4 ᠳ᠋ᠤᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠨᠢᠭᠡᠳᠦᠭᠡᠷ ᠤᠯᠠᠷᠢᠯ ᠤᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ | ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠸᠠᠩ ᠴᠤᠸᠠᠨ ᠵᠢᠩ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | | ᠲᠥᠪ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ᠃ ᠡᠨᠡ ᠵᠢᠯ ᠤᠨ ᠪᠦᠬᠦ | ᠣᠷᠣᠨ ᠤ ᠠᠵᠤ ᠠᠬᠤᠶ ᠶᠢᠨ ᠡᠬᠢᠯᠡᠯᠲᠡ ᠶᠢ ᠲᠠ ᠬᠡᠷᠬᠢᠨ ᠦᠨᠡᠯᠡᠬᠦ ᠪᠤᠶ︖ ᠨᠢᠭᠡᠳᠦᠭᠡᠷ ᠤᠯᠠᠷᠢᠯ ᠤᠨ ᠲᠤᠭ᠎ᠠ | ᠪᠠᠷᠢᠮᠲᠠ ᠠᠴᠠ ᠦᠵᠡᠪᠡᠯ ᠠᠵᠤ ᠠᠬᠤᠶ ᠶᠢᠨ ᠠᠵᠢᠯᠯᠠᠭᠠᠨ ᠳᠤ ᠶᠠᠮᠠᠷ ᠶᠠᠮᠠᠷ ᠬᠢᠯᠠᠰ ᠴᠡᠭ ᠪᠠ ᠢᠳᠡᠪᠬᠢᠲᠡᠶ ᠬᠤᠪᠢᠷᠠᠯᠲᠠ | ᠭᠠᠷᠤᠭᠰᠠᠨ ᠪᠣᠶ︖ ᠪᠠᠶᠠᠷᠯᠠᠯ᠎ᠠ᠃ | | | | ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠢᠶᠠᠨ | ᠬᠥᠭᠵᠢᠯᠲᠡ ᠶᠢᠨ ᠬᠠᠷᠠᠯᠲᠠ ᠪᠠᠨ ᠲᠣᠭᠲᠠᠭᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠨᠡᠮᠡᠭᠳᠡᠯ ᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠦᠢᠯᠡᠳᠪᠦᠷᠢᠯᠡᠯ ᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠵᠦ᠂ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠦᠷᠦ ᠶᠢᠨ ᠪᠤᠳᠤᠯᠭ᠎ᠠ ᠶᠢᠨ | ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠪᠠ᠃ ᠰᠠᠶ᠋ᠢᠬᠠᠨ ᠨᠡᠶᠢᠲᠡᠯᠡᠭᠰᠡᠨ | ᠨᠢᠭᠡᠳᠦᠭᠡᠷ ᠤᠯᠠᠷᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠠᠴᠠ ᠦᠵᠡᠪᠡᠯ᠂ ᠪᠥᠬᠦ ᠣᠷᠣᠨ ᠤ ᠠᠵᠤ | ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠳᠡᠭᠡᠭᠰᠢᠯᠡᠵᠦ᠂ ᠰᠠᠶᠢᠨ ᠡᠬᠢᠯᠡᠯᠲᠡ ᠲᠠᠢ ᠪᠠᠶᠢᠨ᠎ᠠ᠃ ᠪᠣᠳᠠᠲᠠᠢ ᠪᠠᠷ | ᠳᠣᠣᠷᠠᠬᠢ ᠬᠡᠳᠦᠨ ᠲᠠᠯ᠎ᠠ ᠠᠴᠠ ᠬᠤᠷᠢᠶᠠᠩᠭᠤᠶᠢᠯᠠᠵᠤ ᠪᠣᠯᠤᠨ᠎ᠠ᠄ | ᠨᠢᠭᠡ ᠳᠤ᠂ ᠠᠵᠤ ᠦᠢᠯᠡᠰ ᠤᠨ ᠲᠣᠭᠲᠠᠭᠤᠨ ᠨᠡᠮᠡᠭᠳᠡᠯ ᠨᠢ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠪᠡ᠃ ᠭᠤᠷᠪᠠᠨ ᠠᠵᠤ ᠦᠢᠯᠡᠰ ᠢ ᠵᠣᠬᠢᠴᠠᠭᠤᠯᠤᠨ ᠬᠥᠭᠵᠢᠭᠦᠯᠬᠦ ᠪᠣᠯ ᠠᠵᠤ ᠠᠬᠤᠢ ᠶᠢᠨ ᠶᠡᠭᠡ ᠲᠠᠯ᠎ᠠ ᠶᠢ | ᠪᠠᠬᠢᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠪᠠᠲᠤ ᠪᠠᠬᠢ ᠰᠠᠭᠤᠷᠢ ᠮᠥᠨ᠃ ᠨᠢᠭᠡᠳᠦᠭᠡᠷ ᠤᠯᠠᠷᠢᠯ | ᠳᠤ᠂ ᠪᠥᠬᠦ ᠣᠷᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 5.9% ᠪᠠᠷ ᠨᠡᠯᠢᠶᠡᠳ ᠲᠦᠷᠭᠡᠨ | ᠨᠡᠮᠡᠭᠳᠡᠪᠡ᠃ ᠭᠤᠷᠪᠠᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.2%᠂ | 8.1% ᠪᠠ 4.1% ᠪᠠᠷ ᠨᠡᠮᠡᠭᠳᠡᠪᠡ᠃ ᠡᠯ᠎ᠡ ᠬᠦᠷᠢᠶ᠎ᠡ ᠴᠠᠷᠠᠭ᠎ᠠ ᠠᠴᠠ ᠦᠵᠡᠪᠡᠯ᠂ ᠲᠠᠷᠢᠶᠠᠯᠠᠩ ᠮᠠᠯ ᠠᠵᠤ ᠠᠬᠤᠶ ᠶᠢᠨ | ᠲᠠᠯ᠎ᠠ ᠪᠠᠷ᠂ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 8.0% ᠤᠨ ᠨᠡᠯᠢᠶᠡᠳ ᠲᠦᠷᠭᠡᠨ ᠨᠡᠮᠡᠭᠳᠡᠯ ᠤᠨ | ᠬᠤᠷᠳᠤᠴᠠ ᠶᠢ ᠪᠡᠶᠡᠯᠡᠭᠦᠯᠵᠦ᠂ ᠦᠨᠢᠶᠡᠨ ᠰᠦ ᠶᠢᠨ ᠭᠠᠷᠤᠯᠲᠠ 154.7 ᠲᠦᠮᠡᠨ ᠲᠣᠨ ᠳᠤ ᠬᠥᠷᠪᠡ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ | ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠳᠠᠶᠢᠴᠢᠯᠠᠯᠲᠠ ᠳᠤᠤᠷ᠎ᠠ᠂ ᠪᠥᠬᠦ ᠣᠷᠣᠨ ᠤ ᠨᠢᠭᠡᠳᠦᠭᠡᠷ ᠠᠵᠤ | ᠦᠢᠯᠡᠰ ᠤᠨ ᠪᠠᠯᠠ ᠣᠷᠣᠭᠤᠯᠤᠯᠲᠠ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 76.4% ᠪᠠᠷ | ᠨᠡᠮᠡᠭᠳᠡᠪᠡ᠃ ᠠᠵᠤ ᠦᠢᠯᠡᠳᠪᠦᠷᠢ ᠶᠢᠨ ᠲᠠᠯ᠎ᠠ ᠪᠠᠷ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 2023 ᠣᠨ ᠤ ᠡᠬᠢᠨ ᠠᠴᠠ ᠨᠠᠭᠠᠰᠢ ᠢᠮᠠᠭᠲᠠ 6.8% 7.7% ᠶᠢᠨ ᠨᠡᠯᠢᠶᠡᠳ | ᠲᠦᠷᠭᠡᠨ ᠨᠡᠮᠡᠭᠳᠡᠯ ᠤᠨ ᠣᠷᠣᠨ ᠵᠠᠶ ᠳᠤ ᠪᠠᠶᠢᠵᠤ᠂ ᠢᠯᠠᠩᠭᠤᠶ᠎ᠠ ᠦᠢᠯᠡᠳᠬᠦ ᠦᠢᠯᠡᠰ ᠨᠢᠳᠤᠨᠤᠨ ᠤ 4 ᠰᠠᠷ᠎ᠠ ᠠᠴᠠ | ᠨᠠᠭᠠᠰᠢᠬᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠵᠦ᠂ ᠬᠥᠭᠵᠢᠯᠲᠡ ᠶᠢᠨ ᠬᠥᠳᠡᠯᠭᠡᠬᠦ | ᠬᠦᠴᠦᠨ ᠭᠦᠢᠴᠡᠳ ᠪᠣᠯᠪᠠ︔ ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠂ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠢᠭᠡᠴᠡ 1847 ᠪᠠᠶᠢᠵᠤ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 166 ᠨᠡᠮᠡᠭᠳᠡᠪᠡ᠃ ᠡᠳᠡᠭᠡᠷ ᠲᠤᠭ᠎ᠠ ᠪᠠᠷᠢᠮᠲᠠ ᠨᠢ ᠪᠦᠬᠦ ᠣᠷᠣᠨ ᠤ | ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ | ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠳᠤ ᠣᠯᠤᠭᠰᠠᠨ ᠦᠷ᠎ᠡ | ᠪᠦᠲᠦᠮᠵᠢ ᠶᠢ ᠭᠦᠢᠴᠡᠳ ᠬᠠᠷᠠᠭᠤᠯᠵᠠᠢ᠃ | ᠬᠤᠶᠠᠷ ᠲᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠠᠵᠤ ᠠᠬᠤᠢ ᠶᠢᠨ ᠬᠥᠭᠵᠢᠯᠲᠡ ᠶᠢᠨ | ᠬᠥᠳᠡᠯᠭᠡᠬᠦ ᠬᠦᠴᠦᠨ ᠢ ᠴᠢᠩᠭᠠᠳᠬᠠᠪᠠ᠃ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ | ᠠᠬᠤᠢ ᠶᠢᠨ ᠡᠷᠭᠢᠯᠲᠡ ᠶᠢ ᠲᠣᠭᠲᠠᠪᠤᠷᠢᠵᠢᠭᠤᠯᠬᠤ ᠶᠢᠨ ᠵᠠᠩᠭᠢᠯᠠᠭ᠎ᠠ ᠮᠥᠨ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ | ᠴᠢᠬᠤᠯᠠ ᠶᠡᠭᠡ ᠲᠦᠷᠦᠯ ᠵᠦᠢᠯ ᠤᠨ ᠪᠡᠶᠡᠯᠡᠭᠦᠯᠦᠭᠰᠡᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32. | 7% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 94.3% ᠪᠣᠯᠵᠣ᠂ ᠪᠥᠬᠦ ᠪᠠᠯᠠ | ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 97.1% ᠳᠤ ᠬᠦᠷᠴᠡᠶ᠃ | ᠥᠨᠥᠳᠦᠷ ᠤᠨ ᠲᠥᠰᠦᠯ ᠪᠣᠯ ᠮᠠᠷᠭᠠᠰᠢ ᠶᠢᠨ ᠭᠠᠷᠭᠠᠯᠲᠠ᠂ ᠥᠨᠥᠳᠦᠷ ᠤᠨ ᠪᠡᠯᠡ ᠣᠷᠣᠭᠤᠯᠤᠯᠲᠠ ᠶᠢᠨ ᠪᠦᠲᠦᠴᠡ ᠪᠣᠯ | ᠮᠠᠷᠭᠠᠰᠢ ᠶᠢᠨ ᠠᠵᠤ ᠦᠢᠯᠡᠰ ᠤᠨ ᠪᠦᠲᠦᠴᠡ᠃ ᠣᠶᠢᠷ᠎ᠠ ᠶᠢᠨ ᠬᠡᠳᠦᠨ ᠵᠢᠯ ᠳᠤ᠂ ᠪᠥᠬᠦ ᠣᠷᠣᠨ ᠤ ᠴᠢᠬᠤᠯᠠ ᠶᠡᠭᠡ | ᠲᠥᠷᠥᠯ ᠵᠦᠢᠯ ᠨᠢ ᠭᠤᠤᠯᠳᠠᠭᠤ ᠦᠢᠯᠡᠳᠬᠦ ᠦᠢᠯᠡᠰ ᠤᠨ ᠬᠦᠷᠢᠶᠡᠨ ᠳᠤ ᠲᠥᠪᠯᠡᠷᠡᠵᠦ᠂ ᠦᠢᠯᠡᠳᠬᠦ ᠦᠢᠯᠡᠰ ᠤᠨ ᠪᠠᠯᠠ | ᠣᠷᠣᠭᠤᠯᠤᠯᠲᠠ ᠨᠢ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ | ᠪᠥᠭᠡᠳ ᠪᠠᠰᠠ ᠪᠥᠬᠦ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ︽ᠡᠬᠢ | ᠪᠤᠯᠠᠭ︾ ᠢ ᠨᠡᠮᠡᠷᠢᠯᠡᠭᠰᠡᠨ ᠪᠠᠶᠢᠨ᠎ᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠦᠢᠯᠡᠳᠬᠦ ᠦᠢᠯᠡᠰ ᠤᠨ ᠴᠢᠬᠤᠯᠠ ᠶᠡᠭᠡ | ᠲᠥᠷᠥᠯ ᠵᠦᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.4% ᠪᠠᠷ ᠨᠡᠮᠡᠭᠳᠡᠵᠦ᠂ ᠪᠥᠬᠦ ᠪᠠᠯᠠ | ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 40% ᠶᠢ ᠳᠠᠪᠠᠪᠠ᠃ | ᠭᠤᠷᠪᠠ ᠳᠤ᠂ ᠠᠵᠤ ᠦᠢᠯᠡᠰ ᠤᠨ ︽ᠪᠣᠬᠢᠷᠲᠤᠯ ᠦᠬᠡᠢ ᠬᠡᠮᠵᠢᠶ᠎ᠡ︾ ᠪᠠᠷ ᠠᠵᠤ ᠠᠬᠤᠢ ᠶᠢᠨ ᠬᠥᠭᠵᠢᠯᠲᠡ ᠶᠢᠨ ︽ | ᠦᠨ᠎ᠡ ᠦᠷᠳᠡᠭ︾ ᠢ ᠳᠡᠭᠡᠭᠰᠢᠯᠡᠬᠦᠯᠪᠡ᠃ ᠪᠣᠬᠢᠷᠲᠤᠯ ᠦᠭᠡᠢ ᠪᠣᠯ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠦᠩᠭᠡ ᠪᠣᠯᠤᠨ᠎ᠠ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤᠯᠤᠰ ᠤᠨ ᠡᠨᠧᠷᠭᠢ ᠶᠢᠨ ᠠᠮᠤᠷ | ᠲᠦᠪᠰᠢᠨ ᠢ ᠪᠠᠲᠤᠯᠠᠬᠤ ᠬᠦᠨᠳᠦ ᠡᠭᠦᠷᠭᠡ ᠶᠢ ᠡᠭᠦᠷᠭᠡᠯᠡᠬᠦ ᠶᠢᠨ ᠬᠠᠮᠲᠤ᠂ ᠬᠥᠭᠵᠢᠯᠲᠡ ᠶᠢᠨ ᠬᠦᠴᠢᠷ ᠠᠰᠠᠭᠤᠳᠠᠯ ᠢ | ᠲᠠᠰᠤᠷᠠᠯᠲᠠ ᠥᠬᠡᠶ ᠰᠢᠢᠳᠪᠦᠷᠢᠯᠡᠵᠦ᠂ ᠨᠣᠭᠤᠭᠠᠨ ᠡᠨᠧᠷᠭᠢ ᠪᠠᠷ ᠣᠷᠣᠨ ᠢᠶᠠᠨ ᠮᠠᠨᠳᠤᠭᠤᠯᠬᠤ ᠶᠢ ᠴᠢᠷᠮᠠᠶᠢᠨ ᠪᠡᠶᠡᠯᠡᠭᠦᠯᠵᠦ᠂ | ᠪᠣᠬᠢᠷᠲᠤᠯ ᠥᠬᠡᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠨᠢᠭᠡᠳᠦᠭᠡᠷ ᠤᠯᠠᠷᠢᠯ ᠤᠨ ᠲᠤᠭ᠎ᠠ | ᠪᠠᠷᠢᠮᠲᠠ ᠠᠴᠠ ᠦᠵᠡᠪᠡᠯ᠂ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ 1 ᠳ᠋ᠦᠩᠰᠢᠭᠤᠷ ᠺᠢᠯᠤᠸᠠᠲ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 51. | 5% ᠪᠠᠷ ᠨᠡᠮᠡᠭᠳᠡᠵᠦ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 7.4 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠶᠢᠨ ᠲᠦᠷᠭᠡᠨ ᠨᠡᠮᠡᠭᠳᠡᠯ ᠤᠨ ᠳᠠᠶᠢᠴᠢᠯᠠᠯᠲᠠ ᠳᠤᠤᠷ᠎ᠠ᠂ ᠨᠣᠭᠤᠭᠠᠨ ᠴᠠᠬᠢᠯᠭᠠᠨ ᠤ ᠡᠵᠡᠯᠡᠬᠦ | ᠬᠠᠷᠢᠴᠠᠯ ᠲᠣᠭᠲᠠᠭᠤᠨ ᠢᠶᠠᠷ ᠳᠡᠭᠡᠭᠰᠢᠯᠡᠵᠦ᠂ ᠴᠠᠬᠢᠯᠭᠠᠨ ᠬᠦᠴᠦᠨ ᠤ ᠪᠦᠲᠦᠴᠡ ᠦᠷᠭᠦᠯᠵᠢᠯᠡᠨ ᠰᠢᠯᠢᠳᠡᠭᠵᠢᠪᠡ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ | ᠴᠠᠬᠢᠯᠭᠠᠨ ᠭᠠᠷᠭᠠᠭᠰᠠᠨ ᠬᠡᠮᠵᠢᠶ᠎ᠡ 426.5 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠪᠥᠬᠦ ᠴᠠᠬᠢᠯᠭᠠᠨ ᠭᠠᠷᠭᠠᠭᠰᠠᠨ | ᠬᠡᠮᠵᠢᠶ᠎ᠡ ᠶᠢᠨ 21.9% ᠶᠢ ᠡᠵᠡᠯᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 372. | 1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠨᠡᠮᠡᠭᠳᠡᠪᠡ︔ ᠨᠡᠷᠡᠨ ᠤ | ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 49.9 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 12.6% ᠨᠡᠮᠡᠭᠳᠡᠪᠡ᠃ | ᠳᠥᠷᠪᠡ ᠳᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠵᠤ ᠠᠵᠤ ᠠᠬᠤᠶ ᠶᠢᠨ | ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠶᠡᠭᠡ ᠪᠠᠶᠢᠯᠳᠤᠬᠤ ᠪᠤᠳᠤᠯᠭ᠎ᠠ ᠮᠥᠨ᠂ | ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠠᠩᠬᠠᠨ ᠤ ᠰᠢᠳᠠᠷ᠎ᠠ | ᠮᠥᠨ᠃ ᠣᠳᠣᠬᠠᠨ ᠳᠤ᠂ ᠪᠥᠬᠦ ᠣᠷᠣᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠶᠠᠭ ᠲᠣᠰ ᠪᠡᠶ᠎ᠡ ᠶᠢᠨ ᠣᠯᠠᠨ ᠳᠠᠪᠬᠤᠷ ᠳᠠᠪᠠᠭᠤᠯᠢᠭ ᠲᠠᠭᠠᠨ ᠲᠦᠰᠢᠭᠯᠡᠨ᠂ ᠲᠡᠮᠦᠷᠯᠢᠭ᠂ | ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ | ᠲᠦᠷᠭᠡᠳᠬᠡᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠵᠡᠷᠭᠡ ᠢᠷᠡᠭᠡᠳᠦᠶ ᠶᠢᠨ | ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ ᠪᠠᠶᠢᠨ᠎ᠠ᠃ ᠨᠢᠭᠡ ᠲᠠᠯ᠎ᠠ ᠪᠠᠷ᠂ ᠰᠢᠨ᠎ᠡ ᠡᠨᠧᠷᠭᠢ ᠶᠢᠨ ᠠᠵᠤ | ᠦᠢᠯᠡᠰ ᠤᠨ ᠪᠡᠯᠡ ᠣᠷᠣᠭᠤᠯᠤᠯᠲᠠ ᠨᠢ ᠬᠥᠭᠵᠢᠯᠲᠡ ᠶᠢᠨ ︽ᠰᠢᠨ᠎ᠡ ᠬᠥᠳᠡᠯᠭᠡᠬᠦ ᠡᠨᠧᠷᠭᠢ︾ ᠶᠢ ᠪᠤᠢ ᠪᠣᠯᠭᠠᠪᠠ᠃ | ᠣᠶᠢᠷ᠎ᠠ ᠶᠢᠨ ᠵᠢᠯ ᠤᠨ ᠲᠤᠷᠰᠢ᠂ ᠪᠥᠬᠦ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ | ᠨᠡᠯᠢᠶᠡᠳ ᠲᠦᠷᠭᠡᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠭᠰᠠᠭᠠᠷ ᠢᠷᠡᠵᠡᠶ᠃ ᠨᠢᠭᠡᠳᠦᠭᠡᠷ ᠤᠯᠠᠷᠢᠯ ᠳᠤ᠂ ᠰᠢᠨ᠎ᠡ | ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠵᠦ᠂ | ᠪᠥᠬᠦ ᠪᠠᠯᠠ ᠣᠷᠣᠭᠤᠯᠤᠯᠲᠠ ᠶᠢᠨ 27.1% ᠶᠢ ᠡᠵᠡᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 20.9% ᠪᠣᠯᠵᠠᠶ᠃ ᠡᠭᠦᠨ ᠳᠤ᠂ ᠰᠢᠨ᠎ᠡ ᠡᠨᠧᠷᠭᠢ ᠶᠢᠨ ᠴᠠᠬᠢᠯᠭᠠᠨ | ᠬᠦᠴᠦᠨ ᠤ ᠪᠠᠯᠠ ᠣᠷᠣᠭᠤᠯᠤᠯᠲᠠ 27.0% ᠢᠶᠠᠷ ᠨᠡᠮᠡᠭᠳᠡᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ | ᠦᠢᠯᠡᠰ ᠤᠨ ᠪᠠᠯᠠ ᠣᠷᠣᠭᠤᠯᠤᠯᠲᠠ 17.3% ᠪᠠᠷ ᠨᠡᠮᠡᠭᠳᠡᠪᠡ᠃ ᠨᠥᠭᠦᠭᠡ ᠲᠠᠯ᠎ᠠ ᠪᠠᠷ᠂ ᠠᠵᠤ ᠦᠢᠯᠡᠳᠪᠦᠷᠢ ᠶᠢᠨ | ᠰᠢᠨ᠎ᠡ ᠪᠠᠷ ᠬᠥᠭᠵᠢᠭᠰᠡᠨ ᠠᠵᠤ ᠦᠢᠯᠡᠰ ᠬᠥᠭᠵᠢᠯᠲᠡ ᠶᠢᠨ ︽ᠰᠢᠨ᠎ᠡ ᠳᠠᠪᠠᠭᠤᠯᠢᠭ︾ ᠢ ᠪᠣᠶ ᠪᠣᠯᠭᠠᠪᠠ᠃ ᠨᠢᠭᠡᠳᠦᠭᠡᠷ | ᠤᠯᠠᠷᠢᠯ ᠳᠤ᠂ ᠪᠦᠬᠦ ᠣᠷᠣᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠵᠡᠷᠭᠡ ᠥᠨᠳᠥᠷ ᠨᠡᠮᠡᠯᠲᠡ ᠦᠷᠳᠡᠭ ᠲᠠᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ | ᠨᠡᠯᠢᠶᠡᠳ ᠰᠠᠶᠢᠨ ᠪᠠᠶᠢᠨ᠎ᠠ᠃ ᠢᠯᠠᠩᠭᠤᠶ᠎ᠠ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ 55.8% ᠳᠤ ᠬᠦᠷᠴᠦ᠂ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ 52.0% ᠢᠶᠠᠷ | ᠨᠡᠮᠡᠭᠳᠡᠪᠡ᠃ ᠡᠭᠦᠨ ᠤ ᠬᠠᠮᠲᠤ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠬᠥᠭᠵᠢᠯᠲᠡ ᠶᠢᠨ ︽ᠰᠢᠨ᠎ᠡ | ᠳᠠᠯᠳᠠ ᠬᠦᠴᠦᠨ︾ ᠢ ᠤᠯᠠᠮ ᠨᠢᠭᠡ ᠠᠯᠬᠤᠮ ᠪᠠᠳᠠᠷᠠᠭᠤᠯᠪᠠ᠃ ᠣᠶᠢᠷ᠎ᠠ ᠶᠢᠨ ᠵᠢᠯ ᠤᠨ ᠲᠤᠷᠰᠢ᠂ ᠪᠥᠬᠦ ᠣᠷᠣᠨ ᠤ | ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠨᠡᠯᠢᠶᠡᠳ ᠥᠨᠳᠥᠷ ᠨᠡᠮᠡᠭᠳᠡᠯ ᠤᠨ ᠬᠤᠷᠳᠤᠴᠠ ᠪᠠᠨ ᠪᠠᠲᠤᠯᠠᠵᠤ᠂ | ᠡᠨᠡ ᠵᠢᠯ ᠤᠨ ᠨᠢᠭᠡᠳᠦᠭᠡᠷ ᠤᠯᠠᠷᠢᠯ ᠳᠤ ᠠᠳᠠᠯᠢ ᠬᠤᠭᠤᠴᠠᠭᠠᠨ ᠤ ᠬᠢ ᠠᠴᠠ 24.1% ᠪᠠᠷ ᠨᠡᠮᠡᠭᠳᠡᠪᠡ᠃ ᠡᠭᠦᠨ ᠳᠤ᠂ | ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 23. | 6% ᠪᠠᠷ ᠨᠡᠮᠡᠭᠳᠡᠵᠦ᠂ ᠪᠥᠬᠦ ᠬᠤᠷᠰᠢᠶ᠎ᠠ ᠶᠢᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠳᠣᠲᠣᠷ᠎ᠠ ᠡᠵᠡᠯᠡᠬᠦ ᠬᠤᠪᠢ ᠶᠢᠨ | ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ 7.3% ᠪᠠᠶᠢᠭᠰᠠᠨ ᠠᠴᠠ ᠪᠠᠨ 8.4% ᠪᠣᠯᠵᠣ ᠳᠡᠭᠡᠭᠰᠢᠯᠡᠪᠡ᠃ | ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠨᠢ ᠪᠥᠬᠦ ᠣᠷᠣᠨ ᠤ | ᠬᠡᠷᠡᠭᠯᠡᠭᠡᠨ ᠤ ᠵᠠᠬ᠎ᠠ ᠳᠡᠯᠭᠡᠭᠦᠷ ᠤᠨ ᠤᠯᠠᠮ ᠨᠢᠭᠡ ᠠᠯᠬᠤᠮ ᠬᠥᠭᠵᠢᠶᠡᠨᠲᠡᠶ ᠪᠣᠯᠬᠤ ᠳᠤ ᠬᠥᠳᠡᠯᠭᠡᠬᠦ ᠬᠦᠴᠦᠨ ᠨᠡᠮᠡᠷᠢᠯᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠠᠵᠤ ᠠᠬᠤᠶ ᠰᠠᠶᠢᠨ ᠰᠠᠶᠢᠬᠠᠨ | ᠡᠬᠢᠯᠡᠯᠲᠡ ᠲᠠᠢ ᠪᠣᠯᠵᠣ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠡᠭᠦᠨ ᠤ ᠬᠠᠮᠲᠤ᠂ ᠭᠠᠳᠠᠭᠠᠳᠤ ᠣᠷᠴᠢᠨ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠤᠯᠤᠰ ᠤᠨ | ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠥᠬᠡᠶ ᠪᠠᠶᠢᠬᠤ ᠵᠡᠷᠭᠡ ᠠᠰᠠᠭᠤᠳᠠᠯ ᠢ ᠬᠠᠷᠠᠬᠠᠨ ᠪᠦᠷᠢᠮᠦᠰᠦᠨ | ᠰᠢᠢᠳᠪᠦᠷᠢᠯᠡᠭᠡᠳᠦᠢ ᠪᠠᠶᠢᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠮᠥᠨ | ᠬᠦ ᠴᠥᠭᠡᠨ ᠪᠤᠰᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ ᠪᠠᠶᠢᠵᠤ᠂ ᠶᠡᠭᠡ ᠬᠡᠮᠵᠢᠶᠡᠨ ᠤ ᠬᠠᠲᠠᠭᠤᠵᠢᠯᠲᠠᠶ | ᠨᠠᠷᠢᠯᠢᠭ ᠠᠵᠢᠯ ᠬᠢᠬᠦ ᠴᠢᠬᠤᠯᠠᠲᠠᠶ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠳᠠᠭᠠᠭᠤᠯᠭ᠎ᠠ ᠳᠤᠤᠷ᠎ᠠ᠂ ᠪᠥᠬᠦ | ᠣᠷᠣᠨ ᠳᠠᠶᠠᠭᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠡᠯ᠎ᠡ ᠵᠦᠢᠯ ᠤᠨ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ | ᠭᠡᠬᠦ ᠡᠨᠡ ᠬᠦ ᠭᠤᠤᠯ ᠠᠵᠢᠯ ᠪᠣᠯᠤᠨ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠤᠷᠤᠭᠰᠢᠯᠠᠨ᠂ ᠠᠵᠤ | ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠣᠯᠤᠨ ᠬᠡᠮᠵᠢᠶᠡᠨ ᠤ ᠵᠣᠬᠢᠰᠲᠠᠶ ᠨᠡᠮᠡᠭᠳᠡᠯ ᠢ ᠴᠢᠷᠮᠠᠶᠢᠨ | ᠠᠬᠢᠭᠤᠯᠵᠤ᠂ ᠨᠠᠩ ᠭᠤᠶᠢᠳᠠ ᠰᠠᠶᠢᠬᠠᠨ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠬᠦ ᠬᠡᠷᠡᠭᠲᠡᠶ᠃ ᠪᠠᠶᠠᠷᠯᠠᠯ᠎ᠠ᠃ | ᠠᠷᠠᠳ ᠤᠨ ᠰᠦᠯᠵᠢᠶᠡᠨ ᠤ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ᠃ ᠲᠠᠨ ᠤ ᠰᠠᠶ᠋ᠢ ᠶᠢᠨ ᠨᠡᠶᠢᠲᠡᠯᠡᠭᠰᠡᠨ | ᠲᠤᠭ᠎ᠠ ᠪᠠᠷᠢᠮᠲᠠ ᠠᠴᠠ ᠪᠢᠳᠡ᠂ ᠡᠨᠡ ᠵᠢᠯ ᠤᠨ ᠨᠢᠭᠡᠳᠦᠭᠡᠷ ᠤᠯᠠᠷᠢᠯ ᠳᠤ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ 30% ᠠᠴᠠ ᠳᠡᠭᠡᠭᠰᠢᠬᠢ ᠲᠦᠷᠭᠡᠨ ᠨᠡᠮᠡᠭᠳᠡᠯ ᠢ ᠪᠡᠶᠡᠯᠡᠭᠦᠯᠵᠦ᠂ 2022 ᠣᠨ ᠤ ᠡᠬᠢᠨ ᠠᠴᠠ | ᠨᠠᠭᠠᠰᠢᠬᠢ ᠬᠤᠶᠠᠷ ᠣᠷᠣᠨᠲᠤ ᠲᠣᠭᠠᠨ ᠤ ᠲᠦᠷᠭᠡᠨ ᠨᠡᠮᠡᠭᠳᠡᠯ ᠤᠨ ᠪᠠᠶᠢᠳᠠᠯ ᠢ ᠪᠠᠲᠤᠯᠠᠪᠠ᠃ ᠮᠠᠨ ᠤ ᠣᠷᠣᠨ ᠤ ᠪᠡᠯᠡ | ᠣᠷᠣᠭᠤᠯᠤᠯᠲᠠ ᠶᠢᠨ ᠥᠨᠳᠥᠷ ᠨᠡᠮᠡᠭᠳᠡᠯ ᠢ ᠲᠤᠯᠭᠠᠭᠤᠷᠢᠯᠠᠬᠤ ᠭᠤᠣᠯ ᠡᠯᠧᠮᠧᠨ᠋ᠲ ᠶᠠᠭᠤ ᠶᠠᠭᠤ ᠪᠠᠶᠢᠬᠤ ᠪᠤᠢ︖ | ᠪᠠᠶᠠᠷᠯᠠᠯ᠎ᠠ᠃ | | | | ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 31.5% ᠪᠠᠶᠢᠵᠤ᠂ ᠬᠤᠶᠠᠷ ᠣᠷᠣᠨᠲᠤ | ᠲᠤᠭ᠎ᠠ ᠶᠢᠨ ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠪᠡ᠃ ᠮᠠᠨ ᠤ ᠣᠷᠣᠨ ᠤ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠭᠤᠷᠪᠠᠨ ᠵᠢᠯ ᠳᠠᠷᠠᠭᠠᠯᠠᠨ ᠥᠨᠳᠥᠷ ᠨᠡᠮᠡᠭᠳᠡᠯ ᠤᠨ ᠬᠠᠨᠳᠤᠰᠢ ᠪᠠᠨ | ᠪᠠᠲᠤᠯᠠᠭᠰᠠᠨ ᠭᠤᠤᠯ ᠬᠦᠴᠦᠨ ᠵᠦᠢᠯ ᠤᠨ ᠲᠤᠬᠠᠶ ᠪᠢ ︽ᠳᠥᠷᠪᠡᠨ ᠬᠦᠴᠦᠳᠡᠢ︾ ᠪᠠᠷ ᠬᠤᠷᠢᠶᠠᠩᠭᠤᠶᠢᠯᠠᠶ᠎ᠠ᠃ | ᠨᠢᠭᠡ ᠳᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠳᠡᠮᠵᠢᠯᠭᠡ ︽ᠬᠦᠴᠦᠲᠡᠶ︾ ᠪᠠᠶᠢᠨ᠎ᠠ᠃ ︽ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠳᠠᠷᠤᠮᠠᠯᠯᠠᠨ | ᠲᠠᠷᠬᠠᠭᠠᠭᠰᠠᠨ ᠠᠴᠠ ᠨᠠᠭᠠᠰᠢ᠂ ᠣᠷᠣᠨ ᠳᠠᠶᠠᠭᠠᠷ ᠢᠶᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ | ᠠᠮᠵᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠪᠠ᠃ ᠤᠯᠤᠰ ᠤᠨ ᠬᠠᠮᠢᠶ᠎ᠠ ᠪᠥᠬᠦᠶ ᠶᠠᠮᠤᠨ ᠵᠥᠪᠯᠡᠯ ︽ᠰᠠᠨᠠᠯ︾ ᠤᠨ ᠢᠵᠢ ᠪᠥᠷᠢᠳᠦᠭᠦᠯᠬᠦ | ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠥᠪᠥᠷ ᠮᠣᠩᠭᠤᠯ ᠤᠨ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠳᠤ | ᠲᠥᠷᠥ ᠶᠢᠨ ᠪᠣᠳᠣᠯᠭ᠎ᠠ᠂ ᠪᠠᠯᠠ ᠮᠥᠩᠭᠦ᠂ ᠲᠥᠷᠥᠯ ᠵᠦᠢᠯ᠂ ᠮᠡᠷᠭᠡᠵᠢᠯ ᠤᠨ ᠳᠡᠮᠵᠢᠯᠭᠡ ᠦᠵᠡᠭᠦᠯᠪᠡ᠃ ᠡᠭᠦᠨ ᠤ ᠬᠠᠮᠲᠤ᠂ | ᠮᠠᠨ ᠤ ᠣᠷᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ | ᠣᠷᠳᠣᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ 4.0 ᠬᠡᠪᠯᠡᠯ ᠤᠨ ᠲᠥᠰᠦᠯ ᠢ ᠨᠡᠶᠢᠲᠡᠯᠡᠵᠦ᠂ ᠬᠤᠳᠠᠯᠳᠤᠭᠠᠴᠢᠨ ᠢ ᠠᠮᠤᠷᠵᠢᠭᠤᠯᠤᠨ | ᠬᠤᠳᠠᠯᠳᠤᠭᠠᠴᠢᠨ ᠢ ᠳᠣᠲᠣᠨᠣᠴᠢᠯᠠᠵᠤ ᠬᠤᠳᠠᠯᠳᠤᠭᠠᠴᠢᠨ ᠢ ᠪᠠᠶᠠᠵᠢᠭᠤᠯᠬᠤ ᠲᠥᠷᠥᠯ ᠵᠦᠢᠯ ᠢ ᠮᠠᠨ ᠤ ᠣᠷᠣᠨ ᠳᠤ | ᠲᠦᠷᠭᠡᠳᠬᠡᠨ ᠨᠠᠶᠢᠳᠠᠪᠤᠷᠢᠵᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠪᠠ᠃ ᠨᠢᠭᠡᠳᠦᠭᠡᠷ ᠤᠯᠠᠷᠢᠯ ᠳᠤ᠂ ᠪᠥᠬᠦ | ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠪᠥᠬᠦ | ᠣᠷᠣᠨ ᠤ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ 57.1% ᠳᠤ ᠬᠦᠷᠴᠦ᠂ ᠪᠠᠯᠠ ᠣᠷᠣᠭᠤᠯᠤᠯᠲᠠ ᠶᠢᠨ | ᠲᠦᠷᠭᠡᠨ ᠨᠡᠮᠡᠭᠳᠡᠯ ᠢ ᠪᠠᠲᠤᠯᠠᠬᠤ ᠳᠤ ᠴᠢᠬᠤᠯᠠ ᠬᠥᠳᠡᠯᠭᠡᠬᠦ ᠬᠦᠴᠦᠨ ᠬᠠᠩᠭᠠᠪᠠ᠃ | ᠬᠤᠶᠠᠷ ᠲᠤ᠂ ᠴᠢᠬᠤᠯᠠ ᠶᠡᠭᠡ ᠲᠦᠷᠦᠯ ᠵᠦᠢᠯ ᠤᠨ ᠲᠤᠯᠭᠠᠭᠤᠷᠢᠯᠠᠯ ︽ᠬᠦᠴᠦᠲᠡᠢ︾ ᠪᠠᠶᠢᠨ᠎ᠠ᠃ ᠣᠶᠢᠷ᠎ᠠ ᠶᠢᠨ | ᠵᠢᠯ ᠤᠳ ᠲᠤ᠂ ᠪᠥᠬᠦ ᠣᠷᠣᠨ ᠳᠠᠶᠠᠭᠠᠷ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠵᠤ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ︽ᠬᠦᠴᠦᠷᠬᠡᠭ ᠬᠥᠳᠡᠯᠭᠡᠭᠦᠷ︾ ᠢ ᠪᠣᠶ ᠪᠣᠯᠭᠠᠵᠤ᠂ ᠰᠢᠨ᠎ᠡ ᠡᠨᠧᠷᠭᠢ᠂ ᠣᠲᠣ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠯᠠ ᠣᠷᠣᠭᠤᠯᠤᠯᠲᠠ ᠶᠢ ᠣᠨᠣᠪᠴᠢᠲᠠᠶ ᠪᠥᠭᠡᠳ ᠪᠦᠲᠦᠮᠵᠢᠲᠡᠶ ᠥᠷᠭᠡᠳᠬᠡᠵᠦ᠂ ᠴᠢᠨᠠᠷ ᠰᠠᠶᠢᠲᠠᠶ | ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 1250 ᠪᠠᠶᠢᠵᠤ᠂ 2022 ᠣᠨ ᠤ ᠠᠳᠠᠯᠢ | ᠬᠤᠭᠤᠴᠠᠭᠠᠨ ᠤ ᠬᠢ ᠠᠴᠠ ᠲᠣᠰ ᠲᠣᠰ 188 ᠪᠠ 318 ᠨᠡᠮᠡᠭᠳᠡᠵᠡᠶ︔ ᠪᠠᠯᠠ ᠣᠷᠣᠭᠤᠯᠤᠯᠲᠠ ᠶᠢ ᠠᠳᠠᠯᠢ | ᠬᠤᠭᠤᠴᠠᠭᠠᠨ ᠤ ᠬᠢ ᠠᠴᠠ 37.7% ᠪᠠᠷ ᠪᠡᠶᠡᠯᠡᠭᠦᠯᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠠᠴᠠ 6.2 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ | 29.5 ᠵᠠᠭᠤᠨ ᠤ ᠬᠤᠪᠢ ᠶᠢᠨ ᠴᠡᠭ ᠨᠡᠮᠡᠭᠳᠡᠭᠦᠯᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 93.8% ᠳᠤ | ᠬᠥᠷᠪᠡ᠃ | ᠭᠤᠷᠪᠠ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ︽ᠬᠦᠴᠦᠲᠡᠶ︾ ᠨᠡᠮᠡᠭᠳᠡᠪᠡ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠰᠢᠨ᠎ᠡ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ | ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ | ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠶᠡᠭᠡ ᠪᠠᠷ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠲᠦᠷᠭᠡᠨ ᠨᠡᠮᠡᠭᠳᠡᠪᠡ᠃ | ᠨᠢᠭᠡᠳᠦᠭᠡᠷ ᠤᠯᠠᠷᠢᠯ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 22.7% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ | 27.1% ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 6.6 ᠵᠠᠭᠤᠨ ᠤ ᠬᠤᠪᠢ ᠶᠢᠨ ᠴᠡᠭ ᠳᠠᠶᠢᠴᠢᠯᠠᠪᠠ᠃ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠰᠢᠨ᠎ᠡ ᠡᠨᠧᠷᠭᠢ ᠶᠢᠨ ᠠᠵᠤ ᠦᠢᠯᠡᠰ ᠤᠨ | ᠪᠠᠶᠢᠷᠢᠰᠢᠭᠤᠯᠤᠯᠲᠠ ᠶᠢᠨ ᠭᠤᠤᠯ ᠴᠣᠭᠴᠠ ᠪᠣᠯᠵᠣ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠨᠡᠷᠡᠨ ᠡᠨᠧᠷᠭᠢ ᠪᠠᠷ | ᠴᠠᠬᠢᠯᠭᠠᠨ ᠭᠠᠷᠭᠠᠬᠤ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠪᠥᠬᠦ ᠣᠷᠣᠨ ᠤ ᠰᠢᠨ᠎ᠡ ᠡᠨᠧᠷᠭᠢ ᠶᠢᠨ ᠪᠠᠯᠠ | ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠶᠢᠰᠦᠨ ᠬᠤᠪᠢ ᠶᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ | 15.9% ᠪᠠᠷ ᠨᠡᠮᠡᠭᠳᠡᠪᠡ᠃ | ᠳᠥᠷᠪᠡ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠯ ︽ᠬᠦᠴᠦᠳᠡᠢ︾ ᠪᠠᠶᠢᠨ᠎ᠠ᠃ ᠪᠥᠬᠦ | ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠦᠢᠯᠡᠳᠬᠦ | ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠲᠠᠰ ᠳᠡᠪᠰᠢᠬᠦ ᠶᠢ ᠲᠦᠷᠭᠡᠳᠬᠡᠨ ᠬᠡᠷᠡᠭᠵᠢᠭᠦᠯᠵᠦ᠂ ᠪᠠᠯᠠ | ᠣᠷᠣᠭᠤᠯᠤᠯᠲᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠨᠢᠭᠡᠳᠦᠭᠡᠷ ᠤᠯᠠᠷᠢᠯ ᠳᠤ᠂ ᠪᠥᠬᠦ | ᠣᠷᠣᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 35.3% ᠪᠠᠷ | ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 3.8 ᠵᠠᠭᠤᠨ ᠤ ᠬᠤᠪᠢ ᠶᠢᠨ ᠴᠡᠭ | ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 68.7% ᠪᠣᠯᠵᠣ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 1.9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ | ᠨᠡᠮᠡᠭᠳᠡᠯ ᠢ 23.6 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠢᠯᠠᠩᠭᠤᠶ᠎ᠠ ᠦᠢᠯᠡᠳᠬᠦ ᠦᠢᠯᠡᠰ ᠤᠨ ᠪᠡᠯᠡ | ᠣᠷᠣᠭᠤᠯᠤᠯᠲᠠ ᠶᠢᠨ ᠡᠵᠡᠯᠡᠬᠦ ᠬᠠᠷᠢᠴᠠᠯ ᠦᠷᠭᠦᠯᠵᠢᠯᠡᠨ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠦᠢᠯᠡᠳᠬᠦ ᠦᠢᠯᠡᠰ ᠤᠨ | ᠪᠠᠯᠠ ᠣᠷᠣᠭᠤᠯᠤᠯᠲᠠ ᠶᠢᠨ ᠪᠥᠬᠦ ᠣᠷᠣᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ | ᠵᠢᠩ ᠨᠢ 54.9% ᠪᠠᠶᠢᠵᠤ᠂ ᠲᠣᠰ ᠲᠣᠰ 2022 ᠣᠨ ᠪᠠ 2022 ᠣᠨ ᠤ ᠠᠳᠠᠯᠢ ᠬᠤᠭᠤᠴᠠᠭᠠᠨ ᠤ ᠬᠢ ᠠᠴᠠ 0. | 8 ᠪᠠ 2.2 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 13.5 | ᠵᠠᠭᠤᠨ ᠤ ᠬᠤᠪᠢ ᠶᠢᠨ ᠴᠡᠭ ᠳᠠᠶᠢᠴᠢᠯᠠᠪᠠ᠃ | ᠶᠡᠷᠦᠩᠬᠡᠶ ᠳᠤᠨᠢ ᠠᠪᠴᠤ ᠦᠵᠡᠪᠡᠯ᠂ ᠡᠨᠡ ᠵᠢᠯ ᠤᠨ ᠨᠢᠭᠡᠳᠦᠭᠡᠷ ᠤᠯᠠᠷᠢᠯ ᠳᠤ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠥᠨᠳᠥᠷ ᠰᠠᠭᠤᠷᠢ ᠲᠣᠭᠠᠨ ᠳᠡᠭᠡᠷᠡᠬᠢ ᠥᠨᠳᠥᠷ ᠨᠡᠮᠡᠭᠳᠡᠯ ᠢ ᠪᠡᠶᠡᠯᠡᠭᠦᠯᠦᠭᠰᠡᠨ ᠨᠢ ᠬᠢᠯᠪᠠᠷ ᠪᠤᠰᠤ ᠶᠤᠮ᠃ | ᠲᠠᠷᠠᠭᠠᠴᠢ ᠶᠢᠨ ᠱᠠᠲᠤᠨ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ᠂ ᠠᠷᠠᠳ ᠤᠨ ᠪᠡᠯᠡ | ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ᠂ ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ | ᠬᠡᠷᠡᠭᠲᠡᠢ᠃ ᠪᠠᠶᠠᠷᠯᠠᠯ᠎ᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠪᠠᠶᠢᠨ᠎ᠠ ᠦᠦ᠃ ᠪᠢ ᠥᠭᠦᠯᠡᠭᠴᠢ ᠠᠴᠠ᠂ | ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠰᠠᠭᠤᠷᠢ ᠪᠣᠯᠬᠤ ᠠᠵᠤ ᠦᠢᠯᠡᠳᠪᠦᠷᠢ ᠶᠢᠨ | ᠬᠦᠷᠢᠶᠡᠨ ᠳᠤ᠂ ᠨᠢᠭᠡᠳᠦᠭᠡᠷ ᠤᠯᠠᠷᠢᠯ ᠳᠤ ᠶᠠᠮᠠᠷ ᠶᠠᠮᠠᠷ ᠲᠣᠪᠤᠶᠢᠮ᠎ᠠ ᠢᠯᠡᠷᠡᠯ ᠲᠠᠢ ᠪᠣᠶ︖ ᠪᠠᠶᠠᠷᠯᠠᠯ᠎ᠠ᠃ | | | | ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠠᠵᠤ | ᠦᠢᠯᠡᠰ ᠢ ᠲᠣᠭᠲᠠᠪᠤᠷᠢᠵᠢᠭᠤᠯᠬᠤ᠂ ᠬᠡᠯᠬᠢᠶ᠎ᠡ ᠶᠢ ᠴᠢᠩᠭᠠᠳᠬᠠᠬᠤ᠂ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠᠷ | ᠬᠦᠴᠦᠯᠡᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠲᠠᠰᠤᠷᠠᠯᠲᠠ | ᠥᠬᠡᠶ ᠪᠠᠬᠢᠵᠢᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠪᠡ᠃ ᠠᠵᠤ | ᠦᠢᠯᠡᠳᠪᠦᠷᠢ ᠶᠢᠨ ᠨᠡᠮᠡᠭᠳᠡᠯ ᠢ ᠲᠤᠯᠭᠠᠭᠤᠷᠢᠯᠠᠬᠤ ᠢᠳᠡᠪᠬᠢ ᠬᠦᠴᠦᠨ ᠵᠦᠢᠯ ᠭᠤᠣᠯᠳᠠᠭᠤ ᠭᠤᠷᠪᠠᠨ ᠲᠠᠯ᠎ᠠ ᠪᠠᠷ ᠢᠯᠡᠷᠡᠵᠦ | ᠪᠠᠶᠢᠨ᠎ᠠ᠄ | ᠨᠢᠭᠡ ᠳᠤ᠂ ᠦᠢᠯᠡᠳᠬᠦ ᠦᠢᠯᠡᠰ ᠤᠨ ᠬᠤᠪᠢ ᠨᠡᠮᠡᠷᠢ ᠶᠢᠨ ᠦᠢᠯᠡᠳᠦᠯ ᠲᠣᠪᠤᠶᠢᠮ᠎ᠠ ᠪᠠᠶᠢᠨ᠎ᠠ᠃ ᠨᠢᠭᠡᠳᠦᠭᠡᠷ | ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 12.1% ᠪᠠᠷ ᠨᠡᠮᠡᠭᠳᠡᠵᠦ᠂ 12 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ | ᠨᠡᠮᠡᠭᠳᠡᠯ ᠢ ᠪᠠᠲᠤᠯᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠨᠢ 56.9% ᠳᠤ ᠬᠦᠷᠴᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 2023 | ᠣᠨ ᠤ 4 ᠰᠠᠷ᠎ᠠ ᠠᠴᠠ ᠨᠠᠰᠢ ᠲᠠᠪᠤᠨ ᠬᠤᠪᠢ ᠠᠴᠠ ᠳᠡᠭᠡᠭᠰᠢ ᠪᠠᠶᠢᠬᠤ ᠶᠢ ᠪᠠᠲᠤᠯᠠᠪᠠ᠃ ᠢᠯᠠᠩᠭᠤᠶ᠎ᠠ ᠦᠢᠯᠡᠳᠬᠦ | ᠦᠢᠯᠡᠰ ᠤᠨ ︽ᠳᠡᠭᠡᠳᠦ ᠲᠡᠰᠵᠢᠯᠳᠡ︾ ᠶᠢ ᠯᠠᠪᠳᠠᠭᠤᠨ ᠢᠶᠠᠷ ᠠᠬᠢᠭᠤᠯᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ | ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 55.8% ᠪᠠᠷ ᠨᠡᠮᠡᠭᠳᠡᠵᠦ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 0.9 ᠵᠠᠭᠤᠨ ᠤ ᠬᠤᠪᠢ ᠶᠢᠨ ᠴᠡᠭ | ᠳᠠᠶᠢᠴᠢᠯᠠᠪᠠ᠃ | ᠬᠤᠶᠠᠷ ᠲᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠠᠶᠢᠨ᠎ᠠ᠃ | ᠪᠦᠬᠦ ᠣᠷᠣᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠠᠵᠠ ᠲᠣᠬᠢᠶᠠᠯ ᠢ ᠠᠮᠵᠢᠵᠤ᠂ ᠡᠬᠢ ᠪᠠᠶᠠᠯᠢᠭ ᠤᠨ ᠤᠤᠭᠠᠯ | ᠳᠠᠪᠠᠭᠤᠯᠢᠭ ᠢᠶᠠᠨ ᠦᠨᠳᠦᠰᠦᠯᠡᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠰᠢᠨ᠎ᠡ ᠮᠡᠷᠭᠡᠵᠢᠯ ᠢᠶᠠᠷ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠪᠠ᠃ ᠨᠢᠭᠡᠳᠦᠭᠡᠷ ᠤᠯᠠᠷᠢᠯ ᠳᠤ᠂ ᠪᠥᠬᠦ | ᠣᠷᠣᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 7.7% ᠨᠡᠮᠡᠭᠳᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ | ᠠᠵᠤ ᠦᠢᠯᠡᠰ 9.4% ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ 38.3% ᠨᠡᠮᠡᠭᠳᠡᠵᠦ᠂ ᠬᠤᠪᠣᠷ | ᠰᠢᠷᠣᠶ ᠶᠢᠨ ᠠᠵᠤ ᠦᠢᠯᠡᠰ 52.0% ᠨᠡᠮᠡᠭᠳᠡᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ 62.8% | ᠨᠡᠮᠡᠭᠳᠡᠵᠦ᠂ ᠴᠥᠮ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠳᠤᠮᠳᠠᠴᠢ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠵᠠᠶ᠃ | ᠭᠤᠷᠪᠠ ᠳᠤ᠂ ᠪᠦᠲᠦᠴᠡ ᠶᠢᠨ ᠲᠣᠬᠢᠷᠠᠭᠤᠯᠤᠯᠲᠠ ᠪᠠᠷ ︽ᠪᠣᠬᠢᠷᠲᠤᠯ ᠥᠬᠡᠶ︾ ᠬᠥᠭᠵᠢᠯᠲᠡ ᠶᠢ ᠬᠥᠲᠥᠯᠦᠨ | ᠲᠠᠭᠠᠭᠤᠯᠪᠠ᠃ ᠪᠥᠬᠦ ᠣᠷᠣᠨ ᠪᠣᠬᠢᠷᠲᠤᠯ ᠥᠬᠡᠶ ᠪᠠᠶᠢᠬᠤ ᠶᠢ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠥᠩᠭᠡ | ᠪᠣᠯᠭᠠᠵᠤ᠂ ︽ᠬᠡᠯᠬᠢᠶᠡᠲᠦ ᠰᠡᠳᠬᠢᠬᠦᠶ︾ ᠪᠠᠷ ᠤᠯᠠᠮᠵᠢᠯᠠᠯᠲᠤ ᠠᠵᠤ ᠦᠢᠯᠡᠰ ᠢ ᠲᠣᠬᠢᠷᠠᠭᠤᠯᠤᠨ ᠰᠢᠯᠢᠳᠡᠭᠵᠢᠭᠦᠯᠵᠦ᠂ | ᠪᠣᠬᠢᠷᠲᠤᠯ ᠥᠬᠡᠶ ᠪᠣᠯᠭᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 4.2 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ 60% ᠶᠢ ᠳᠠᠪᠠᠵᠤ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 1.8 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠡᠪᠴᠢᠶᠡᠵᠢᠯ ᠠᠴᠠ | ᠳᠡᠭᠡᠭᠰᠢᠬᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 12.8% ᠪᠠᠷ | ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ 0.5 | ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠴᠠᠬᠢᠯᠭᠠᠨ ᠭᠠᠷᠭᠠᠬᠤ ᠬᠡᠮᠵᠢᠶ᠎ᠡ ᠶᠢᠨ 21.9% ᠶᠢ ᠡᠵᠡᠯᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠶ ᠳᠡᠭᠡᠨ | ᠲᠣᠭᠲᠠᠭᠤᠨ ᠢᠶᠠᠷ ᠠᠵᠢᠯᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ ᠭᠡᠪᠡᠴᠦ᠂ ᠪᠦᠲᠦᠮᠵᠢᠲᠡᠢ | ᠬᠡᠷᠡᠭᠴᠡᠭᠡ ᠬᠦᠷᠦᠯᠴᠡᠬᠦ ᠦᠭᠡᠢ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠯᠲᠠ ᠵᠡᠷᠭᠡ ᠠᠵᠤ ᠦᠢᠯᠡᠳᠪᠦᠷᠢ ᠶᠢᠨ | ᠠᠵᠤ ᠠᠬᠤᠢ ᠶᠢᠨ ᠲᠣᠭᠲᠠᠭᠤᠨ ᠨᠡᠮᠡᠭᠳᠡᠯ᠂ ᠲᠦᠷᠭᠡᠨ ᠨᠡᠮᠡᠭᠳᠡᠯ ᠢ ᠬᠢᠵᠠᠭᠠᠷᠯᠠᠵᠤ ᠪᠠᠶᠢᠭ᠎ᠠ ᠡᠯᠧᠮᠧᠨ᠋ᠲ ᠮᠥᠨ ᠯᠡ ᠣᠷᠣᠰᠢᠵᠤ | ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠱᠠᠲᠤᠨ ᠳᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠨ ᠪᠤᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ | ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠴᠢᠬᠤᠯᠠᠲᠠᠢ᠃ ᠪᠠᠶᠠᠷᠯᠠᠯ᠎ᠠ᠃ | ︽ᠥᠪᠥᠷ ᠮᠣᠩᠭᠤᠯ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠥᠭᠦᠯᠡᠭᠴᠢ ᠲᠠ ᠰᠠᠶᠢᠨ ᠦᠦ᠃ ᠡᠨᠡ | ᠵᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠷᠭ᠎ᠠ ᠪᠦᠬᠦᠨ ᠢ | ᠰᠦᠪᠡᠭᠴᠢᠯᠡᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠨᠢᠭᠡᠳᠦᠭᠡᠷ ᠤᠯᠠᠷᠢᠯ ᠤᠨ ᠬᠡᠷᠡᠭᠯᠡᠭᠡᠨ ᠤ ᠪᠠᠶᠢᠳᠠᠯ ᠠᠴᠠ | ᠦᠵᠡᠪᠡᠯ ᠶᠠᠮᠠᠷ ᠣᠨᠴᠠᠯᠢᠭ ᠲᠠᠢ ᠪᠣᠶ︖ ᠪᠠᠶᠠᠷᠯᠠᠯ᠎ᠠ᠃ | | | | ᠸᠠᠩ ᠴᠤᠸᠠᠨ ᠵᠢᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ ᠡᠨᠡ ᠵᠢᠯ ᠠᠴᠠ ᠨᠠᠰᠢ᠂ ᠪᠥᠬᠦ ᠣᠷᠣᠨ ᠣᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠦᠷᠭᠦᠯᠵᠢᠯᠡᠨ ᠰᠡᠷᠭᠦᠭᠡᠨ ᠥᠷᠭᠡᠳᠬᠡᠵᠦ᠂ ᠪᠥᠬᠦ ᠣᠷᠣᠨ ᠤ ᠬᠡᠷᠡᠭᠯᠡᠭᠡᠨ ᠤ | ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ᠃ ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄ | ᠨᠢᠭᠡᠳᠦᠭᠡᠷ ᠲᠤ᠂ ᠬᠡᠷᠡᠭᠯᠡᠭᠡᠨ ᠤ ᠬᠡᠪᠴᠢᠶ᠎ᠡ ᠦᠷᠭᠦᠯᠵᠢᠯᠡᠨ ᠥᠷᠭᠡᠵᠢᠪᠡ ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 1322.2 ᠳ᠋ᠦᠩᠰᠢᠭᠤᠷ | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 36.2 ᠳ᠋ᠦᠩᠰᠢᠭᠤᠷ ᠲᠥᠭᠦᠷᠢᠭ | ᠨᠡᠮᠡᠭᠳᠡᠪᠡ᠂ ᠡᠨᠡ ᠪᠣᠯ ᠣᠶᠢᠷ᠎ᠠ ᠶᠢᠨ ᠲᠠᠪᠤᠨ ᠵᠢᠯ ᠤᠨ ᠨᠢᠭᠡᠳᠦᠭᠡᠷ ᠤᠯᠠᠷᠢᠯ ᠤᠨ ᠬᠠᠮᠤᠭ ᠤᠨ ᠥᠨᠳᠥᠷ ᠲᠦᠪᠰᠢᠨ | ᠪᠣᠯᠤᠨ᠎ᠠ᠃ | ᠬᠤᠶᠠᠳᠤᠭᠠᠷ ᠲᠤ᠂ ᠦᠨᠳᠦᠰᠦᠨ ᠠᠮᠢᠳᠤᠷᠠᠯ ᠤᠨ ᠲᠦᠷᠦᠯ ᠤᠨ ᠬᠡᠷᠡᠭᠯᠡᠭᠡᠨ ᠤ ᠲᠤᠯᠭᠠᠭᠤᠷᠢᠯᠠᠯ ᠬᠦᠴᠦᠲᠡᠢ ᠪᠠᠶᠢᠨ᠎ᠠ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤᠮᠳᠠᠭᠠᠨ᠂ | ᠠᠷᠢᠬᠢ ᠲᠠᠮᠠᠬᠢ ᠶᠢᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 18.8% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 12 ᠳ᠋ᠤᠭᠠᠷ ᠰᠠᠷ᠎ᠠ ᠶᠢᠨ ᠬᠢ ᠠᠴᠠ 0.9 ᠵᠠᠭᠤᠨ ᠤ ᠬᠤᠪᠢ ᠶᠢᠨ ᠴᠡᠭ | ᠳᠡᠭᠡᠭᠰᠢᠯᠡᠪᠡ᠃ ᠡᠭᠦᠨ ᠳᠤ᠂ ᠠᠮᠤ ᠲᠣᠰᠣ᠂ ᠢᠳᠡᠭᠡᠨ ᠤ ᠲᠥᠷᠥᠯ 23.2% ᠢᠶᠠᠷ ᠨᠡᠮᠡᠭᠳᠡᠵᠦ᠂ ᠤᠮᠳᠠᠭᠠᠨ ᠤ ᠲᠥᠷᠥᠯ | 21.8% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡ ᠨᠢ ᠪᠥᠬᠦ ᠣᠷᠣᠨ ᠤ ᠬᠡᠷᠡᠭᠯᠡᠭᠡᠨ ᠤ | ᠵᠦᠢᠯ ᠤᠨ ᠵᠠᠬ᠎ᠠ ᠳᠡᠯᠭᠡᠭᠦᠷ ᠤᠨ ᠴᠢᠬᠤᠯᠠ ᠲᠤᠯᠭᠠᠭᠤᠷᠢᠯᠠᠯ ᠪᠣᠯᠵᠣ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠢᠭᠡᠴᠡ ᠶᠢᠨ ᠵᠢᠵᠢᠭᠯᠡᠨ ᠬᠤᠳᠠᠯᠳᠤᠬᠤ ᠲᠤᠭ᠎ᠠ ᠶᠢ ᠳᠠᠶᠢᠴᠢᠯᠠᠨ 2.7 ᠵᠠᠭᠤᠨ ᠤ ᠬᠤᠪᠢ ᠶᠢᠨ ᠴᠡᠭ ᠨᠡᠮᠡᠭᠳᠡᠭᠦᠯᠪᠡ᠃ | ᠭᠤᠷᠪᠠᠳᠤᠭᠠᠷ ᠲᠤ᠂ ᠢᠳᠡᠭᠡᠨ ᠤᠮᠳᠠᠭᠠᠨ ᠤ ᠬᠡᠷᠡᠭᠯᠡᠭᠡ ᠶᠢᠨ ᠬᠠᠯᠠᠮᠰᠢᠯ ᠬᠡᠮᠵᠢᠶ᠎ᠡ ᠪᠠᠭᠤᠷᠠᠬᠤ ᠥᠬᠡᠶ᠃ ᠴᠠᠭᠠᠨ ᠰᠠᠷ᠎ᠠ᠂ | ᠬᠠᠩᠰᠢ ᠶᠢᠨ ᠡᠳᠦᠷ ᠵᠡᠷᠭᠡ ᠠᠮᠠᠷᠠᠯᠲᠠ ᠶᠢᠨ ᠬᠤᠭᠤᠴᠠᠭᠠᠨ ᠤ ᠦᠢᠯᠡᠳᠦᠯ ᠢᠯᠡᠷᠬᠡᠶ ᠪᠣᠯᠵᠣ᠂ ᠰᠠᠭᠤᠭᠠᠯᠢ ᠠᠷᠠᠳ ᠤᠨ | ᠭᠠᠳᠠᠭᠰᠢ ᠭᠠᠷᠴᠤ ᠬᠤᠭᠤᠯᠠ ᠢᠳᠡᠬᠦ᠂ ᠵᠤᠭᠠᠴᠠᠨ ᠲᠣᠭᠤᠷᠢᠬᠤ ᠶᠠᠪᠤᠳᠠᠯ ᠣᠯᠠᠰᠢᠷᠠᠵᠤ᠂ ᠢᠳᠡᠭᠡᠨ ᠤᠮᠳᠠᠭᠠᠨ ᠤ | ᠬᠡᠷᠡᠭᠯᠡᠭᠡᠨ ᠤ ᠬᠠᠯᠠᠮᠰᠢᠯ ᠪᠠᠭᠤᠷᠠᠭᠰᠠᠨ ᠥᠬᠡᠶ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 1 - 2 ᠳ᠋ᠤᠭᠠᠷ ᠰᠠᠷ᠎ᠠ ᠶᠢᠨ ᠬᠤᠶᠠᠷ ᠣᠷᠣᠨᠲᠤ ᠲᠤᠭ᠎ᠠ ᠶᠢᠨ | ᠨᠡᠮᠡᠭᠳᠡᠯ ᠤᠨ ᠪᠠᠶᠢᠳᠠᠯ ᠢᠶᠠᠨ ᠦᠷᠭᠦᠯᠵᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.8% ᠪᠠᠷ ᠨᠡᠮᠡᠭᠳᠡᠪᠡ᠃ | ᠳᠥᠷᠪᠡᠳᠦᠭᠡᠷ ᠲᠤ᠂ ᠪᠣᠬᠢᠷᠲᠤᠯ ᠦᠭᠡᠢ ᠬᠡᠷᠡᠭᠯᠡᠭᠡ ᠬᠥᠮᠦᠰ ᠤᠨ ᠰᠡᠳᠬᠢᠯ ᠳᠤ ᠭᠦᠨ ᠬᠠᠳᠠᠩᠰᠢᠪᠠ᠃ ᠨᠢᠭᠡᠳᠦᠭᠡᠷ | ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 58.3% ᠪᠠᠷ ᠨᠡᠮᠡᠭᠳᠡᠵᠦ᠂ ᠤᠶᠤᠨᠲᠤ ᠬᠡᠷ ᠤᠨ ᠴᠠᠬᠢᠯᠭᠠᠨ | ᠬᠡᠷᠡᠭᠰᠡᠯ ᠪᠣᠯᠤᠨ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠠᠳᠠᠯᠢ ᠬᠤᠭᠤᠴᠠᠭᠠᠨ ᠤ ᠬᠢ ᠠᠴᠠ 15.7% ᠪᠠᠷ | ᠨᠡᠮᠡᠭᠳᠡᠪᠡ᠃ ᠪᠣᠬᠢᠷᠲᠤᠯ ᠦᠭᠡᠢ ᠬᠡᠷᠡᠭᠯᠡᠭᠡᠨ ᠤ ᠰᠢᠨ᠎ᠡ ᠬᠠᠨᠳᠤᠰᠢ ᠨᠢ ᠬᠡᠷᠡᠭᠯᠡᠭᠡᠨ ᠤ ᠵᠠᠬ᠎ᠠ ᠳᠡᠯᠭᠡᠭᠦᠷ ᠲᠤ ᠦᠷᠭᠦᠯᠵᠢᠯᠡᠨ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | ᠶᠡᠷᠦᠩᠬᠡᠶ ᠳᠤᠨᠢ ᠠᠪᠴᠤ ᠦᠵᠡᠪᠡᠯ᠂ ᠬᠡᠷᠡᠭᠯᠡᠭᠡ ᠶᠢ ᠠᠬᠢᠭᠤᠯᠬᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ | ᠳᠠᠶᠢᠴᠢᠯᠠᠯᠲᠠ ᠳᠤᠤᠷ᠎ᠠ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ | ᠰᠡᠷᠭᠦᠵᠦ᠂ ᠬᠡᠷᠡᠭᠯᠡᠭᠡᠨ ᠤ ᠳᠠᠯᠳᠠ ᠬᠦᠴᠦᠨ ᠠᠯᠬᠤᠮ ᠠᠯᠬᠤᠮ ᠢᠶᠠᠷ ᠢᠯᠡᠷᠡᠪᠡ᠃ ᠶᠠᠷᠢᠶᠠᠨ ᠦᠭᠡᠢ ᠪᠢᠳᠡ ᠪᠠᠰᠠ | ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠪᠣᠯᠤᠨ ᠢᠲᠡᠭᠡᠯ ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ᠂ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠰᠠᠶᠢᠵᠢᠷᠠᠭᠤᠯᠬᠤ ᠴᠢᠬᠤᠯᠠᠲᠠᠢ ᠪᠠᠶᠢᠬᠤ ᠶᠢ | ᠠᠩᠬᠠᠷᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ᠂ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠬᠡᠷᠡᠭᠯᠡᠭᠡᠨ ᠤ ᠨᠡᠮᠡᠭᠳᠡᠯ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ | ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ ᠪᠠᠶᠠᠷᠯᠠᠯ᠎ᠠ᠃ |