᠠᠴᠠ ᠭᠠᠷᠭᠠᠬᠤ ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠳᠠᠭ᠃ | ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ ᠲᠤᠭ᠎ᠠ ᠨᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠵᠠᠪᠰᠠᠷ ᠤᠨ ᠣᠷᠣᠭᠤᠯᠤᠯᠲᠠ ᠪᠣᠯᠬᠤ ᠦᠢᠯᠡᠳᠬᠦᠨ ᠤ ᠬᠤᠳᠠᠯᠳᠤᠨ ᠠᠪᠬᠤ | ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠳᠠᠭ᠃ | ︵10︶ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ᠂ ᠦᠨᠢᠶᠡᠨ ᠰᠦ ᠶᠢᠨ ᠭᠠᠷᠤᠯᠲᠠ᠂ ᠭᠠᠭ᠋ᠠᠶ | ᠦᠬᠡᠷ ᠬᠤᠨᠢ ᠵᠢᠭᠦᠷᠲᠡᠨ ᠤ ᠪᠠᠶᠢᠭ᠎ᠠ ᠲᠤᠭ᠎ᠠ᠂ ᠦᠨ᠎ᠡ ᠬᠠᠩᠰᠢ ᠶᠢᠨ ᠵᠢᠭᠠᠯᠲᠠ ᠲᠤᠭ᠎ᠠ᠂ ᠰᠠᠭᠤᠭᠠᠯᠢ ᠠᠷᠠᠳ ᠤᠨ | ᠣᠷᠣᠯᠭ᠎ᠠ ᠶᠢᠨ ᠲᠤᠭ᠎ᠠ ᠪᠠᠷᠢᠮᠲᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ | ᠪᠠᠶᠢᠴᠠᠭᠠᠯᠲᠠ ᠶᠢᠨ ᠶᠡᠷᠦᠩᠬᠡᠶ ᠠᠩᠭᠢ ᠠᠴᠠ ᠢᠷᠡᠯᠲᠡ ᠲᠠᠢ᠃ | ︵11︶ ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠦᠭᠰᠡᠨ ᠰᠢᠯᠲᠠᠭᠠᠨ ᠠᠴᠠ ᠪᠣᠯᠵᠣ᠂ | ᠶᠡᠷᠦᠩᠬᠡᠶ ᠲᠤᠭ᠎ᠠ ᠨᠢ ᠬᠤᠪᠢᠶᠠᠷᠢ ᠵᠦᠢᠯ ᠲᠠᠢ ᠨᠡᠶᠢᠯᠡᠭᠡᠳ ᠠᠳᠠᠯᠢ ᠥᠬᠡᠶ ᠪᠠᠶᠢᠳᠠᠯ ᠣᠷᠣᠰᠢᠵᠤ ᠪᠠᠶᠢᠨ᠎ᠠ᠃ |