ᠶᠠᠭᠤ ᠶᠢ R&D ᠠᠵᠢᠯᠯᠠᠭ᠎ᠠ ᠵᠢᠴᠢ ︽R&D ᠵᠠᠷᠤᠳᠠᠯ︾ ᠭᠡᠬᠦ ᠪᠤᠢ︖
ᠨᠡᠶᠢᠲᠡᠯᠡᠭᠰᠡᠨ ᠴᠠᠭ᠄
2024/4/28
    ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠠᠩᠭ᠍ᠯᠢ ᠬᠡᠯᠡᠨ ᠤ ᠪᠦᠬᠦᠯᠢ ᠨᠡᠷᠡᠶᠢᠳᠦᠯ ᠨᠢ ︽Researchand Experimental Delopment︾᠂ ᠠᠩᠭ᠍ᠯᠢ ᠬᠡᠯᠡᠨ ᠤ ᠲᠣᠪᠴᠢᠯᠠᠭᠰᠠᠨ ᠪᠢᠴᠢᠯᠭᠡ ᠨᠢ ︽R&D︾᠂ ᠬᠢᠲᠠᠳ ᠬᠡᠯᠡᠨ ᠤ ᠳᠥᠭᠦᠮᠴᠢᠯᠡᠭᠰᠡᠨ ᠪᠢᠴᠢᠯᠭᠡ ᠨᠢ ︽ᠰᠤᠳᠤᠯᠤᠨ ᠨᠡᠭᠡᠭᠡᠯᠲᠡ︾ ᠪᠣᠯᠤᠨ᠎ᠠ᠃ R&D ᠪᠣᠯ ᠮᠡᠳᠡᠯᠭᠡ ᠶᠢᠨ ᠬᠠᠳᠠᠭᠠᠯᠠᠮᠵᠢ ︵ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶᠢᠭᠡᠮ ᠤᠨ ᠬᠤᠯᠪᠣᠭᠳᠠᠯ ᠪᠦᠬᠦᠢ ᠮᠡᠳᠡᠯᠭᠡ ᠪᠠᠭᠲᠠᠨ᠎ᠠ︶ ᠶᠢ ᠨᠡᠮᠡᠭᠳᠡᠭᠦᠯᠬᠦ ᠵᠢᠴᠢ ᠪᠡᠯᠡᠨ ᠪᠠᠶᠢᠭ᠎ᠠ ᠮᠡᠳᠡᠯᠭᠡ ᠶᠢᠨ ᠰᠢᠨ᠎ᠡ ᠬᠡᠷᠡᠭᠯᠡᠭᠡ ᠶᠢ ᠲᠥᠯᠥᠪᠯᠡᠬᠦ ᠶᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ ᠢ ᠬᠡᠯᠡᠵᠦ ᠪᠠᠶᠢᠨ᠎ᠠ᠂ ᠡᠭᠦᠨ ᠳᠤ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠵᠡᠷᠭᠡ ᠭᠤᠷᠪᠠᠨ ᠵᠦᠢᠯ ᠤᠨ ᠬᠡᠯᠪᠡᠷᠢ ᠪᠠᠭᠲᠠᠨ᠎ᠠ᠃ R&D ᠠᠵᠢᠯᠯᠠᠭ᠎ᠠ ᠨᠢ ᠲᠠᠪᠤᠨ ᠨᠥᠬᠦᠴᠡᠯ ᠢ ᠬᠠᠩᠭᠠᠬᠤ ᠬᠡᠷᠡᠭᠲᠡᠶ᠄ ᠰᠢᠨ᠎ᠡ ᠰᠣᠷᠭᠤᠭ ᠴᠢᠨᠠᠷ᠂ ᠪᠦᠲᠦᠭᠡᠯᠴᠢ ᠴᠢᠨᠠᠷ᠂ ᠲᠣᠭᠲᠠᠭᠠᠯᠲᠤ ᠪᠤᠰᠤ ᠴᠢᠨᠠᠷ᠂ ᠰᠢᠰᠲ᠋ᠧᠮᠲᠦ ᠴᠢᠨᠠᠷ᠂ ᠰᠢᠯᠵᠢᠭᠦᠯᠵᠦ ᠪᠣᠯᠬᠤ ᠴᠢᠨᠠᠷ ︵ᠬᠠᠭᠤᠯᠪᠤᠷᠢᠯᠠᠵᠤ ᠪᠣᠯᠬᠤ ᠴᠢᠨᠠᠷ︶ ᠪᠣᠯᠤᠨ᠎ᠠ᠃    R&D ᠵᠠᠷᠤᠳᠠᠯ ᠤᠨ ᠵᠠᠷᠤᠯᠭ᠎ᠠ ᠭᠡᠳᠡᠭ ᠨᠢ ᠮᠡᠳᠡᠭᠦᠯᠦᠯᠲᠡ ᠶᠢᠨ ᠬᠤᠭᠤᠴᠠᠭᠠᠨ ᠳᠤ R&D ᠠᠵᠢᠯᠯᠠᠭ᠎ᠠ ᠶᠢ ᠬᠡᠷᠡᠭᠵᠢᠭᠦᠯᠬᠦ ᠶᠢᠨ ᠲᠥᠯᠥᠭᠡ ᠪᠣᠳᠠᠲᠠᠢ ᠡᠭᠦᠰᠦᠭᠰᠡᠨ ᠪᠦᠬᠦ ᠵᠠᠷᠤᠳᠠᠯ ᠤᠨ ᠵᠠᠷᠤᠯᠭ᠎ᠠ ᠶᠢ ᠵᠢᠭᠠᠵᠤ ᠪᠠᠶᠢᠨ᠎ᠠ᠃ ᠵᠠᠷᠤᠳᠠᠯ ᠤᠨ ᠢᠷᠡᠯᠲᠡ ᠶᠢᠨ ᠠᠷᠭ᠎ᠠ ᠵᠠᠮ᠂ ᠵᠠᠷᠤᠳᠠᠯ ᠤᠨ ᠲᠥᠰᠦᠪ ᠤᠨ ᠬᠠᠷᠢᠶ᠎ᠠ ᠬᠤᠭᠤᠴᠠᠭ᠎ᠠ᠂ ᠲᠥᠷᠥᠯ ᠵᠦᠢᠯ ᠢ ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ ᠭᠡᠰᠡᠨ ᠦᠭᠡᠶ᠂ ᠵᠠᠷᠤᠳᠠᠯ ᠤᠨ ᠵᠠᠷᠤᠯᠭ᠎ᠠ ᠨᠢ ᠲᠤᠰ ᠬᠤᠭᠤᠴᠠᠭᠠᠨ ᠤ ᠠᠰᠢᠭ ᠣᠯᠵᠠᠪᠤᠷᠢ ᠶᠢᠨ ᠥᠪᠡᠷ ᠤᠨ ᠥᠷᠲᠡᠭ ᠪᠣᠯᠵᠤ ᠪᠦᠷᠢᠯᠳᠦᠭᠰᠡᠨ ᠡᠰᠡᠬᠦ ᠭᠡᠰᠡᠨ ᠦᠭᠡᠶ᠂ ᠮᠡᠳᠡᠭᠦᠯᠦᠯᠲᠡ ᠶᠢᠨ ᠬᠤᠭᠤᠴᠠᠭᠠᠨ ᠳᠤ ᠪᠤᠶ ᠪᠣᠯᠤᠭᠰᠠᠨ ᠵᠠᠷᠤᠳᠠᠯ ᠤᠨ ᠵᠠᠷᠤᠯᠭ᠎ᠠ ᠶᠢ ᠴᠥᠮ ᠪᠦᠷᠢᠳᠬᠡᠬᠦ ᠬᠡᠷᠡᠭᠲᠡᠶ᠃    R&D ᠶᠢᠨ ᠵᠠᠷᠤᠳᠠᠯ ᠤᠨ ᠵᠠᠷᠤᠯᠭ᠎ᠠ ᠶᠢ ᠵᠠᠷᠤᠳᠠᠯ ᠬᠡᠷᠡᠭᠯᠡᠬᠦ ᠭᠤᠣᠯ ᠴᠣᠭᠴᠠ ᠪᠠᠷ ᠨᠢ ᠳᠣᠲᠣᠭᠠᠳᠤ ᠵᠠᠷᠤᠯᠭ᠎ᠠ ᠪᠠ ᠭᠠᠳᠠᠭᠠᠳᠤ ᠵᠠᠷᠤᠯᠭ᠎ᠠ ᠭᠡᠵᠦ ᠬᠤᠪᠢᠶᠠᠨ᠎ᠠ᠃ ᠳᠠᠪᠬᠤᠷᠳᠠᠭᠤᠯᠤᠨ ᠪᠤᠳᠤᠬᠤ ᠠᠴᠠ ᠵᠠᠶᠢᠯᠠᠰᠬᠢᠬᠦ ᠶᠢᠨ ᠲᠥᠯᠥᠭᠡ᠂ ᠪᠥᠬᠦ ᠨᠡᠶᠢᠭᠡᠮ ᠤᠨ R&D ᠵᠠᠷᠤᠳᠠᠯ ᠢ ᠪᠠᠶᠢᠴᠠᠭᠠᠬᠤ ᠨᠢᠭᠡᠴᠢ R&D ᠶᠢᠨ ᠵᠠᠷᠤᠳᠠᠯ ᠤᠨ ᠳᠣᠲᠣᠭᠠᠳᠤ ᠶᠢᠨ ᠵᠠᠷᠤᠯᠭ᠎ᠠ ᠶᠢᠨ ᠨᠡᠶᠢᠯᠡᠪᠦᠷᠢ ᠪᠣᠯᠭᠠᠨ᠎ᠠ᠃ R&D ᠵᠠᠷᠤᠳᠠᠯ ᠤᠨ ᠳᠣᠲᠣᠭᠠᠳᠤ ᠶᠢᠨ ᠵᠠᠷᠤᠯᠭ᠎ᠠ ᠶᠢ ᠵᠠᠷᠤᠯᠭ᠎ᠠ ᠶᠢᠨ ᠰᠢᠨᠵᠢ ᠴᠢᠨᠠᠷ ᠢᠶᠠᠷ ᠡᠳᠦᠷ ᠲᠤᠲᠤᠮ ᠤᠨ ᠴᠢᠨᠠᠷᠲᠠᠶ ᠵᠠᠷᠤᠯᠭ᠎ᠠ ᠪᠠ ᠡᠳ᠋ ᠬᠥᠷᠥᠩᠭᠡ ᠶᠢᠨ ᠴᠢᠨᠠᠷᠲᠠᠶ ᠵᠠᠷᠤᠯᠭ᠎ᠠ ᠭᠡᠵᠦ ᠬᠤᠪᠢᠶᠠᠨ᠎ᠠ᠂ ᠳᠡᠭᠡᠷᠡᠬᠢ ᠨᠠᠷᠢᠨ ᠠᠭᠤᠯᠭ᠎ᠠ ᠶᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 2019 ᠣᠨ ᠳᠤ ᠬᠠᠮᠤᠭ ᠤᠨ ᠰᠢᠨ᠎ᠡ ᠨᠡᠶᠢᠲᠡᠯᠡᠭᠰᠡᠨ ︽ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠠᠴᠠ ᠯᠠᠪᠯᠠᠵᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号