ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ | ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠪᠣᠯᠤᠨ ᠲᠤᠭ᠎ᠠ | ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠰᠢᠨᠵᠢᠯᠡᠬᠦ | ᠤᠬᠠᠭᠠᠨᠴᠢ ᠴᠢᠨᠠᠷ ᠪᠠ ᠡᠷᠬᠡ ᠰᠦᠷᠲᠦ ᠴᠢᠨᠠᠷ ᠢ ᠪᠠᠲᠤᠯᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠴᠢᠨᠠᠷ ᠴᠢᠨᠰᠠᠭ᠎ᠠ ᠶᠢ ᠪᠠᠲᠤᠯᠠᠨ᠂ ᠪᠦᠷᠢᠳᠬᠡᠭᠳᠡᠨ ᠪᠠᠶᠢᠴᠠᠭᠠᠭᠳᠠᠬᠤ ᠡᠲᠡᠭᠡᠳ ᠤᠨ ᠳᠠᠷᠤᠭᠠᠰᠤ ᠶᠢ ᠬᠥᠩᠭᠡᠷᠡᠭᠦᠯᠬᠦ ᠶᠢᠨ | ᠲᠦᠯᠦᠭᠡ᠂ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠠᠴᠠ ᠲᠤᠭ᠎ᠠ ᠪᠦᠷᠢᠳᠬᠡᠯ ᠤᠨ ᠬᠠᠤᠯᠢ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ | ᠲᠦᠷᠢᠮ︾᠂ ︽ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ | ᠠᠷᠭ᠎ᠠ︾᠂ ︽ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠥᠷᠥᠯ ᠵᠦᠢᠯ ᠭᠡᠳᠡᠭ ᠨᠢ ᠪᠠᠶᠢᠴᠠᠭᠠᠯᠲᠠ ᠶᠢᠨ ᠬᠦᠰᠦᠨᠦᠭᠲᠦ᠂ ᠠᠰᠠᠭᠤᠯᠲᠠ ᠶᠢᠨ ᠬᠠᠭᠤᠳᠠᠰᠤ ᠵᠢᠴᠢ ᠪᠤᠰᠤᠳ | ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ | ᠵᠠᠰᠠᠭ ᠤᠨ ᠣᠷᠳᠣᠨ ᠤ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠡᠯ᠎ᠡ | ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠵᠢᠭᠠᠵᠤ ᠪᠤᠶ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ | ᠲᠣᠪᠴᠢᠶ᠎ᠠ ᠠᠴᠠ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠰᠠᠯᠠᠭ᠎ᠠ ᠮᠥᠴᠢᠷ ᠤᠨ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠪᠣᠯᠤᠨ ᠣᠷᠣᠨ ᠨᠤᠲᠤᠭ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠳᠤ ᠨᠥᠬᠦᠪᠥᠷᠢ ᠬᠢᠵᠦ᠂ ᠪᠠᠶᠢᠴᠠᠭᠠᠯᠲᠠ ᠶᠢᠨ ᠠᠭᠤᠯᠭ᠎ᠠ ᠪᠠᠨ ᠨᠡᠮᠡᠭᠳᠡᠭᠦᠯᠬᠦ᠂ | ᠪᠠᠶᠢᠴᠠᠭᠠᠯᠲᠠ ᠶᠢᠨ ᠬᠡᠪᠴᠢᠶ᠎ᠡ ᠪᠠᠨ ᠥᠷᠭᠡᠳᠬᠡᠬᠦ᠂ ᠪᠠᠶᠢᠴᠠᠭᠠᠯᠲᠠ ᠶᠢᠨ ᠳᠠᠪᠲᠠᠮᠵᠢ ᠪᠠᠨ ᠳᠡᠭᠡᠭᠰᠢᠯᠡᠭᠦᠯᠬᠦ᠂ | ᠪᠠᠶᠢᠴᠠᠭᠠᠯᠲᠠ ᠶᠢᠨ ᠨᠢᠭᠡᠴᠡ ᠪᠠᠨ ᠨᠡᠮᠡᠭᠳᠡᠭᠦᠯᠬᠦ ᠵᠡᠷᠭᠡ ᠶᠢ ᠪᠠᠭᠲᠠᠭᠠᠭᠰᠠᠨ ᠲᠤᠰ ᠠᠷᠭ᠎ᠠ ᠶᠢᠨ ᠶᠣᠰᠣᠭᠠᠷ ᠬᠠᠮᠢᠶᠠᠷᠬᠤ | ᠬᠡᠷᠡᠭᠲᠡᠶ᠃ | ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠭᠡᠳᠡᠭ ᠨᠢ ᠪᠦᠬᠦ ᠤᠯᠤᠰ ᠤᠨ | ᠴᠢᠨᠠᠷᠲᠠᠶ ᠦᠨᠳᠦᠰᠦᠨ ᠪᠠᠶᠢᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠵᠢᠭᠠᠵᠤ ᠪᠤᠶ᠃ | ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠭᠡᠳᠡᠭ ᠨᠢ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠴᠢᠨᠠᠷᠲᠠᠶ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠵᠢᠭᠠᠵᠤ ᠪᠤᠶ᠃ ᠣᠷᠣᠨ ᠨᠤᠲᠤᠭ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠭᠡᠳᠡᠭ ᠨᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠣᠷᠣᠨ ᠨᠤᠲᠤᠭ ᠤᠨ ᠴᠢᠨᠠᠷᠲᠠᠶ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠵᠢᠭᠠᠵᠤ ᠪᠤᠶ᠃ | ᠬᠤᠶᠠᠳᠤᠭᠠᠷ ᠪᠦᠯᠦᠭ ᠬᠡᠷᠡᠭᠯᠡᠬᠦ ᠬᠡᠪᠴᠢᠶ᠎ᠡ᠂ ᠬᠠᠮᠢᠶᠠᠷᠬᠤ ᠠᠭᠤᠯᠭ᠎ᠠ ᠵᠢᠴᠢ ᠡᠷᠬᠡ ᠮᠡᠳᠡᠯ | ᠭᠤᠷᠪᠠᠳᠤᠭᠠᠷ ᠵᠦᠢᠯ ᠲᠤᠰ ᠠᠷᠭ᠎ᠠ ᠶᠢᠨ ᠲᠣᠬᠢᠷᠠᠬᠤ ᠬᠡᠪᠴᠢᠶ᠎ᠡ᠄ | ︵ᠨᠢᠭᠡ ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤᠰᠠᠭᠠᠷ ᠪᠠᠶᠢᠭᠤᠯᠤᠭᠰᠠᠨ ᠵᠠᠰᠠᠪᠤᠷᠢ ᠣᠷᠣᠭᠤᠯᠤᠭᠰᠠᠨ ᠪᠤᠶᠤ ᠬᠠᠮᠲᠤ ᠪᠠᠷ ᠪᠠᠶᠢᠭᠤᠯᠤᠭᠰᠠᠨ | ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠃ | ︵ᠬᠤᠶᠠᠷ︶ ᠠᠶᠢᠮᠠᠭ ᠬᠤᠲᠠ᠂ ᠬᠤᠰᠢᠭᠤ ᠰᠢᠶᠠᠨ ᠬᠤᠲᠠ᠂ ᠲᠣᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠲᠤᠰᠠᠭᠠᠷ ᠪᠠᠶᠢᠭᠤᠯᠬᠤ ︵ᠵᠠᠰᠠᠪᠤᠷᠢ ᠣᠷᠣᠭᠤᠯᠬᠤ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠪᠠᠷ ᠪᠠᠶᠢᠭᠤᠯᠬᠤ ︵ᠵᠠᠰᠠᠪᠤᠷᠢ ᠣᠷᠣᠭᠤᠯᠬᠤ︶ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠨᠠᠶᠢᠳᠠᠯᠭ᠎ᠠ ᠪᠠᠷ ᠪᠠᠶᠢᠭᠤᠯᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠦᠨ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠯᠠᠪᠯᠠᠯᠭ᠎ᠠ | ᠬᠠᠩᠭᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠤᠨ ᠵᠢᠷᠤᠭ ᠲᠥᠯᠥᠪᠯᠡᠭᠡ ᠶᠢ ᠵᠢᠯᠣᠭᠤᠳᠤᠨ᠂ | ᠬᠢᠨᠠᠨ ᠵᠥᠪᠰᠢᠶᠡᠷᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ᠂ ᠣᠷᠣᠨ ᠨᠤᠲᠤᠭ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠮᠡᠳᠡᠭᠦᠯᠦᠨ ᠵᠥᠪᠰᠢᠶᠡᠷᠡᠭᠦᠯᠬᠦ ᠶᠢ ᠬᠦᠯᠢᠶᠡᠨ ᠠᠪᠴᠤ᠂ | ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠴᠢᠬᠤᠯᠠ ᠴᠢᠨᠠᠷ᠂ | ᠪᠣᠯᠤᠮᠵᠢᠲᠤ ᠴᠢᠨᠠᠷ ᠪᠣᠯᠤᠨ ᠰᠢᠨᠵᠢᠯᠡᠬᠦ ᠤᠬᠠᠭᠠᠨᠴᠢ ᠴᠢᠨᠠᠷ ᠢ ᠬᠢᠨᠠᠨ ᠬᠠᠷᠭᠤᠭᠤᠯᠵᠤ᠂ ᠴᠣᠬᠤᠯᠠᠪᠤᠷᠢᠯᠠᠭᠰᠠᠨ ᠪᠢᠴᠢᠭ | ᠮᠠᠲ᠋ᠧᠷᠢᠶᠠᠯ᠂ ᠬᠢᠨᠠᠨ ᠵᠥᠪᠰᠢᠶᠡᠷᠡᠵᠦ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠳ᠋ᠤᠭᠠᠷ᠂ ᠬᠦᠴᠦᠨ ᠲᠠᠢ | ᠬᠤᠭᠤᠴᠠᠭ᠎ᠠ ᠵᠡᠷᠭᠡ ᠶᠢ ᠲᠤᠭᠤᠷᠪᠢᠨ ᠪᠢᠴᠢᠵᠦ᠂ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠥᠷᠥᠯ ᠵᠦᠢᠯ ᠤᠨ ᠭᠠᠷᠴᠠᠭ ᠪᠣᠯᠤᠨ ᠳᠦᠷᠢᠮ ᠤᠨ ᠢᠯᠡ ᠪᠣᠯᠭᠠᠬᠤ ᠭᠤᠣᠯ ᠠᠭᠤᠯᠭ᠎ᠠ ᠶᠢ ᠨᠡᠶᠢᠲᠡᠯᠡᠵᠦ᠂ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠪᠠ | ᠬᠢᠨᠠᠯᠲᠠ ᠲᠠᠯᠪᠢᠬᠤ ᠵᠡᠷᠭᠡ ᠶᠢ ᠬᠠᠷᠢᠭᠤᠴᠠᠨ᠎ᠠ᠃ ᠪᠣᠳᠠᠲᠠᠶ ᠪᠠᠷ ᠬᠡᠯᠡᠪᠡᠯ᠄ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠠᠭᠠᠷ ᠪᠠᠶᠢᠭᠤᠯᠤᠭᠰᠠᠨ ︵ | ᠵᠠᠰᠠᠪᠤᠷᠢ ᠣᠷᠣᠭᠤᠯᠤᠭᠰᠠᠨ︶ ᠪᠤᠶᠤ ᠬᠠᠮᠲᠤ ᠪᠠᠷ ᠪᠠᠶᠢᠭᠤᠯᠤᠭᠰᠠᠨ ︵ᠵᠠᠰᠠᠪᠤᠷᠢ ᠣᠷᠣᠭᠤᠯᠤᠭᠰᠠᠨ︶ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠲᠤᠰᠠᠭᠠᠷ ᠪᠠᠶᠢᠭᠤᠯᠤᠭᠰᠠᠨ ︵ᠵᠠᠰᠠᠪᠤᠷᠢ | ᠣᠷᠣᠭᠤᠯᠤᠭᠰᠠᠨ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠪᠠᠶᠢᠭᠤᠯᠤᠭᠰᠠᠨ ︵ᠵᠠᠰᠠᠪᠤᠷᠢ | ᠣᠷᠣᠭᠤᠯᠤᠭᠰᠠᠨ︶ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠶᠢᠳᠠᠯᠭ᠎ᠠ ᠶᠢ ᠬᠦᠯᠢᠶᠡᠵᠦ ᠪᠠᠶᠢᠭᠤᠯᠤᠭᠰᠠᠨ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠪᠠᠭᠲᠠᠭᠠᠨ᠎ᠠ᠃ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠨᠢ | ᠬᠠᠷᠢᠶ᠎ᠠ ᠣᠷᠣᠨ ᠤ ᠪᠠᠨ ᠳᠣᠲᠣᠷᠠᠬᠢ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ | ᠵᠦᠢᠯ ᠳᠤ ᠬᠠᠮᠢᠶᠠᠷᠤᠯᠲᠠ ᠪᠠ ᠬᠢᠨᠠᠯᠲᠠ ᠲᠠᠯᠪᠢᠬᠤ ᠬᠡᠷᠡᠭᠲᠡᠶ᠃ ᠪᠣᠳᠠᠲᠠᠶ ᠪᠠᠷ ᠬᠡᠯᠡᠪᠡᠯ᠄ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠰᠠᠭᠠᠷ ᠪᠠᠶᠢᠭᠤᠯᠤᠭᠰᠠᠨ ︵ | ᠵᠠᠰᠠᠪᠤᠷᠢ ᠣᠷᠣᠭᠤᠯᠤᠭᠰᠠᠨ︶ ᠪᠤᠶᠤ ᠬᠠᠮᠲᠤ ᠪᠠᠷ ᠪᠠᠶᠢᠭᠤᠯᠤᠭᠰᠠᠨ ︵ᠵᠠᠰᠠᠪᠤᠷᠢ ᠣᠷᠣᠭᠤᠯᠤᠭᠰᠠᠨ︶ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ︔ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠲᠤᠰ ᠨᠢᠭᠡᠴᠡ ᠨᠢ ᠲᠤᠰᠠᠭᠠᠷ | ᠪᠠᠶᠢᠭᠤᠯᠬᠤ ︵ᠵᠠᠰᠠᠪᠤᠷᠢ ᠣᠷᠣᠭᠤᠯᠬᠤ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠪᠠᠷ ᠪᠠᠶᠢᠭᠤᠯᠬᠤ ︵ | ᠵᠠᠰᠠᠪᠤᠷᠢ ᠣᠷᠣᠭᠤᠯᠬᠤ︶ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠪᠠᠶᠢᠭᠤᠯᠬᠤ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠃ ᠡᠭᠦᠨ ᠳᠤ᠂ ᠬᠤᠰᠢᠭᠤ ᠰᠢᠶᠠᠨ ︵ᠬᠤᠲᠠ᠂ ᠲᠣᠭᠤᠷᠢᠭ︶ | ᠤ ᠲᠤᠭ᠎ᠠ ᠪᠦᠷᠢᠳᠬᠡᠯ ᠤᠨ ᠲᠣᠪᠴᠢᠶ᠎ᠠ ᠲᠤᠰᠠᠭᠠᠷ ᠪᠠᠶᠢᠭᠤᠯᠬᠤ ︵ᠵᠠᠰᠠᠪᠤᠷᠢ ᠣᠷᠣᠭᠤᠯᠬᠤ︶᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠬᠤ ︵ᠵᠠᠰᠠᠪᠤᠷᠢ ᠣᠷᠣᠭᠤᠯᠬᠤ︶ ᠪᠤᠶᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠪᠠᠶᠢᠭᠤᠯᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠵᠦ ᠬᠢᠨᠠᠨ | ᠵᠥᠪᠰᠢᠶᠡᠷᠡᠭᠦᠯᠬᠦ ᠠᠴᠠ ᠡᠮᠦᠨ᠎ᠡ᠂ ᠡᠷᠬᠡᠪᠰᠢ ᠬᠠᠷᠢᠶ᠎ᠠ ᠪᠦᠬᠦᠢ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ ᠪᠠᠷ ᠬᠢᠨᠠᠭᠤᠯᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠭ᠎ᠠ ᠪᠦᠷᠢᠳᠬᠡᠯ ᠤᠨ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ ᠵᠣᠬᠢᠴᠠᠭᠤᠯᠬᠤ | ᠶᠡᠷᠦᠩᠬᠡᠶᠢᠯᠡᠭᠰᠡᠨ ᠪᠠᠶᠢᠭᠤᠯᠤᠮᠵᠢ ᠶᠢ ᠲᠣᠳᠣᠷᠬᠠᠶᠢᠯᠠᠵᠤ᠂ ᠰᠢᠰᠲ᠋ᠧᠮᠵᠢᠭᠦᠯᠦᠨ ᠬᠠᠮᠢᠶᠠᠷᠬᠤ ᠶᠢ ᠬᠠᠷᠢᠭᠤᠴᠠᠨ᠂ ᠲᠤᠰ | ᠰᠠᠯᠠᠭ᠎ᠠ ᠮᠥᠴᠢᠷ ᠤᠨ ᠢᠶᠠᠨ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ | ᠵᠦᠢᠯ ᠢᠶᠠᠨ ᠨᠢᠭᠡᠳᠦᠯᠲᠡᠶ ᠮᠡᠳᠡᠭᠦᠯᠬᠦ ᠬᠡᠷᠡᠭᠲᠡᠶ᠃ | ᠭᠤᠷᠪᠠᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠲᠣᠭᠲᠠᠭᠠᠬᠤ | ᠲᠠᠪᠤᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠲᠣᠭᠲᠠᠭᠠᠬᠤ ᠳᠤ᠂ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠠᠷᠤᠭᠠᠰᠤ ᠪᠣᠯᠤᠨ ᠪᠠᠶᠢᠴᠠᠭᠠᠯᠲᠠ ᠶᠢᠨ ᠥᠪᠡᠷ ᠤᠨ ᠥᠷᠲᠡᠭ ᠢ | ᠪᠣᠳᠣᠯᠬᠢᠯᠠᠵᠤ᠂ ᠪᠠᠶᠢᠴᠠᠭᠠᠯᠲᠠ ᠶᠢᠨ ᠠᠭᠤᠯᠭ᠎ᠠ᠂ ᠪᠠᠶᠢᠴᠠᠭᠠᠯᠲᠠ ᠶᠢᠨ ᠬᠡᠪᠴᠢᠶ᠎ᠡ᠂ ᠪᠠᠶᠢᠴᠠᠭᠠᠯᠲᠠ ᠶᠢᠨ ᠳᠠᠪᠲᠠᠮᠵᠢ | ᠪᠣᠯᠤᠨ ᠪᠠᠶᠢᠴᠠᠭᠠᠯᠲᠠ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠶᠡᠭᠡ ᠲᠤᠭ᠎ᠠ ᠪᠠᠷᠢᠮᠲᠠ | ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠶ︔ ᠵᠠᠰᠠᠭ | ᠵᠠᠬᠢᠷᠭᠠᠨ ᠤ ᠲᠡᠮᠳᠡᠭᠯᠡᠯ ᠢᠶᠠᠨ ᠪᠣᠯᠪᠠᠰᠤᠷᠠᠭᠤᠯᠤᠭᠠᠳ ᠲᠤᠭ᠎ᠠ ᠪᠦᠷᠢᠳᠬᠡᠯ ᠤᠨ ᠮᠠᠲ᠋ᠧᠷᠢᠶᠠᠯ ᠣᠯᠤᠭᠰᠠᠨ ᠪᠣᠯ ᠲᠤᠭ᠎ᠠ | ᠪᠦᠷᠢᠳᠬᠡᠯ ᠤᠨ ᠪᠠᠶᠢᠴᠠᠭᠠᠯᠲᠠ ᠬᠢᠵᠦ ᠪᠣᠯᠬᠤ ᠦᠭᠡᠶ︔ ᠨᠢᠭᠡᠨᠲᠡ ᠵᠥᠪᠰᠢᠶᠡᠷᠡᠭᠦᠯᠦᠭᠡᠳ ᠬᠡᠷᠡᠭᠵᠢᠭᠦᠯᠦᠭᠰᠡᠨ ᠡᠯ᠎ᠡ | ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠨ ᠰᠤᠳᠤᠯᠤᠯᠲᠠ ᠪᠠᠷ ᠳᠠᠮᠵᠢᠨ ᠲᠤᠭ᠎ᠠ ᠪᠦᠷᠢᠳᠬᠡᠯ ᠤᠨ ᠮᠠᠲ᠋ᠧᠷᠢᠶᠠᠯ | ᠣᠯᠵᠤ ᠪᠣᠯᠬᠤ ᠳᠤ ᠬᠦᠷᠪᠡᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠳᠠᠪᠬᠤᠷᠳᠠᠭᠤᠯᠤᠨ ᠥᠷᠨᠢᠭᠦᠯᠵᠦ ᠪᠣᠯᠬᠤ | ᠦᠭᠡᠶ︔ ᠦᠯᠢᠭᠡᠷ ᠠᠪᠴᠤ ᠪᠠᠶᠢᠴᠠᠭᠠᠬᠤ᠂ ᠭᠤᠤᠯᠳᠠᠯᠭ᠎ᠠ ᠲᠠᠢ ᠪᠠᠶᠢᠴᠠᠭᠠᠯᠲᠠ ᠨᠢ ᠬᠡᠷᠡᠭᠴᠡᠭᠡ ᠶᠢ ᠬᠠᠩᠭᠠᠵᠤ | ᠳᠡᠶᠢᠯᠬᠦ ᠳᠤᠨᠢ ᠪᠦᠬᠦ ᠲᠠᠯ᠎ᠠ ᠶᠢᠨ ᠪᠠᠶᠢᠴᠠᠭᠠᠯᠲᠠ ᠬᠢᠵᠦ ᠪᠣᠯᠬᠤ ᠦᠭᠡᠶ᠃ | ᠵᠢᠷᠭᠤᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠲᠣᠭᠲᠠᠭᠠᠬᠤ ᠳᠤ᠂ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ᠂ ᠠᠵᠢᠯᠲᠠᠨ | ᠪᠣᠯᠤᠨ ᠵᠠᠷᠤᠳᠠᠯ ᠤᠨ ᠪᠠᠲᠤᠯᠠᠭ᠎ᠠ ᠶᠢ ᠪᠦᠷᠢᠯᠳᠦᠭᠦᠯᠬᠦ ᠬᠡᠷᠡᠭᠲᠡᠶ᠃ | ᠳᠣᠯᠣᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠲᠣᠭᠲᠠᠭᠠᠬᠤ ᠳᠤ ᠲᠤᠰ | ᠲᠥᠷᠥᠯ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠬᠠᠮᠲᠤ ᠳᠤᠨᠢ ᠲᠣᠭᠲᠠᠭᠠᠬᠤ | ᠬᠡᠷᠡᠭᠲᠡᠶ᠃ | ᠨᠠᠢᠮᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠨᠢ ᠤᠯᠤᠰ ᠤᠨ ᠲᠤᠭ᠎ᠠ | ᠪᠦᠷᠢᠳᠬᠡᠯ ᠤᠨ ᠪᠠᠷᠢᠮᠵᠢᠶ᠎ᠠ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠪᠣᠯᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠲᠥᠷᠥᠯ ᠬᠤᠪᠢᠶᠠᠬᠤ ᠪᠠᠷᠢᠮᠵᠢᠶ᠎ᠠ ᠶᠢᠨ ᠲᠤᠬᠠᠶ ᠬᠠᠮᠢᠶ᠎ᠠ | ᠪᠦᠬᠦᠢ ᠲᠣᠭᠲᠠᠭᠠᠯ ᠢ ᠬᠡᠷᠡᠭᠵᠢᠭᠦᠯᠬᠦ ᠬᠡᠷᠡᠭᠲᠡᠶ᠃ | ᠶᠢᠰᠦᠳᠦᠭᠡᠷ ᠵᠦᠢᠯ ᠰᠢᠨ᠎ᠡ ᠪᠠᠷ ᠪᠠᠶᠢᠭᠤᠯᠬᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ | ᠪᠤᠶᠤ ᠡᠰᠡᠬᠦᠯ᠎ᠡ ᠣᠳᠣ ᠶᠢᠨ ᠬᠡᠷᠡᠭᠵᠢᠭᠦᠯᠵᠦ ᠪᠠᠶᠢᠭ᠎ᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ | ᠵᠦᠢᠯ ᠳᠤ ᠨᠡᠯᠢᠶᠡᠳ ᠶᠡᠭᠡ ᠨᠥᠬᠦᠪᠥᠷᠢᠯᠡᠨ ᠵᠠᠰᠠᠪᠤᠷᠢ ᠣᠷᠣᠭᠤᠯᠬᠤ ᠳᠤ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠬᠦᠰᠦᠨᠦᠭᠲᠦ ᠶᠢᠨ ᠪᠣᠯᠤᠮᠵᠢᠲᠤ ᠴᠢᠨᠠᠷ ᠤᠨ ᠰᠢᠯᠭᠠᠯᠲᠠ ᠶᠢ ᠤᠷᠢᠳᠠᠪᠠᠷ ᠥᠷᠨᠢᠭᠦᠯᠬᠦ ᠬᠡᠷᠡᠭᠲᠡᠶ᠃ | ᠡᠭᠦᠨ ᠳᠤ᠂ ᠴᠢᠬᠤᠯᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ ᠲᠤᠷᠰᠢᠯᠲᠠ ᠬᠢᠬᠦ | ᠬᠡᠷᠡᠭᠲᠡᠶ᠃ | ᠠᠷᠪᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠨᠢ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠪᠠᠯ᠂ ᠲᠣᠭᠲᠠᠭᠠᠬᠤ ᠪᠠᠶᠢᠭᠤᠯᠤᠯᠭ᠎ᠠ ᠨᠢ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ | ᠳᠥᠷᠪᠡᠳᠦᠭᠡᠷ ᠪᠦᠯᠦᠭ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠠᠷᠪᠠᠨ ᠨᠢᠭᠡᠳᠦᠭᠡᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠳᠤ ᠭᠤᠶᠤᠴᠢᠯᠠᠬᠤ᠂ ᠬᠦᠯᠢᠶᠡᠨ ᠠᠪᠬᠤ᠂ ᠬᠢᠨᠠᠨ ᠪᠠᠶᠢᠴᠠᠭᠠᠬᠤ᠂ ᠬᠠᠷᠢᠭᠤ ᠲᠤᠰᠬᠠᠬᠤ᠂ | ᠲᠣᠭᠲᠠᠭᠠᠬᠤ ᠵᠡᠷᠭᠡ ᠳᠡᠰ ᠳᠠᠷᠠᠭᠠᠯᠠᠯ ᠪᠠᠭᠲᠠᠨ᠎ᠠ᠃ | ᠠᠷᠪᠠᠨ ᠬᠤᠶᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠳᠤ᠂ ᠲᠣᠭᠲᠠᠭᠠᠬᠤ ᠪᠠᠶᠢᠭᠤᠯᠤᠯᠭ᠎ᠠ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠳᠣᠣᠷᠠᠬᠢ | ᠮᠡᠲᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | ︵ᠨᠢᠭᠡ︶ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠭᠰᠠᠨ ᠲᠥᠷᠥᠯ ᠵᠦᠢᠯ ᠤᠨ ᠠᠯᠪᠠᠨ ᠪᠢᠴᠢᠭ︔ | ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠭᠤᠶᠤᠴᠢᠯᠠᠯ ᠤᠨ ᠪᠢᠴᠢᠭ︔ | ᠡᠭᠦᠨ ᠳᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠦᠨᠳᠦᠰᠦᠨ ᠪᠠᠶᠢᠳᠠᠯ᠂ | ᠪᠣᠯᠤᠮᠵᠢᠲᠤ ᠨᠤᠲᠠᠯᠠᠯ ᠤᠨ ᠮᠡᠳᠡᠭᠦᠯᠦᠯᠲᠡ᠂ ᠬᠠᠮᠢᠶ᠎ᠠ ᠪᠥᠬᠦᠶ ᠣᠷᠣᠨ ᠨᠤᠲᠤᠭ᠂ ᠰᠠᠯᠠᠭ᠎ᠠ ᠮᠥᠴᠢᠷ ᠪᠤᠶᠤ ᠲᠤᠰᠬᠠᠶ | ᠮᠡᠷᠭᠡᠵᠢᠯᠲᠡᠨ ᠤ ᠰᠠᠨᠠᠯ ᠢ ᠬᠤᠷᠢᠶᠠᠭᠰᠠᠨ ᠪᠠᠶᠢᠳᠠᠯ᠂ ᠬᠤᠷᠠᠯ ᠤᠨ ᠲᠦᠷᠢᠮ ᠤᠨ ᠶᠣᠰᠣᠭᠠᠷ ᠬᠠᠮᠲᠤ ᠪᠠᠷ ᠶᠠᠷᠢᠯᠴᠠᠨ | ᠲᠣᠭᠲᠠᠭᠠᠭᠰᠠᠨ ᠪᠠᠶᠢᠳᠠᠯ᠂ ᠵᠠᠷᠤᠳᠠᠯ ᠤᠨ ᠪᠠᠲᠤᠯᠠᠭ᠎ᠠ ᠶᠢᠨ ᠪᠠᠶᠢᠳᠠᠯ᠂ ᠰᠢᠨ᠎ᠡ ᠪᠠᠷ ᠪᠠᠶᠢᠭᠤᠯᠤᠭᠰᠠᠨ ᠲᠥᠷᠥᠯ | ᠵᠦᠢᠯ ᠤᠨ ᠪᠣᠯᠤᠮᠵᠢᠲᠤ ᠴᠢᠨᠠᠷ ᠤᠨ ᠰᠢᠯᠭᠠᠯᠲᠠ ᠶᠢᠨ ᠪᠠᠶᠢᠳᠠᠯ ︵ᠰᠢᠯᠭᠠᠯᠲᠠ ᠶᠢᠨ ᠲᠥᠰᠦᠯ᠂ ᠰᠢᠯᠭᠠᠯᠲᠠ ᠶᠢᠨ | ᠦᠨᠡᠯᠡᠯᠲᠡ ᠶᠢᠨ ᠬᠦᠰᠦᠨᠦᠭᠲᠦ ᠵᠢᠴᠢ ᠰᠢᠯᠭᠠᠯᠲᠠ ᠶᠢᠨ ᠮᠡᠳᠡᠭᠦᠯᠦᠯᠲᠡ ᠪᠠᠭᠲᠠᠨ᠎ᠠ︶᠂ ᠵᠠᠰᠠᠪᠤᠷᠢ ᠣᠷᠣᠭᠤᠯᠤᠭᠰᠠᠨ | ᠲᠥᠷᠥᠯ ᠵᠦᠢᠯ ᠤᠨ ᠵᠠᠰᠠᠪᠤᠷᠢ ᠣᠷᠣᠭᠤᠯᠤᠭᠰᠠᠨ ᠲᠣᠳᠣᠷᠬᠠᠶᠢᠯᠠᠯᠲᠠ᠂ ᠳᠡᠭᠡᠷ᠎ᠡ ᠬᠤᠭᠤᠴᠠᠭᠠᠨ ᠤ ᠲᠥᠷᠥᠯ ᠵᠦᠢᠯ ᠢ | ᠬᠡᠷᠡᠭᠵᠢᠭᠦᠯᠦᠭᠰᠡᠨ ᠪᠠᠶᠢᠳᠠᠯ᠂ ᠲᠦᠷᠢᠮ ᠢ ᠢᠯᠡ ᠪᠣᠯᠭᠠᠭᠰᠠᠨ ᠭᠤᠤᠯ ᠠᠭᠤᠯᠭ᠎ᠠ ᠵᠡᠷᠭᠡ ᠶᠢ ᠪᠠᠭᠲᠠᠭᠠᠨ᠎ᠠ︔ | ︵ᠭᠤᠷᠪᠠ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ︔ | ᠡᠭᠦᠨ ᠳᠤ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠱᠠᠭᠠᠷᠳᠠᠯᠭ᠎ᠠ᠂ | ᠶᠡᠷᠦᠩᠬᠡᠶ ᠲᠣᠳᠣᠷᠬᠠᠶᠢᠯᠠᠯᠲᠠ᠂ ᠮᠡᠳᠡᠭᠦᠯᠬᠦ ᠬᠦᠰᠦᠨᠦᠭᠲᠦ ᠶᠢᠨ ᠭᠠᠷᠴᠠᠭ᠂ ᠪᠠᠶᠢᠴᠠᠭᠠᠯᠲᠠ ᠶᠢᠨ ᠬᠦᠰᠦᠨᠦᠭᠲᠦ ᠶᠢᠨ | ᠬᠡᠯᠪᠡᠷᠢ᠂ ᠲᠥᠷᠥᠯ ᠬᠤᠪᠢᠶᠠᠭᠰᠠᠨ ᠭᠠᠷᠴᠠᠭ᠂ ᠭᠦᠢᠴᠡᠳᠬᠡᠬᠦ ᠲᠤᠭ᠎ᠠ ᠶᠢᠨ ᠲᠠᠶᠢᠯᠪᠤᠷᠢᠯᠠᠯᠲᠠ᠂ ᠭᠦᠢᠴᠡᠳᠬᠡᠬᠦ | ᠲᠤᠭ᠎ᠠ ᠶᠢᠨ ᠬᠤᠭᠤᠷᠣᠨᠳᠣᠬᠢ ᠯᠣᠭᠢᠭ ᠤᠨ ᠬᠠᠷᠢᠴᠠᠭ᠎ᠠ ᠶᠢ ᠪᠠᠭᠲᠠᠭᠠᠵᠤ᠂ ᠦᠯᠢᠭᠡᠷ ᠠᠪᠴᠤ ᠪᠠᠶᠢᠴᠠᠭᠠᠬᠤ ᠠᠷᠭ᠎ᠠ ᠶᠢ | ᠬᠡᠷᠡᠭᠯᠡᠭᠰᠡᠨ ᠳᠤᠨᠢ ᠪᠠᠰᠠ ᠦᠯᠢᠭᠡᠷ ᠠᠪᠴᠤ ᠪᠠᠶᠢᠴᠠᠭᠠᠬᠤ ᠲᠥᠰᠦᠯ ᠢ ᠪᠠᠭᠲᠠᠭᠠᠬᠤ ᠬᠡᠷᠡᠭᠲᠡᠶ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ ᠤᠨ ᠶᠡᠷᠦᠩᠬᠡᠢ ᠲᠣᠳᠣᠷᠬᠠᠶᠢᠯᠠᠯᠲᠠ ᠳᠤ ᠪᠠᠶᠢᠴᠠᠭᠠᠬᠤ | ᠵᠣᠷᠢᠯᠭ᠎ᠠ᠂ ᠪᠠᠶᠢᠴᠠᠭᠠᠭᠳᠠᠬᠤ ᠡᠲᠡᠭᠡᠳ᠂ ᠪᠠᠶᠢᠴᠠᠭᠠᠬᠤ ᠬᠡᠪᠴᠢᠶ᠎ᠡ᠂ ᠪᠠᠶᠢᠴᠠᠭᠠᠬᠤ ᠠᠭᠤᠯᠭ᠎ᠠ᠂ ᠪᠠᠶᠢᠴᠠᠭᠠᠬᠤ | ᠳᠠᠪᠲᠠᠮᠵᠢ᠂ ᠪᠠᠶᠢᠴᠠᠭᠠᠬᠤ ᠴᠠᠭ᠂ ᠪᠠᠶᠢᠴᠠᠭᠠᠬᠤ ᠠᠷᠭ᠎ᠠ᠂ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ | ᠠᠷᠭ᠎ᠠ ᠮᠠᠶ᠋ᠢᠭ᠂ ᠶᠠᠰᠤ ᠴᠢᠨᠠᠷ ᠢ ᠡᠵᠡᠮᠳᠡᠬᠦ᠂ ᠮᠡᠳᠡᠭᠦᠯᠦᠨ ᠬᠦᠷᠭᠡᠬᠦ ᠱᠠᠭᠠᠷᠳᠠᠯᠭ᠎ᠠ᠂ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ᠂ ᠲᠤᠭ᠎ᠠ ᠪᠠᠷᠢᠮᠲᠠ ᠨᠡᠶᠢᠲᠡᠯᠡᠬᠦ ᠵᠡᠷᠭᠡ ᠳᠤ ᠲᠣᠭᠲᠠᠭᠠᠯ ᠭᠠᠷᠭᠠᠬᠤ ᠬᠡᠷᠡᠭᠲᠡᠢ᠃ | ︵ᠳᠥᠷᠪᠡ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠲᠤᠷᠰᠢᠯᠲᠠ ᠶᠢᠨ ᠴᠢᠭ ᠤᠨ | ᠮᠡᠳᠡᠭᠦᠯᠦᠯᠲᠡ ︵ᠰᠢᠨ᠎ᠡ ᠪᠠᠷ ᠨᠡᠮᠡᠭᠳᠡᠭᠰᠡᠨ ᠴᠢᠬᠤᠯᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ | ᠬᠠᠩᠭᠠᠬᠤ ᠴᠢᠬᠤᠯᠠᠲᠠᠶ︶︔ | ︵ᠲᠠᠪᠤ︶ ᠨᠠᠶᠢᠳᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠨᠢ ᠨᠠᠶᠢᠳᠠᠭᠰᠠᠨ | ᠨᠢᠭᠡᠴᠡ ᠶᠢᠨ ᠭᠠᠷᠭᠠᠭᠰᠠᠨ ᠨᠠᠶᠢᠳᠠᠯᠭ᠎ᠠ ᠶᠢᠨ ᠵᠠᠬᠢᠳᠠᠯ ᠢ ᠬᠠᠩᠭᠠᠵᠤ᠂ ᠨᠠᠶᠢᠳᠠᠭᠰᠠᠨ ᠵᠦᠢᠯ ᠪᠣᠯᠤᠨ ᠵᠠᠷᠤᠳᠠᠯ ᠤᠨ | ᠪᠠᠲᠤᠯᠠᠭ᠎ᠠ ᠵᠡᠷᠭᠡ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠶ︔ | ︵ᠵᠢᠷᠭᠤᠭ᠎ᠠ︶ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ | ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢᠨ ᠲᠣᠭᠲᠠᠭᠠᠯ ︵ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠩᠭᠠᠨ᠎ᠠ︶᠃ | ᠨᠢᠭᠤᠴᠠ ᠳᠤ ᠬᠤᠯᠪᠣᠭᠳᠠᠬᠤ ᠪᠠᠶᠢᠴᠠᠭᠠᠯᠲᠠ ᠶᠢ ᠨᠢᠭᠤᠴᠠ ᠶᠢ ᠬᠠᠮᠠᠭᠠᠯᠠᠬᠤ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠪᠠᠷ | ᠲᠣᠭᠲᠠᠭᠠᠭᠰᠠᠨ ᠬᠡᠯᠪᠡᠷᠢ ᠳᠤ ᠨᠡᠶᠢᠴᠡᠵᠦ ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠬᠦᠯᠢᠶᠡᠨ ᠠᠪᠴᠤ | ᠰᠢᠢᠳᠪᠦᠷᠢᠯᠡᠬᠦ ᠬᠡᠷᠡᠭᠲᠡᠶ᠃ | ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠥᠬᠡᠶ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ | ᠨᠡᠶᠢᠴᠡᠬᠦ ᠥᠬᠡᠶ ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠨᠥᠬᠦᠪᠥᠷᠢᠯᠡᠵᠦ ᠵᠠᠯᠠᠷᠠᠭᠤᠯᠬᠤ ᠴᠢᠬᠤᠯᠠᠲᠠᠶ | ᠪᠥᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ᠂ ᠲᠣᠭᠲᠠᠭᠠᠭᠰᠠᠨ ᠪᠠᠶᠢᠭᠤᠯᠭ᠎ᠠ ᠨᠢ ᠴᠠᠭ | ᠲᠤᠬᠠᠶ ᠳᠤᠨᠢ ᠨᠥᠬᠦᠪᠥᠷᠢᠯᠡᠵᠦ ᠵᠠᠯᠠᠷᠠᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠢᠨᠠᠨ ᠵᠥᠪᠰᠢᠶᠡᠷᠡᠬᠦ ᠪᠠᠶᠢᠭᠤᠯᠭ᠎ᠠ ᠬᠢᠨᠠᠨ ᠵᠥᠪᠰᠢᠶᠡᠷᠡᠭᠦᠯᠬᠦ ᠪᠠᠷ | ᠭᠤᠶᠤᠴᠢᠯᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠦᠢᠯᠡᠰ ᠢ ᠬᠢᠨᠠᠨ ᠪᠠᠶᠢᠴᠠᠭᠠᠵᠤ᠂ ᠳᠣᠣᠷ᠎ᠠ | ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠦᠢᠯᠡᠰ ᠲᠤ | ᠵᠥᠪᠰᠢᠶᠡᠷᠡᠭᠰᠡᠨ ᠪᠢᠴᠢᠭ ᠤᠨ ᠲᠣᠭᠲᠠᠭᠠᠯ ᠭᠠᠷᠭᠠᠨ᠎ᠠ᠄ | ︵ᠨᠢᠭᠡ︶ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠲᠠᠢ ᠪᠤᠶᠤ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ | ᠬᠠᠮᠢᠶᠠᠷᠤᠯᠲᠠ ᠪᠣᠯᠤᠨ ᠦᠢᠯᠡᠴᠢᠯᠡᠭᠡ ᠳᠤ ᠵᠠᠪᠠᠯ ᠱᠠᠭᠠᠷᠳᠠᠭᠳᠠᠬᠤ ᠵᠦᠢᠯ︔ | ︵ᠬᠤᠶᠠᠷ︶ ᠣᠳᠣ ᠪᠠᠶᠢᠭ᠎ᠠ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠪᠤᠶᠤ | ᠨᠢᠭᠡᠨᠲᠡ ᠵᠥᠪᠰᠢᠶᠡᠷᠡᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠭᠤᠣᠯ | ᠠᠭᠤᠯᠭ᠎ᠠ ᠯᠤᠭ᠎ᠠ ᠳᠠᠪᠬᠤᠴᠠᠬᠤ ᠦᠭᠡᠶ᠂ ᠵᠥᠷᠢᠴᠡᠯ ᠦᠭᠡᠶ︔ ᠨᠢᠭᠡᠨᠲᠡ ᠵᠥᠪᠰᠢᠶᠡᠷᠡᠭᠦᠯᠦᠭᠰᠡᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠨᠥᠬᠦᠪᠥᠷᠢᠯᠡᠭᠰᠡᠨ ᠪᠣᠯ ᠤᠤᠯ ᠤᠨ ᠲᠥᠷᠥᠯ ᠵᠦᠢᠯ ᠤᠨ | ᠪᠦᠷᠢᠨ ᠪᠦᠲᠦᠨ ᠴᠢᠨᠠᠷ ᠢ ᠨᠥᠯᠥᠭᠡᠯᠡᠬᠦ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ | ︵ᠭᠤᠷᠪᠠ︶ ᠭᠤᠣᠯ ᠪᠣᠯᠬᠤ ᠲᠤᠭ᠎ᠠ ᠪᠦᠷᠢᠳᠬᠡᠯ ᠤᠨ ᠭᠦᠢᠴᠡᠳᠬᠡᠬᠦ ᠲᠤᠭ᠎ᠠ ᠶᠢ ᠵᠠᠰᠠᠭ ᠵᠠᠬᠢᠷᠭᠠᠨ ᠤ ᠲᠡᠮᠳᠡᠭᠯᠡᠯ | ᠪᠤᠶᠤ ᠨᠢᠭᠡᠨᠲᠡ ᠪᠠᠶᠢᠭ᠎ᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠮᠠᠲ᠋ᠧᠷᠢᠶᠠᠯ ᠢᠶᠠᠷ ᠪᠤᠯᠪᠠᠰᠤᠷᠠᠭᠤᠯᠤᠨ | ᠡᠮᠬᠢᠯᠡᠵᠦ ᠣᠯᠬᠤ ᠶᠢᠨ ᠠᠷᠭ᠎ᠠ ᠦᠭᠡᠶ ᠪᠠᠶᠢᠬᠤ︔ | ︵ᠳᠥᠷᠪᠡ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠨᠢ ᠲᠤᠭ᠎ᠠ ᠪᠦᠷᠢᠳᠬᠡᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠳᠤ ᠨᠡᠶᠢᠴᠡᠵᠦ᠂ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ᠂ ᠶᠠᠪᠤᠭᠳᠠᠭᠤᠰᠢᠲᠠᠶ | ᠪᠠᠶᠢᠬᠤ︔ | ︵ᠲᠠᠪᠤ︶ ᠲᠤᠭ᠎ᠠ ᠪᠦᠷᠢᠳᠬᠡᠯ ᠤᠨ ᠲᠥᠷᠥᠯ ᠬᠤᠪᠢᠶᠠᠬᠤ ᠪᠠᠷᠢᠮᠵᠢᠶ᠎ᠠ ᠶᠢᠨ ᠲᠤᠬᠠᠶ ᠤᠯᠤᠰ ᠤᠨ ᠲᠤᠭ᠎ᠠ | ᠪᠦᠷᠢᠳᠬᠡᠯ ᠤᠨ ᠪᠠᠷᠢᠮᠵᠢᠶ᠎ᠠ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠪᠣᠯᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠭᠦᠯᠬᠦ ᠬᠡᠷᠡᠭᠲᠡᠶ︔ | ︵ᠵᠢᠷᠭᠤᠭ᠎ᠠ︶ ᠲᠣᠭᠲᠠᠭᠠᠬᠤ ᠪᠠᠶᠢᠭᠤᠯᠭ᠎ᠠ ᠨᠢ ᠲᠥᠷᠥᠯ ᠵᠦᠢᠯ ᠢ ᠬᠡᠷᠡᠭᠵᠢᠭᠦᠯᠬᠦ ᠴᠢᠳᠠᠪᠤᠷᠢ ᠲᠠᠢ ᠪᠠᠶᠢᠬᠤ᠃ | ᠡᠮᠦᠨᠡᠬᠢ ᠵᠤᠷᠪᠤᠰ ᠤᠨ ᠲᠣᠭᠲᠠᠭᠠᠯ ᠳᠤ ᠨᠡᠶᠢᠴᠡᠬᠦ ᠦᠭᠡᠶ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠲᠣᠭᠲᠠᠭᠠᠬᠤ | ᠪᠠᠶᠢᠭᠤᠯᠭ᠎ᠠ ᠳᠤ ᠵᠠᠰᠠᠪᠤᠷᠢ ᠣᠷᠣᠭᠤᠯᠬᠤ ᠰᠠᠨᠠᠯ ᠪᠣᠯᠤᠨ ᠰᠠᠨᠠᠭᠤᠯᠭ᠎ᠠ ᠳᠤᠷᠠᠳᠴᠤ᠂ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠥᠪᠳᠡᠯᠴᠡᠨ ᠰᠢᠢᠳᠪᠦᠷᠢᠯᠡᠬᠦ ᠳᠤ᠂ | ᠲᠣᠭᠲᠠᠭᠠᠬᠤ ᠪᠠᠶᠢᠭᠤᠯᠭ᠎ᠠ ᠵᠠᠰᠠᠪᠤᠷᠢ ᠣᠷᠣᠭᠤᠯᠤᠭᠰᠠᠨ ᠤ ᠳᠠᠷᠠᠭ᠎ᠠ ᠮᠥᠨ ᠬᠦ ᠡᠮᠦᠨᠡᠬᠢ ᠵᠤᠷᠪᠤᠰ ᠲᠤ | ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠶ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠵᠥᠪᠰᠢᠶᠡᠷᠡᠬᠦ ᠦᠭᠡᠶ | ᠭᠡᠰᠡᠨ ᠪᠢᠴᠢᠭᠯᠡᠭᠰᠡᠨ ᠲᠣᠭᠲᠠᠭᠠᠯ ᠭᠠᠷᠭᠠᠬᠤ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠬᠢᠨᠠᠨ ᠵᠥᠪᠰᠢᠶᠡᠷᠡᠬᠦ ᠪᠠᠶᠢᠭᠤᠯᠭ᠎ᠠ ᠨᠢ ᠲᠣᠭᠲᠠᠭᠠᠬᠤ ᠪᠠᠶᠢᠭᠤᠯᠭ᠎ᠠ ᠶᠢᠨ ᠬᠢᠨᠠᠨ | ᠵᠥᠪᠰᠢᠶᠡᠷᠡᠭᠦᠯᠬᠦ ᠪᠠᠷ ᠭᠤᠶᠤᠴᠢᠯᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠠᠯᠪᠠᠨ | ᠪᠢᠴᠢᠭ ᠵᠢᠴᠢ ᠪᠦᠷᠢᠨ ᠭᠦᠢᠴᠡᠳ ᠬᠠᠮᠢᠶ᠎ᠠ ᠪᠦᠬᠦᠢ ᠮᠠᠲ᠋ᠧᠷᠢᠶᠠᠯ ᠢ ᠭᠠᠷᠳᠠᠭᠰᠠᠨ ᠤ ᠳᠠᠷᠠᠭ᠎ᠠ᠂ 20 ᠠᠵᠢᠯᠯᠠᠬᠤ | ᠡᠳᠦᠷ ᠤᠨ ᠳᠣᠲᠣᠷ᠎ᠠ ᠬᠢᠨᠠᠨ ᠵᠥᠪᠰᠢᠶᠡᠷᠡᠵᠦ᠂ 20 ᠠᠵᠢᠯᠯᠠᠬᠤ ᠡᠳᠦᠷ ᠤᠨ ᠳᠣᠲᠣᠷ᠎ᠠ ᠲᠣᠭᠲᠠᠭᠠᠯ ᠭᠠᠷᠭᠠᠵᠤ | ᠳᠡᠶᠢᠯᠬᠦ ᠦᠭᠡᠶ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ 10 | ᠡᠳᠦᠷ ᠤᠷᠲᠤᠳᠬᠠᠵᠤ ᠪᠣᠯᠬᠤ ᠶᠢᠨ ᠬᠠᠮᠲᠤ ᠬᠢᠨᠠᠨ ᠵᠥᠪᠰᠢᠶᠡᠷᠡᠭᠦᠯᠬᠦ ᠬᠤᠭᠤᠴᠠᠭ᠎ᠠ ᠶᠢ ᠤᠷᠲᠤᠳᠬᠠᠭᠰᠠᠨ | ᠰᠢᠯᠲᠠᠭᠠᠨ ᠢᠶᠠᠨ ᠲᠣᠭᠲᠠᠭᠠᠬᠤ ᠪᠠᠶᠢᠭᠤᠯᠭ᠎ᠠ ᠳᠤ ᠮᠡᠳᠡᠭᠳᠡᠬᠦ ᠬᠡᠷᠡᠭᠲᠡᠶ᠃ ᠬᠢᠨᠠᠨ ᠵᠥᠪᠰᠢᠶᠡᠷᠡᠵᠦ ᠳᠠᠭᠤᠰᠬᠠᠭᠰᠠᠨ | ᠴᠠᠭ ᠢ ᠪᠢᠴᠢᠭ ᠢᠶᠠᠷ ᠲᠣᠭᠲᠠᠭᠠᠯ ᠭᠠᠷᠭᠠᠭᠰᠠᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ᠃ | ᠲᠣᠭᠲᠠᠭᠠᠭᠰᠠᠨ ᠪᠠᠶᠢᠭᠤᠯᠭ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ ᠵᠠᠰᠠᠪᠤᠷᠢ | ᠣᠷᠣᠭᠤᠯᠤᠭᠰᠠᠨ ᠴᠠᠭ ᠢ ᠬᠢᠨᠠᠨ ᠵᠥᠪᠰᠢᠶᠡᠷᠡᠬᠦ ᠬᠤᠭᠤᠴᠠᠭᠠᠨ ᠳᠤ ᠣᠷᠣᠭᠤᠯᠵᠤ ᠪᠣᠳᠣᠬᠤ ᠦᠭᠡᠶ᠃ | ᠠᠷᠪᠠᠨ ᠵᠢᠷᠭᠤᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ ᠳᠣᠣᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠥᠭᠦᠮᠴᠢᠯᠡᠵᠦ᠂ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠬᠤᠭᠤᠴᠠᠭ᠎ᠠ ᠶᠢ ᠨᠢ ᠪᠣᠭᠤᠨᠢᠰᠬᠠᠬᠤ ᠬᠡᠷᠡᠭᠲᠡᠶ᠄ | ︵ᠨᠢᠭᠡ︶ ᠭᠡᠨᠡᠳᠲᠡ ᠶᠢᠨ ᠬᠡᠷᠡᠭ ᠭᠠᠷᠪᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠪᠤᠰᠢᠭᠤ ᠲᠦᠷᠭᠡᠨ | ᠶᠠᠪᠤᠭᠳᠠᠭᠤᠯᠬᠤ ᠬᠡᠷᠡᠭᠲᠡᠶ︔ | ︵ᠬᠤᠶᠠᠷ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠭᠤᠯᠭ᠎ᠠ ᠳᠤ ᠬᠤᠪᠢᠷᠠᠯᠲᠠ ᠭᠠᠷᠤᠭᠰᠠᠨ ᠦᠭᠡᠶ᠂ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ | ᠬᠤᠭᠤᠴᠠᠭ᠎ᠠ ᠬᠢᠵᠠᠭᠠᠷ ᠢᠶᠠᠨ ᠤᠷᠲᠤᠳᠬᠠᠬᠤ ᠴᠢᠬᠤᠯᠠ ᠲᠠᠢ ᠪᠣᠯᠤᠭᠰᠠᠨ᠃ | ᠠᠷᠪᠠᠨ ᠳᠣᠯᠣᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ | ᠬᠦᠴᠦᠨ ᠲᠠᠢ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠥᠪᠰᠢᠶᠡᠷᠡᠭᠰᠡᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠤᠨ ᠬᠦᠴᠦᠨ ᠲᠠᠢ ᠬᠤᠭᠤᠴᠠᠭ᠎ᠠ ᠶᠢ 3 ᠵᠢᠯ ᠠᠴᠠ ᠬᠡᠲᠦᠷᠡᠭᠦᠯᠬᠦ ᠦᠭᠡᠶ᠃ | ᠬᠦᠴᠦᠨ ᠲᠠᠢ ᠬᠤᠭᠤᠴᠠᠭ᠎ᠠ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠡᠳᠦᠷ | ᠬᠤᠭᠤᠴᠠᠭ᠎ᠠ ᠪᠠᠷ ᠡᠬᠢᠯᠡᠬᠦ ᠴᠠᠭ ᠬᠤᠭᠤᠴᠠᠭ᠎ᠠ ᠪᠣᠯᠭᠠᠨ᠎ᠠ᠃ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠨᠢ ᠬᠦᠴᠦᠨ ᠲᠠᠢ ᠬᠤᠭᠤᠴᠠᠭᠠᠨ ᠳᠣᠲᠣᠷ᠎ᠠ | ᠠᠭᠤᠯᠭ᠎ᠠ ᠪᠠᠨ ᠬᠤᠪᠢᠷᠠᠭᠤᠯᠬᠤ ᠴᠢᠬᠤᠯᠠ ᠲᠠᠢ ᠪᠣᠯ᠂ ᠲᠣᠭᠲᠠᠭᠠᠬᠤ ᠪᠠᠶᠢᠭᠤᠯᠭ᠎ᠠ ᠳᠠᠬᠢᠨ ᠭᠤᠶᠤᠴᠢᠯᠠᠵᠤ ᠬᠢᠨᠠᠨ | ᠵᠥᠪᠰᠢᠶᠡᠷᠡᠭᠦᠯᠬᠦ ᠬᠡᠷᠡᠭᠲᠡᠶ᠃ ᠬᠦᠴᠦᠨ ᠪᠦᠬᠦᠢ ᠬᠤᠭᠤᠴᠠᠭᠠᠨ ᠳᠣᠲᠣᠷ᠎ᠠ ᠵᠣᠬᠢᠶᠠᠨ ᠪᠠᠶᠢᠭᠤᠯᠤᠨ ᠪᠠᠶᠢᠴᠠᠭᠠᠯᠲᠠ | ᠬᠢᠵᠦ ᠳᠡᠶᠢᠯᠦᠭᠰᠡᠨ ᠦᠭᠡᠶ ᠪᠣᠯ᠂ ᠲᠣᠭᠲᠠᠭᠠᠭᠰᠠᠨ ᠪᠠᠶᠢᠭᠤᠯᠭ᠎ᠠ ᠪᠠᠶᠢᠳᠠᠯ ᠢᠶᠠᠨ ᠪᠢᠴᠢᠭ ᠢᠶᠠᠷ ᠮᠡᠳᠡᠭᠦᠯᠬᠦ ᠬᠡᠷᠡᠭᠲᠡᠶ᠃ | ᠬᠦᠴᠦᠨ ᠲᠠᠢ ᠬᠤᠭᠤᠴᠠᠭ᠎ᠠ ᠠᠴᠠ ᠬᠡᠲᠦᠷᠡᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ | ᠠᠶᠠᠨᠳᠠᠭᠠᠨ ᠬᠦᠴᠦᠨ ᠦᠭᠡᠶ ᠪᠣᠯᠭᠠᠵᠤ᠂ ᠠᠰ ᠲᠤᠨᠢ ᠨᠡᠶᠢᠲᠡᠯᠡᠬᠦ ᠦᠭᠡᠶ᠃ | ᠲᠠᠪᠤᠳᠤᠭᠠᠷ ᠪᠦᠯᠦᠭ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠢᠨᠠᠯᠲᠠ | ᠬᠠᠮᠢᠶᠠᠷᠤᠯᠲᠠ | ᠠᠷᠪᠠᠨ ᠨᠠᠢᠮᠠᠳᠤᠭᠠᠷ ᠵᠦᠢᠯ ᠵᠥᠪᠰᠢᠶᠡᠷᠡᠭᠦᠯᠦᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ | ᠵᠦᠢᠯ ᠨᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠦᠰᠦᠨᠦᠭᠲᠦ ᠶᠢᠨ ᠪᠠᠷᠠᠭᠤᠨ ᠳᠡᠭᠡᠷ᠎ᠡ ᠥᠨᠴᠥᠭ ᠲᠤ | ᠬᠦᠰᠦᠨᠦᠭᠲᠦ ᠶᠢᠨ ᠳ᠋ᠤᠭᠠᠷ᠂ ᠲᠣᠭᠲᠠᠭᠠᠭᠰᠠᠨ ᠪᠠᠶᠢᠭᠤᠯᠭ᠎ᠠ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠳ᠋ᠤᠭᠠᠷ᠂ | ᠬᠦᠴᠦᠨ ᠲᠠᠢ ᠬᠤᠭᠤᠴᠠᠭ᠎ᠠ ᠵᠡᠷᠭᠡ ᠲᠡᠮᠳᠡᠭ ᠢᠶᠠᠨ ᠲᠣᠳᠣᠷᠬᠠᠶᠢᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠲᠣᠭᠲᠠᠭᠠᠭᠰᠠᠨ ᠪᠠᠶᠢᠭᠤᠯᠭ᠎ᠠ ᠵᠥᠪᠰᠢᠶᠡᠷᠡᠭᠰᠡᠨ ᠪᠢᠴᠢᠭᠯᠡᠭᠰᠡᠨ ᠲᠣᠭᠲᠠᠭᠠᠯ ᠢ | ᠣᠯᠤᠭᠰᠠᠨ ᠤ ᠳᠠᠷᠠᠭ᠎ᠠ᠂ 10 ᠠᠵᠢᠯᠯᠠᠬᠤ ᠡᠳᠦᠷ ᠤᠨ ᠳᠣᠲᠣᠷ᠎ᠠ ᠬᠠᠤᠯᠢ ᠪᠠᠷ ᠲᠣᠭᠲᠠᠭᠠᠭᠰᠠᠨ ᠲᠡᠮᠳᠡᠭ ᠬᠠᠳᠠᠵᠤ | ᠵᠣᠬᠢᠶᠠᠨ ᠪᠠᠶᠢᠭᠤᠯᠤᠨ ᠶᠠᠪᠤᠭᠳᠠᠭᠤᠯᠬᠤ ᠳᠤ ᠬᠡᠷᠡᠭᠯᠡᠬᠦ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢᠶᠠᠨ | ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ᠃ | ᠬᠤᠷᠢᠳᠤᠭᠠᠷ ᠵᠦᠢᠯ ᠬᠢᠨᠠᠨ ᠵᠥᠪᠰᠢᠶᠡᠷᠡᠬᠦ ᠪᠠᠶᠢᠭᠤᠯᠭ᠎ᠠ ᠵᠥᠪᠰᠢᠶᠡᠷᠡᠭᠰᠡᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠤᠨ ᠨᠡᠷᠡᠶᠢᠳᠦᠯ᠂ ᠲᠣᠭᠲᠠᠭᠠᠭᠰᠠᠨ ᠪᠠᠶᠢᠭᠤᠯᠤᠯᠭ᠎ᠠ᠂ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠤᠨ ᠳ᠋ᠤᠭᠠᠷ᠂ ᠬᠦᠴᠦᠨ ᠲᠠᠢ ᠬᠤᠭᠤᠴᠠᠭ᠎ᠠ ᠪᠣᠯᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠳᠦᠷᠢᠮ ᠤᠨ ᠭᠤᠣᠯ ᠠᠭᠤᠯᠭ᠎ᠠ ᠶᠢ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠬᠠᠤᠯᠢ ᠶᠣᠰᠣᠭᠠᠷ | ᠨᠢᠭᠤᠴᠠ ᠶᠢ ᠬᠠᠮᠠᠭᠠᠯᠠᠬᠤ ᠬᠡᠷᠡᠭᠲᠡᠢ ᠨᠢ ᠡᠭᠦᠨ ᠳᠤ ᠪᠠᠭᠲᠠᠬᠤ ᠦᠭᠡᠢ᠃ | ᠬᠤᠷᠢᠨ ᠨᠢᠭᠡᠳᠦᠭᠡᠷ ᠵᠦᠢᠯ ᠲᠣᠭᠲᠠᠭᠠᠬᠤ ᠪᠠᠶᠢᠭᠤᠯᠭ᠎ᠠ ᠵᠥᠪᠰᠢᠶᠡᠷᠡᠭᠦᠯᠦᠭᠰᠡᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠳᠦᠷᠢᠮ ᠤᠨ ᠶᠣᠰᠣᠭᠠᠷ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠨ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠲᠡᠭᠡᠨ ᠪᠠᠶᠢᠴᠠᠭᠠᠵᠤ ᠥᠪᠡᠷ ᠲᠡᠭᠡᠨ | ᠵᠠᠯᠠᠷᠠᠭᠤᠯᠬᠤ ᠶᠢ ᠥᠷᠨᠢᠭᠦᠯᠬᠦ ᠶᠢᠨ ᠬᠠᠮᠲᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ | ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃ | ᠬᠢᠨᠠᠨ ᠵᠥᠪᠰᠢᠶᠡᠷᠡᠬᠦ ᠪᠠᠶᠢᠭᠤᠯᠭ᠎ᠠ ᠵᠥᠪᠰᠢᠶᠡᠷᠡᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ | ᠵᠦᠢᠯ ᠢ ᠦᠨᠳᠦᠰᠦᠯᠡᠨ᠂ ᠲᠣᠭᠲᠠᠭᠠᠬᠤ ᠪᠠᠶᠢᠭᠤᠯᠭ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ | ᠵᠦᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠳᠤ | ᠬᠤᠯᠪᠣᠭᠳᠠᠬᠤ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ | ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠬᠠᠮᠢᠶᠠᠷᠤᠯᠲᠠ ᠶᠢᠨ ᠳᠦᠷᠢᠮ︾ ᠳᠠᠬᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢᠨ ᠭᠤᠷᠪᠠᠳᠤᠭᠠᠷ ᠵᠦᠢᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ | ᠪᠠᠶᠢᠴᠠᠭᠠᠯᠲᠠ ᠶᠢᠨ ᠵᠠᠷᠤᠳᠠᠯ ᠤᠨ ᠬᠠᠮᠢᠶᠠᠷᠤᠯᠲᠠ ᠪᠣᠯᠤᠨ ᠬᠡᠷᠡᠭᠯᠡᠯᠲᠡ ᠨᠢ ᠤᠯᠤᠰ ᠪᠣᠯᠤᠨ ᠣᠷᠣᠨ ᠨᠤᠲᠤᠭ ᠤᠨ | ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠬᠤᠷᠢᠨ ᠳᠥᠷᠪᠡᠳᠦᠭᠡᠷ ᠵᠦᠢᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠲᠤᠭ᠎ᠠ ᠪᠦᠷᠢᠳᠬᠡᠯ ᠤᠨ ᠲᠣᠪᠴᠢᠶ᠎ᠠ ᠲᠤᠰ ᠠᠷᠭ᠎ᠠ ᠪᠠᠷ ᠯᠠᠪᠯᠠᠯᠲᠠ ᠪᠣᠯᠭᠠᠨ ᠠᠳᠠᠯᠢ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠳᠤ ᠬᠠᠮᠢᠶᠠᠷᠤᠯᠲᠠ ᠬᠢᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠶᠢᠨ | ᠱᠠᠲᠤᠨ ᠠᠴᠠ ᠳᠣᠷᠣᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠮᠡᠳᠡᠭᠳᠡᠯ︾ ︵ᠥᠪᠥᠷ ᠪᠦᠷᠢᠳᠬᠡᠯ ᠠᠯᠪᠠᠨ ᠦᠰᠦᠭ ﹇2021﹈ 24 ᠳ᠋ᠤᠭᠡᠷ ᠲᠣᠭᠠᠲᠤ︶ | ᠪᠣᠯᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠪᠦᠷᠢᠳᠬᠡᠯ | ᠦᠰᠦᠭ ﹇2021﹈ 35 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠶ ᠪᠣᠯᠭᠠᠨ᠎ᠠ᠃ |