ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠄ ︽ᠭᠤᠷᠪᠠ ᠶᠢ ᠴᠢᠩᠭᠠᠳᠬᠠᠵᠤ︾ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/4/26
    ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶ᠎ᠡ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠰᠦᠯᠵᠢᠶ᠎ᠡ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠵᠢᠯ ᠤᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠤᠪᠴᠢᠶ᠎ᠠ  ᠰᠦᠯᠵᠢᠶ᠎ᠡ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠰᠦᠯᠵᠢᠶ᠎ᠡ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃    ᠨᠢᠭᠡ᠂ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠪᠠ᠃ ᠤᠯᠤᠰ ᠤᠨ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠭᠲᠠᠭᠠᠭᠰᠠᠨ ᠪᠠ ᠨᠡᠶᠢᠲᠡᠯᠡᠭᠰᠡᠨ ᠬᠤᠯᠪᠣᠭᠳᠠᠯ ᠪᠥᠬᠦᠶ ᠲᠦᠷᠢᠮ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠨᠠᠷᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠢ ᠳᠠᠷᠤᠮᠠᠯᠯᠠᠨ ᠲᠠᠷᠬᠠᠭᠠᠵᠤ᠂ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠪᠠ ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠬᠦᠯᠪᠡ᠃ ᠡᠭᠦᠨ ᠤ ᠬᠠᠮᠲᠤ᠂ ᠮᠤᠵᠢ ᠶᠢᠨ ᠱᠠᠲᠤᠨ ᠤ ᠰᠦᠯᠵᠢᠶ᠎ᠡ ᠬᠤᠯᠪᠣᠨ ᠰᠢᠭᠤᠳ ᠮᠡᠳᠡᠭᠦᠯᠬᠦ᠂ ᠲᠤᠬᠠᠶᠢᠯᠠᠭᠰᠠᠨ ᠠᠵᠢᠯ ᠤᠨ ᠨᠡᠶᠢᠳᠡᠮ ᠪᠠᠶᠢᠴᠠᠭᠠᠯᠲᠠ ᠬᠠᠮᠵᠢᠯᠴᠠᠨ ᠠᠵᠢᠯᠯᠠᠬᠤ ᠰᠢᠰᠲ᠋ᠧᠮ ᠵᠡᠷᠭᠡ ᠭᠤᠷᠪᠠᠨ ᠱᠠᠲᠤᠨ ᠤ ᠰᠢᠰᠲ᠋ᠧᠮ ᠳᠤ ᠴᠢᠭᠯᠡᠭᠦᠯᠦᠨ ᠲᠤᠰᠬᠠᠶ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠤᠭᠳᠠᠭᠠᠪᠠ᠃ ᠲᠤᠤᠷ ᠰᠦᠯᠵᠢᠶ᠎ᠡ ᠪᠣᠯᠤᠨ ᠳ᠋ᠠᠶᠢᠲ᠋ᠠ ᠶᠢᠨ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢᠨ ᠬᠠᠮᠲᠤ ᠲᠠᠰᠤᠷᠠᠯᠲᠠ ᠥᠬᠡᠶ ᠲᠡᠭᠦᠯᠳᠡᠷᠵᠢᠬᠦᠯᠪᠡ᠃    ᠬᠤᠶᠠᠷ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠰᠢᠢᠳᠪᠦᠷᠢᠯᠡᠬᠦ ᠮᠡᠷᠭᠡᠵᠢᠯ ᠤᠨ ᠠᠷᠭ᠎ᠠ ᠪᠠᠷᠢᠯ ᠢ ᠴᠢᠩᠭᠠᠷᠠᠭᠤᠯᠪᠠ᠃ ᠨᠢᠭᠡ ᠳᠤ᠂ ᠰᠦᠯᠵᠢᠶᠡᠨ ᠤ ᠠᠮᠤᠷ ᠲᠦᠪᠰᠢᠨ ᠪᠠ ᠳ᠋ᠠᠶᠢᠲ᠋ᠠ ᠶᠢᠨ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠬᠦᠯᠪᠡ᠃ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠢ ᠮᠡᠳᠡᠷᠡᠬᠦ ᠰᠢᠰᠲ᠋ᠧᠮ ᠢᠶᠠᠷ ᠳᠠᠮᠵᠢᠭᠤᠯᠤᠨ ᠡᠳᠦᠷ ᠲᠤᠲᠤᠮ ᠤᠨ ᠬᠢᠨᠠᠨ ᠡᠵᠡᠮᠳᠡᠬᠦ ᠪᠠ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠭᠠᠯ ᠰᠡᠷᠭᠡᠶᠢᠯᠡᠬᠦ ᠬᠡᠷᠡᠮ ᠤᠨ ᠠᠮᠤᠷ ᠲᠦᠪᠰᠢᠨ ᠤ ᠠᠷᠭ᠎ᠠ ᠪᠣᠳᠣᠯᠭ᠎ᠠ ᠶᠢ ᠰᠢᠯᠢᠳᠡᠭᠵᠢᠭᠦᠯᠦᠨ᠂ ᠵᠠᠮᠨᠠᠭᠤᠷ ᠪᠠ ᠰᠣᠯᠢᠯᠴᠠᠭᠤᠷ ᠤᠨ ᠰᠤᠷᠪᠤᠯᠵᠢᠯᠠᠨ ᠡᠵᠡᠮᠳᠡᠬᠦ ᠡᠷᠬᠡ ᠮᠡᠳᠡᠯ ᠢ ᠬᠢᠵᠠᠭᠠᠷᠯᠠᠵᠤ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠬᠦᠯᠪᠡ᠃ ᠬᠤᠶᠠᠷ ᠲᠤ᠂ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠵᠥᠪᠯᠡᠯᠴᠡᠭᠡᠷ ᠲᠣᠭᠲᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠦᠨᠡᠨ ᠨᠡᠷ᠎ᠡ ᠶᠢᠨ ᠲᠦᠷᠢᠮ᠂ ᠠᠮᠠᠨ ᠳᠣᠬᠢᠶᠠᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠲᠤᠭ᠎ᠠ ᠪᠠᠷᠢᠮᠲᠠ ᠶᠢ ᠣᠷᠣᠭᠤᠯᠵᠤ ᠭᠠᠷᠭᠠᠬᠤ ᠡᠷᠬᠡ ᠮᠡᠳᠡᠯ ᠵᠢᠴᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ ᠭᠤᠷᠪᠠ ᠳᠤ᠂ ᠰᠠᠷ᠎ᠠ ᠪᠦᠷᠢ ᠮᠡᠳᠡᠭᠡ ᠵᠠᠩᠭᠢ ᠶᠢᠨ ᠰᠢᠰᠲ᠋ᠧᠮ ᠳᠤ ᠨᠡᠪᠴᠢᠯᠲᠡ ᠶᠢᠨ ᠰᠢᠯᠭᠠᠯᠲᠠ ᠪᠠ ᠠᠯᠳᠠᠰᠢ ᠶᠢᠨ ᠰᠢᠷᠪᠢᠯᠲᠡ ᠬᠢᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠᠶᠢᠳᠠᠯ ᠢ ᠴᠠᠭ ᠲᠤᠬᠠᠶ ᠳᠤᠨᠢ ᠮᠡᠳᠡᠭᠳᠡᠵᠦ᠂ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠢ ᠮᠡᠳᠡᠭᠦᠯᠬᠦ ᠲᠦᠷᠢᠮ ᠢ ᠬᠡᠷᠡᠭᠵᠢᠬᠦᠯᠪᠡ᠃    ᠭᠤᠷᠪᠠ᠂ ᠠᠮᠤᠷ ᠲᠦᠪᠰᠢᠨ ᠤ ᠬᠥᠮᠦᠵᠢᠯ ᠤᠨ ᠤᠬᠠᠭᠤᠯᠵᠤ ᠬᠥᠲᠥᠯᠥᠨ ᠵᠢᠯᠣᠭᠤᠳᠬᠤ ᠪᠣᠯᠪᠠᠰᠤᠷᠠᠭᠤᠯᠤᠯ ᠢ ᠴᠢᠩᠭᠠᠷᠠᠭᠤᠯᠪᠠ᠃ ᠨᠢᠭᠡ ᠳᠤ᠂ ᠪᠥᠬᠦ ᠲᠤᠪᠴᠢᠶ᠎ᠠ ᠶᠢᠨ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ᠵᠡᠷᠭᠡ ᠴᠢᠬᠤᠯᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠰᠤᠷᠤᠯᠴᠠᠭᠤᠯᠵᠤ᠂ ᠺᠠᠳ᠋ᠷ ᠠᠵᠢᠯᠲᠠᠨ ᠤ ᠦᠵᠡᠯ ᠰᠠᠨᠠᠭ᠎ᠠ ᠲᠠᠨᠢᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠰᠣᠨᠣᠷ ᠰᠡᠷᠡᠮᠵᠢ ᠪᠠ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠬᠦᠯᠪᠡ᠃ ᠬᠤᠶᠠᠷ ᠲᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠳᠣᠲᠣᠷ᠎ᠠ ᠭᠠᠳᠠᠨᠠᠬᠢ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠤᠬᠠᠭᠤᠯᠪᠠ᠃ ᠭᠤᠷᠪᠠ ᠳᠤ᠂ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠮᠡᠳᠡᠯᠭᠡ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠺᠠᠳ᠋ᠷ ᠠᠵᠢᠯᠲᠠᠨ ᠠᠵᠢᠯᠴᠢᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠤᠷ᠎ᠠ ᠴᠢᠳᠠᠪᠤᠷᠢ ᠶᠢ ᠤᠯᠠᠮ ᠳᠡᠭᠡᠭᠰᠢᠯᠡᠬᠦᠯᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号