ᠪᠡᠶ᠎ᠡ ᠶᠢᠨ ᠬᠦᠨᠳᠦ ᠪᠠᠨ ᠰᠠᠶᠢᠨ ᠬᠠᠮᠢᠶᠠᠷᠤᠭᠠᠷᠠᠢ︕ 16 ᠰᠠᠯᠠᠭ᠎ᠠ ᠮᠥᠴᠢᠷ ᠬᠠᠮᠲᠤᠷᠠᠨ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/6/28
     ︵ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 26 ᠤ ᠡᠳᠦᠷ ᠤᠨ ᠮᠡᠳᠡᠭᠡ︶     16 ᠰᠠᠯᠠᠭ᠎ᠠ ᠮᠥᠴᠢᠷ ᠬᠠᠮᠲᠤᠷᠠᠨ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠢ ᠡᠬᠢᠯᠡᠭᠦᠯᠪᠡ          ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠾᠧᠩ    ᠳ᠋ᠦᠩ ᠷᠦᠢ ᠹᠧᠩ     ᠰᠤᠷᠪᠤᠯᠵᠢᠯᠠᠭᠴᠢ 26 ᠤ ᠡᠳᠦᠷ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 16 ᠰᠠᠯᠠᠭ᠎ᠠ ᠮᠥᠴᠢᠷ ᠬᠠᠮᠲᠤᠷᠠᠨ ᠭᠤᠷᠪᠠᠨ ᠵᠢᠯ ᠤᠨ ᠬᠤᠭᠤᠴᠠᠭ᠎ᠠ ᠲᠠᠢ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠶᠢ ᠡᠬᠢᠯᠡᠭᠦᠯᠪᠡ᠃    2024 ᠣᠨ ᠠᠴᠠ ᠡᠬᠢᠯᠡᠨ᠂ ᠭᠤᠷᠪᠠᠨ ᠵᠢᠯ ᠣᠷᠴᠢᠮ ᠤᠨ ᠬᠤᠭᠤᠴᠠᠭᠠᠨ ᠳᠤ ᠠᠯᠢ ᠣᠯᠠᠨ ︽ᠪᠠᠭ᠎ᠠ ᠬᠠᠷᠠᠯᠲᠠ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢ ᠳᠡᠮᠵᠢᠬᠦ ᠴᠢᠨᠠᠷᠲᠠᠶ ᠣᠷᠴᠢᠨ ᠲᠣᠭᠤᠷᠢᠨ ᠢ ᠥᠷᠭᠡᠨ ᠢᠶᠠᠷ ᠪᠠᠶᠢᠭᠤᠯᠵᠤ᠂ ᠪᠦᠬᠦ ᠠᠷᠠᠳ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠦᠵᠡᠯ ᠤᠬᠠᠮᠰᠠᠷ ᠪᠠ ᠮᠡᠷᠭᠡᠵᠢᠯ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠨᠡᠩ ᠢᠯᠡᠭᠦᠦ ᠲᠦᠭᠡᠮᠡᠯᠵᠢᠭᠦᠯᠵᠦ᠂ ᠪᠦᠬᠦ ᠠᠷᠠᠳ ᠣᠷᠣᠯᠴᠠᠭᠰᠠᠨ᠂ ᠬᠥᠮᠦᠨ ᠪᠦᠬᠦᠨ ᠳᠤ ᠠᠰᠢᠭ ᠬᠦᠷᠲᠡᠭᠡᠬᠦ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠰᠠᠶᠢᠨ ᠰᠠᠶᠢᠬᠠᠨ ᠪᠠᠶᠢᠳᠠᠯ ᠢ ᠠᠯᠬᠤᠮ ᠠᠯᠬᠤᠮ ᠢᠶᠠᠷ ᠪᠣᠶ ᠪᠣᠯᠭᠠᠵᠤ᠂ ᠬᠡᠰᠡᠭ ᠬᠥᠮᠦᠰ ᠤᠨ ᠪᠡᠶ᠎ᠡ ᠶᠢᠨ ᠬᠦᠨᠳᠦ ᠶᠢᠨ ᠬᠡᠪ ᠤᠨ ᠪᠤᠰᠤ ᠪᠠᠶᠢᠳᠠᠯ ᠢ ᠰᠠᠶᠢᠵᠢᠷᠠᠭᠤᠯᠤᠨ᠎ᠠ᠃    ᠶᠠᠭᠤᠨ ᠳᠤ ᠪᠦᠬᠦ ᠠᠷᠠᠳ ᠪᠡᠶ᠎ᠡ ᠶᠢᠨ ᠬᠦᠨᠳᠦ ᠪᠠᠨ ᠰᠠᠶᠢᠨ ᠬᠠᠮᠢᠶᠠᠷᠬᠤ ᠪᠣᠶ︖    ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠰᠠᠭᠤᠭᠠᠯᠢ ᠠᠷᠠᠳ ᠤᠨ ᠬᠡᠲᠦ ᠮᠠᠷᠢᠶᠠᠯᠠᠬᠤ ᠪᠠᠶᠢᠳᠠᠯ ᠬᠡᠴᠡᠭᠦᠳᠡᠵᠦ᠂  ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠪᠡᠶ᠎ᠡ ᠶᠢᠨ ᠬᠦᠨᠳᠦ ᠶᠢᠨ ᠲᠦᠪᠰᠢᠨ ᠨᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠂ ᠪᠡᠶ᠎ᠡ ᠶᠢᠨ ᠬᠦᠨᠳᠦ ᠬᠡᠪ ᠤᠨ ᠪᠤᠰᠤ ᠪᠣᠯᠬᠤ ᠢᠯᠠᠩᠭᠤᠶ᠎ᠠ ᠬᠡᠳᠦ ᠬᠦᠨᠳᠦ ᠪᠣᠯᠬᠤ ᠪᠠ ᠮᠠᠷᠢᠶᠠᠯᠠᠬᠤ ᠪᠣᠯ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠪᠠ  ᠥᠮᠡᠨ ᠵᠡᠷᠭᠡ ᠠᠷᠬᠠᠭ ᠡᠪᠡᠳᠴᠢᠨ ᠢ ᠡᠭᠦᠰᠭᠡᠬᠦ ᠴᠢᠬᠤᠯᠠ ᠠᠶᠤᠯᠲᠤ ᠡᠯᠧᠮᠧᠨ᠋ᠲ ᠪᠣᠯᠤᠨ᠎ᠠ᠃    ᠬᠡᠳᠦ ᠮᠠᠷᠢᠶᠠᠯᠠᠬᠤ ᠨᠢ ᠬᠤᠪᠢ ᠬᠥᠮᠦᠨ ᠤ ᠡᠷᠡᠭᠦᠯ ᠮᠡᠨᠳᠦ ᠳᠤ ᠬᠤᠯᠪᠣᠭᠳᠠᠬᠤ ᠪᠥᠭᠡᠳ ᠨᠡᠶᠢᠭᠡᠮ ᠤᠨ ᠠᠵᠤ ᠠᠬᠤᠶ ᠶᠢᠨ ᠳᠠᠷᠤᠭᠠᠰᠤ ᠶᠢ ᠨᠥᠯᠥᠭᠡᠯᠡᠬᠦ ᠠᠷᠠᠳ ᠤᠨ ᠠᠮᠢᠳᠤᠷᠠᠯ ᠤᠨ ᠠᠰᠠᠭᠤᠳᠠᠯ ᠪᠣᠯᠤᠨ᠎ᠠ᠃    ︽ᠨᠢᠭᠡᠨᠲᠡ ᠡᠪᠡᠳᠴᠢᠯᠡᠭᠰᠡᠨ ᠢ ᠵᠠᠰᠠᠬᠤ︾ ᠠᠴᠠ ︽ᠡᠪᠡᠳᠴᠢᠯᠡᠭᠡᠳᠦᠢ ᠶᠢ ᠵᠠᠰᠠᠬᠤ︾ ᠬᠦᠷᠲᠡᠯ᠎ᠡ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠨᠢᠭᠡ ᠶᠡᠭᠡ ᠬᠠᠷᠠᠯᠲᠠ ᠪᠣᠯ ᠬᠠᠮᠢᠶ᠎ᠠ ᠪᠦᠬᠦᠢ ᠡᠪᠡᠳᠴᠢᠨ ᠡᠮᠭᠡᠭ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠵᠦ᠂ ᠡᠪᠡᠳᠴᠢᠨ ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠡᠷᠡᠭᠦᠯ ᠮᠡᠨᠳᠦ ᠪᠠᠷ ᠭᠤᠣᠯ ᠪᠣᠯᠭᠠᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠬᠦ ᠶᠠᠪᠤᠳᠠᠯ ᠪᠣᠯᠤᠨ᠎ᠠ᠃    ᠬᠡᠷᠬᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠬᠢᠬᠦ ᠪᠣᠶ︖    ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ︽ᠣᠯᠠᠨ ᠰᠠᠯᠠᠭ᠎ᠠ ᠮᠥᠴᠢᠷ ᠬᠠᠮᠵᠢᠯᠴᠠᠵᠤ᠂ ᠨᠡᠶᠢᠭᠡᠮ ᠳᠠᠶᠠᠭᠠᠷ ᠬᠤᠯᠪᠣᠭᠠᠯᠠᠨ ᠬᠥᠳᠡᠯᠦᠯᠴᠡᠬᠦ︾ ᠬᠡᠷᠡᠭᠲᠡᠶ᠃    ᠣᠳᠣᠬᠠᠨ ᠳᠤ᠂ ᠮᠠᠨ ᠤ ᠤᠯᠤᠰ ᠨᠢᠭᠡᠨᠲᠡ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019-2030 ᠣᠨ︶︾᠂ ︽ᠬᠡᠦᠬᠡᠳ ᠵᠠᠯᠠᠭᠤᠴᠤᠳ ᠪᠠᠭᠠᠴᠤᠳ ᠤᠨ ᠮᠠᠷᠢᠶᠠᠯᠠᠬᠤ ᠶᠢ ᠰᠡᠷᠭᠡᠶᠢᠯᠡᠨ ᠡᠵᠡᠮᠳᠡᠬᠦ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ︔ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠲᠠᠰᠤᠷᠠᠯᠲᠠ ᠥᠬᠡᠶ ᠥᠷᠭᠡᠳᠴᠦ᠂ ︽ᠪᠡᠶ᠎ᠡ ᠴᠢᠭᠢᠷᠠᠭᠵᠢᠭᠤᠯᠬᠤ ᠭᠠᠵᠠᠷ ᠲᠤᠲᠠᠭᠳᠠᠬᠤ︾ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠪᠠ︔ ︽ᠮᠠᠷᠢᠶᠠᠯᠢᠭ ᠨᠠᠰᠤᠨ ᠳᠤ ᠭᠦᠷᠦᠭᠰᠡᠳ ᠤᠨ ᠢᠳᠡᠭᠡᠨ ᠤᠮᠳᠠᠭᠠᠨ ᠤ ᠵᠦᠭᠯᠡᠭᠦᠷ ︵2024 ᠣᠨ ᠤ ᠬᠡᠪᠯᠡᠯ︶︾᠂ ︽  ᠮᠠᠷᠢᠶᠠᠯᠢᠭ ᠵᠠᠯᠠᠭᠤᠴᠤᠳ ᠪᠠᠭᠠᠴᠤᠳ ᠤᠨ ᠢᠳᠡᠭᠡᠨ ᠤᠮᠳᠠᠭᠠᠨ ᠤ ᠵᠦᠭᠯᠡᠭᠦᠷ ︵2024 ᠣᠨ ᠤ ᠬᠡᠪᠯᠡᠯ︶︾ ᠢ ᠨᠡᠶᠢᠲᠡᠯᠡᠪᠡ᠃ ᠭᠤᠷᠪᠠᠨ ᠵᠢᠯ ᠤᠨ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ ᠬᠤᠭᠤᠴᠠᠭᠠᠨ ᠳᠤ᠂ ᠵᠦᠢᠯ ᠪᠦᠷᠢ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠪᠡᠶ᠎ᠡ ᠶᠢᠨ ᠬᠦᠨᠳᠦ ᠶᠢ ︽  ᠪᠠᠷᠢᠮᠵᠢᠶ᠎ᠠ ᠬᠡᠳᠦᠷᠡᠬᠦᠯᠬᠦ ᠥᠬᠡᠶ︾ ᠪᠣᠯᠭᠠᠨ᠎ᠠ᠃ ︽ᠪᠡᠶ᠎ᠡ ᠶᠢᠨ ᠬᠦᠨᠳᠦ ᠶᠢᠨ ᠵᠢᠩᠯᠡᠭᠦᠷ᠂ ᠪᠦᠰᠡᠯᠡᠭᠦᠷ ᠤᠨ ᠬᠡᠮᠵᠢᠬᠦᠷ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠴᠠᠭ ᠤᠯᠠᠷᠢᠯ ᠤᠨ ᠪᠢᠴᠢᠭ︾ ᠢ ᠳᠡᠯᠭᠡᠷᠡᠭᠦᠯᠦᠨ᠎ᠡ︔ ᠬᠡᠲᠦ ᠮᠠᠷᠢᠶ᠎ᠠ ᠲᠠᠢ ᠰᠤᠷᠤᠭᠴᠢᠳ ᠢ ᠬᠠᠪᠰᠤᠷᠤᠨ ︽ᠬᠤᠭᠤᠯᠠ ᠢᠳᠡᠬᠦ ᠬᠡᠮᠵᠢᠶ᠎ᠡ ᠶᠢ ᠪᠠᠭᠠᠰᠬᠠᠵᠤ᠂ ᠪᠡᠶ᠎ᠡ ᠶᠢᠨ ᠬᠥᠳᠡᠯᠭᠡᠭᠡᠨ ᠢ ᠨᠡᠮᠡᠭᠳᠡᠭᠦᠯᠵᠦ᠂ ᠮᠠᠷᠢᠶ᠎ᠠ ᠰᠢᠭᠤᠷᠠᠭᠤᠯᠬᠤ ᠢᠲᠡᠭᠡᠯ ᠢ ᠨᠡᠮᠡᠭᠳᠡᠭᠦᠯᠵᠦ᠂ ᠢᠳᠡᠭᠡᠨ ᠤᠮᠳᠠᠭᠠᠨ ᠤ ᠪᠦᠲᠦᠴᠡ ᠶᠢ ᠲᠣᠬᠢᠷᠠᠭᠤᠯᠵᠤ᠂ ᠪᠡᠶ᠎ᠡ ᠶᠢᠨ ᠬᠦᠨᠳᠦ ᠶᠢ ᠬᠡᠮᠵᠢᠵᠦ᠂ ᠪᠦᠰᠡᠯᠡᠭᠦᠷ ᠤᠨ ᠬᠡᠮᠵᠢᠶ᠎ᠡ ᠶᠢ ᠬᠡᠮᠵᠢᠨ᠎ᠡ︾︔ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠤᠯᠠᠮ ᠨᠢᠭᠡ ᠠᠯᠬᠤᠮ ᠳᠡᠯᠭᠡᠷᠡᠭᠦᠯᠦᠨ᠎ᠡ᠃     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠵᠤᠷᠭᠠᠨ ᠤ ᠳᠠᠷᠤᠭ᠎ᠠ ᠭᠦᠸᠧ ᠶᠠᠨ ᠬᠤᠩ᠂ ᠪᠠᠰᠠ ᠦᠨᠳᠦᠰᠦᠨ ᠱᠠᠲᠤᠨ ᠤ ᠨᠢᠭᠡᠴᠡ ᠶᠢᠨ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠳᠤ ᠣᠷᠣᠭᠤᠯᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠵᠦᠢ ᠵᠣᠬᠢᠰᠲᠠᠢ ᠬᠤᠭᠤᠯᠠ ᠤᠮᠳᠠ᠂ ᠰᠢᠨᠵᠢᠯᠡᠬᠦ ᠤᠬᠠᠭᠠᠨᠴᠢ ᠬᠥᠳᠡᠯᠭᠡᠭᠡᠨ ᠵᠡᠷᠭᠡ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢᠨ ᠵᠢᠯᠤᠭᠤᠳᠤᠯᠭ᠎ᠠ ᠬᠠᠩᠭᠠᠬᠤ ᠶᠢ ᠵᠣᠷᠢᠭᠵᠢᠭᠤᠯᠤᠨ᠎ᠠ ᠭᠡᠵᠦ ᠬᠡᠯᠡᠪᠡ᠃    ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠨᠢ ᠬᠡᠲᠦ ᠲᠤᠷᠠᠩᠬᠠᠢ ᠬᠥᠮᠦᠰ ᠲᠤ ᠬᠤᠯᠪᠣᠭᠳᠠᠨ᠎ᠠ ᠦᠦ︖    ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠨᠢ ᠬᠦᠨᠳᠦᠴᠡ ᠬᠡᠲᠦᠷᠡᠬᠦ᠂ ᠮᠠᠷᠢᠶᠠᠯᠢᠭ ᠬᠦᠮᠦᠰ ᠲᠤ ᠦᠪᠡᠷ ᠤᠨ ᠬᠠᠮᠢᠶᠠᠷᠤᠯᠳᠠ ᠬᠢᠬᠦ ᠠᠴᠠ ᠭᠠᠳᠠᠨ᠎ᠠ᠂ ᠪᠡᠶ᠎ᠡ ᠶᠢᠨ ᠬᠦᠨᠳᠦ ᠨᠢ ᠬᠡᠲᠦᠷᠬᠡᠶ ᠬᠥᠩᠭᠡᠨ ᠪᠤᠶᠤ ᠰᠢᠮ᠎ᠡ ᠲᠡᠵᠢᠭᠡᠯ ᠨᠢ ᠮᠠᠭᠤ ᠬᠥᠮᠦᠨ ᠴᠦ ︽ᠬᠠᠮᠢᠶᠠᠷᠤᠯᠳᠠ︾ ᠬᠢᠬᠦ ᠬᠡᠷᠡᠭᠲᠡᠶ᠃    ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠮ᠎ᠡ ᠲᠡᠵᠢᠭᠡᠯ ᠪᠣᠯᠤᠨ ᠡᠷᠡᠭᠦᠯ ᠮᠡᠨᠳᠦ ᠶᠢᠨ ᠭᠠᠵᠠᠷ ᠤᠨ ᠰᠤᠳᠤᠯᠤᠭᠴᠢ ᠵᠣᠣ ᠸᠧᠨ ᠬᠤᠸᠠ ᠬᠡᠯᠡᠬᠦ ᠳᠡᠭᠡᠨ᠂ ᠬᠡᠷᠪᠡ ᠪᠤᠰᠤᠳ ᠡᠪᠡᠳᠴᠢᠨ ᠡᠮᠭᠡᠭ ᠪᠤᠶᠤ ᠡᠷᠡᠭᠦᠯ ᠮᠡᠨᠳᠦ ᠶᠢᠨ ᠰᠢᠯᠲᠠᠭᠠᠨ ᠤ ᠨᠥᠯᠥᠭᠡ ᠶᠢ ᠠᠷᠢᠯᠭᠠᠵᠤ ᠴᠢᠳᠠᠪᠠᠯ᠂ ︽ᠬᠡᠲᠦ ᠲᠤᠷᠠᠩᠬᠠᠶ︾ ᠬᠥᠮᠦᠰ ᠤᠨ ︽ᠢᠳᠡᠭᠡᠳ ᠮᠠᠷᠢᠶᠠᠯᠠᠬᠤ ᠥᠬᠡᠶ︾ ᠭᠡᠳᠡᠭ ᠬᠡᠯᠡᠯᠭᠡ ᠨᠢ ᠰᠢᠨᠵᠢᠯᠡᠬᠦ ᠤᠬᠠᠭᠠᠨᠴᠢ ᠶᠣᠰᠣ ᠥᠬᠡᠶ ᠶᠤᠮ᠃ ︽ᠬᠡᠲᠦ ᠲᠤᠷᠠᠩᠬᠠᠶ︾ ᠬᠦᠮᠦᠰ ᠲᠤᠰᠬᠠᠶ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠤᠤᠷ᠎ᠠ᠂ ᠢᠳᠡᠭᠡᠨ ᠤᠮᠳᠠᠭᠠᠨ ᠤ ᠪᠦᠲᠦᠴᠡ ᠶᠢ ᠲᠣᠬᠢᠷᠠᠭᠤᠯᠬᠤ ᠪᠠ ᠪᠡᠶ᠎ᠡ ᠶᠢᠨ ᠬᠥᠳᠡᠯᠭᠡᠭᠡᠨ ᠢ ᠵᠣᠬᠢᠰᠲᠠᠶ ᠨᠡᠮᠡᠭᠳᠡᠭᠦᠯᠬᠦ ᠪᠠᠷ ᠳᠠᠮᠵᠢᠭᠤᠯᠤᠨ ᠡᠷᠡᠭᠦᠯ ᠪᠡᠶ᠎ᠡ ᠶᠢᠨ ᠬᠦᠨᠳᠦ ᠳᠤ ᠬᠦᠷᠭᠡᠵᠦ ᠪᠣᠯᠤᠨ᠎ᠠ ᠭᠡᠵᠡᠢ᠃    ᠪᠦᠬᠦ ᠠᠷᠠᠳ ᠢᠶᠠᠷ ᠢᠶᠠᠨ ᠣᠷᠣᠯᠴᠠᠵᠤ᠂ ᠬᠥᠮᠦᠨ ᠪᠦᠬᠦᠨ ᠠᠰᠢᠭ ᠬᠦᠷᠲᠡᠶ᠎ᠡ᠃ ᠪᠡᠶ᠎ᠡ ᠶᠢᠨ ᠬᠦᠨᠳᠦ ᠶᠢ ᠰᠠᠶᠢᠲᠤᠷ ︽ᠬᠠᠮᠢᠶᠠᠷᠬᠤ︾ ᠪᠣᠯ ᠪᠠᠰᠠ ᠴᠤ ᠥᠪᠡᠷ ᠤᠨ ᠡᠷᠡᠭᠦᠯ ᠮᠡᠨᠳᠦ ᠶᠢᠨ ᠵᠢᠱᠢᠯᠲᠡ ᠪᠠᠨ ᠰᠠᠶᠢᠲᠤᠷ ︽ᠬᠠᠮᠢᠶᠠᠷᠬᠤ︾ ᠶᠠᠪᠤᠳᠠᠯ ᠪᠣᠯᠤᠨ᠎ᠠ᠃ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号