ᠪᠥᠬᠦ ᠬᠤᠲᠠ ᠶᠢᠨ ᠲᠤᠭ᠎ᠠ ᠪᠦᠷᠢᠳᠬᠡᠯ ᠤᠨ ᠰᠢᠰᠲ᠋ᠧᠮ ᠤᠨ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ | ᠲᠤᠪᠴᠢᠶ᠎ᠠ ᠥᠪᠡᠷᠲᠡᠭᠡᠨ ᠵᠠᠰᠠᠬᠤ ᠣᠷᠣᠨ ᠤ ᠲᠣᠪᠴᠢᠶ᠎ᠠ ᠠᠴᠠ ᠰᠣᠩᠭᠤᠨ ᠲᠠᠲᠠᠭᠰᠠᠨ ᠪᠥᠬᠦ ᠬᠤᠲᠠ ᠶᠢᠨ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠭᠤᠤᠯᠯᠠᠭᠴᠢ ᠬᠦᠴᠦᠨ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠠᠩᠭᠢ ᠡᠷᠭᠢᠯᠡᠪᠡ᠃ ᠪᠣᠯᠪᠠᠰᠤᠷᠠᠯ ᠨᠢ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯ ᠤᠨ ᠪᠣᠳᠠᠲᠤ | ᠠᠵᠢᠯᠯᠠᠭ᠎ᠠ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠵᠤ᠂ ᠭᠤᠤᠯᠳᠠᠭᠤ ᠬᠠᠤᠯᠢ ᠬᠡᠷᠡᠭᠵᠢᠭᠦᠯᠬᠦ ᠪᠢᠴᠢᠭ ᠬᠠᠷ᠎ᠠ | ᠵᠣᠬᠢᠶᠠᠬᠤ ᠵᠢᠷᠤᠮᠵᠢᠯ᠂ ᠭᠤᠤᠯ ᠭᠦᠢᠴᠡᠳᠭᠡᠯ ᠲᠤᠭ᠎ᠠ ᠶᠢ ᠪᠠᠶᠢᠴᠠᠭᠠᠬᠤ ᠠᠷᠭ᠎ᠠ᠂ ᠯᠠᠪᠯᠠᠨ ᠠᠰᠠᠭᠤᠭᠰᠠᠨ ᠲᠡᠮᠳᠡᠭᠯᠡᠯ | ᠶᠠᠷᠢᠯᠴᠠᠬᠤ ᠤᠷ᠎ᠠ ᠳᠡᠮ ᠵᠡᠷᠭᠡ ᠪᠠᠷ ᠭᠤᠤᠯᠯᠠᠭᠤᠯᠤᠨ ᠬᠢᠴᠢᠶᠡᠯ ᠤᠷᠤᠵᠠᠢ᠃ | | | | ᠪᠣᠯᠪᠠᠰᠤᠷᠠᠯ ᠳᠤ ᠣᠷᠣᠯᠴᠠᠭᠰᠠᠳ ᠲᠡᠦᠬᠡ ᠶᠢᠨ ᠲᠠᠩᠰᠠ ᠡᠪᠬᠡᠮᠡᠯ ᠢ ᠰᠤᠷᠤᠯᠴᠠᠬᠤ ᠪᠠᠷ ᠲᠠᠮᠵᠢᠨ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠶᠠᠪᠤᠴᠠ ᠶᠢ ᠰᠠᠶᠢᠨ ᠮᠡᠳᠡᠳᠡᠭ︔ ᠭᠤᠤᠯᠳᠠᠯᠭ᠎ᠠ ᠲᠠᠢ ᠬᠠᠤᠯᠢ ᠬᠡᠷᠡᠭᠵᠢᠭᠦᠯᠬᠦ | ᠭᠦᠢᠴᠡᠳᠭᠡᠯ ᠲᠤᠭ᠎ᠠ ᠶᠢᠨ ᠲᠠᠶᠢᠯᠤᠮᠵᠢ ᠬᠢᠬᠦ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ | ᠮᠡᠳᠡᠯᠭᠡ ᠶᠢᠨ ᠰᠠᠭᠤᠷᠢ ᠶᠢ ᠨᠡᠮᠡᠭᠳᠡᠬᠦᠯᠪᠡ︔ ᠳᠠᠭᠤᠷᠢᠶᠠᠮᠠᠯ ᠲᠤᠬᠠᠶ ᠶᠢᠨ ᠲᠠᠯᠠᠪᠠᠶ ᠶᠢᠨ ᠲᠤᠭ᠎ᠠ ᠪᠦᠷᠢᠳᠬᠡᠯ ᠤᠨ | ᠬᠠᠤᠯᠢ ᠬᠡᠷᠡᠭᠵᠢᠭᠦᠯᠬᠦ ᠪᠠᠶᠢᠴᠠᠭᠠᠯᠲᠠ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠤᠷ᠎ᠠ | ᠮᠡᠷᠭᠡᠵᠢᠯ ᠢ ᠡᠵᠡᠮᠰᠢᠵᠦ᠂ ᠪᠣᠯᠪᠠᠰᠤᠷᠠᠯ ᠳᠤ ᠣᠷᠣᠯᠴᠠᠬᠤ ᠬᠥᠮᠦᠰ ᠤᠨ ᠲᠤᠭ᠎ᠠ ᠪᠦᠷᠢᠳᠬᠡᠯ ᠤᠨ ᠬᠠᠤᠯᠢ | ᠬᠡᠷᠡᠭᠵᠢᠭᠦᠯᠬᠦ ᠪᠠᠶᠢᠴᠠᠭᠠᠯᠲᠠ ᠶᠢᠨ ᠮᠡᠳᠡᠯᠭᠡ ᠶᠢᠨ ᠨᠥᠭᠡᠴᠡ ᠪᠠ ᠠᠵᠢᠯᠯᠠᠭᠠᠨ ᠤ ᠬᠢᠷᠢ ᠬᠡᠮᠵᠢᠶ᠎ᠡ ᠶᠢ ᠦᠨᠡᠨᠬᠦ | ᠳᠡᠭᠡᠭᠰᠢᠯᠡᠬᠦᠯᠪᠡ᠃ | | | | ᠣᠶᠢᠷ᠎ᠠ ᠶᠢᠨ ᠵᠢᠯ ᠤᠨ ᠲᠤᠷᠰᠢ᠂ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ | ᠪᠦᠷᠢᠳᠬᠡᠯ ᠤᠨ ᠬᠠᠤᠯᠢ ᠬᠡᠷᠡᠭᠵᠢᠭᠦᠯᠬᠦ ᠭᠤᠤᠯᠯᠠᠭᠴᠢ ᠬᠦᠴᠦᠨ ᠢ ᠡᠭᠡᠯᠵᠢᠯᠡᠨ ᠪᠣᠯᠪᠠᠰᠤᠷᠠᠭᠤᠯᠬᠤ᠂ ᠬᠠᠷᠠᠭᠠᠯᠵᠠᠭᠰᠠᠨ | ᠵᠢᠭᠠᠨ ᠰᠤᠷᠭᠠᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠶ ᠰᠡᠳᠦᠪᠲᠦ ᠰᠤᠷᠤᠯᠴᠠᠯᠭ᠎ᠠ᠂ ᠬᠠᠤᠯᠢ | ᠬᠡᠷᠡᠭᠵᠢᠭᠦᠯᠬᠦ ᠪᠣᠳᠠᠲᠠᠶ ᠠᠵᠢᠯᠯᠠᠭ᠎ᠠ ᠵᠡᠷᠭᠡ ᠠᠵᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠨᠡᠮᠯᠡᠯ ᠲᠠᠢ | ᠠᠵᠢᠯᠲᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ᠂ ᠲᠤᠰᠬᠠᠶᠢᠵᠢᠭᠰᠠᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ | ᠡᠩᠨᠡᠭᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | | |