7 ᠰᠠᠷ᠎ᠠ ᠶᠢᠨ 1 ᠤ ᠡᠳᠦᠷ ᠠᠴᠠ ᠡᠬᠢᠯᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ︵ᠳᠣᠷᠣᠭᠰᠢ ︽ᠲᠦᠷᠢᠮ︾ | ᠭᠡᠵᠦ ᠲᠣᠪᠴᠢᠯᠠᠨ᠎ᠠ︶ ᠢ ᠵᠢᠩᠬᠢᠨᠢ ᠪᠠᠷ ᠬᠡᠷᠡᠭᠵᠢᠬᠦᠯᠪᠡ᠃ ︽ᠲᠦᠷᠢᠮ︾ ᠳᠤ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠠᠩᠬᠠᠷᠴᠤ ᠪᠠᠶᠢᠭ᠎ᠠ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡ᠂ ᠰᠢᠭᠤᠳ | ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ︽ᠡᠵᠡᠷᠬᠡᠭ ᠵᠦᠢᠯ ᠵᠤᠷᠪᠤᠰ︾᠂ ᠠᠶᠠᠨᠳᠠᠭᠠᠨ ᠰᠦᠢᠳᠬᠡᠯ | ᠬᠤᠷᠢᠶᠠᠬᠤ᠂ ᠬᠦᠯᠢᠵᠦ ᠪᠣᠷᠣᠯᠠᠭᠤᠯᠬᠤ ᠵᠡᠷᠭᠡ ᠰᠢᠨ᠎ᠡ ᠬᠦᠷᠢᠶᠡᠨ ᠳᠠᠬᠢ ᠰᠢᠨ᠎ᠡ ᠠᠰᠠᠭᠤᠳᠠᠯ ᠤᠨ ᠲᠤᠬᠠᠶ ᠲᠣᠭᠲᠠᠭᠠᠯ | ᠭᠠᠷᠭᠠᠪᠠ᠃ ᠣᠯᠠᠨ ᠲᠠᠯ᠎ᠠ ᠶᠢᠨ ᠬᠢᠨ᠂ ︽ᠲᠦᠷᠢᠮ︾ ᠢ ᠨᠡᠶᠢᠲᠡᠯᠡᠭᠰᠡᠨ ᠨᠢ ᠬᠡᠷᠡᠭᠯᠡᠭᠴᠢᠳ ᠤᠨ ᠬᠠᠤᠯᠢ ᠶᠣᠰᠣᠭᠠᠷ | ᠡᠷᠬᠡ ᠪᠠᠨ ᠬᠠᠮᠠᠭᠠᠯᠠᠬᠤ ᠶᠢ ᠨᠠᠩ ᠰᠠᠶᠢᠲᠤᠷ ᠳᠡᠮᠵᠢᠵᠦ᠂ ᠡᠵᠡᠩᠨᠡᠭᠴᠢᠳ ᠤᠨ ᠬᠠᠤᠯᠢ ᠶᠣᠰᠣᠭᠠᠷ ᠡᠵᠡᠩᠨᠡᠬᠦ ᠶᠢ ᠨᠠᠩ | ᠰᠠᠶᠢᠲᠤᠷ ᠬᠥᠲᠥᠯᠥᠨ ᠵᠢᠯᠣᠭᠤᠳᠴᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯ ᠴᠡᠴᠡᠭᠯᠡᠯ ᠢ ᠨᠠᠩ ᠰᠠᠶᠢᠲᠤᠷ | ᠠᠬᠢᠭᠤᠯᠬᠤ ᠪᠣᠯᠤᠨ᠎ᠠ ᠭᠡᠵᠦ ᠦᠵᠡᠵᠦ ᠪᠤᠢ᠃ | ᠨᠡᠶᠢᠭᠡᠮ ᠤᠨ ᠠᠩᠬᠠᠷᠤᠯ ᠳᠤ ᠪᠦᠲᠦᠮᠵᠢᠲᠡᠶ ᠬᠠᠷᠢᠭᠤᠯᠲᠠ ᠦᠭᠴᠡᠢ᠃ | ᠢᠳᠡᠵᠦ ᠡᠮᠦᠰᠬᠦ ᠶᠠᠪᠤᠵᠤ ᠰᠠᠭᠤᠬᠤ ᠨᠢ ᠠᠯᠢᠪᠠ ᠦᠢᠯᠡᠰ ᠤᠨ ᠬᠥᠭᠵᠢᠯ ᠴᠡᠴᠡᠭᠯᠡᠯ ᠲᠠᠢ ᠬᠤᠯᠪᠣᠭᠳᠠᠵᠤ᠂ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠢ ᠳᠠᠷᠤᠢ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠬᠠᠮᠠᠭᠠᠯᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠠᠮᠠᠭᠠᠯᠠᠵᠤ᠂ ᠲᠥᠪ ᠭᠤᠣᠯᠴᠢ ᠰᠢᠳᠤᠷᠭᠤ | ᠶᠣᠰᠣ ᠶᠢ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠴᠢᠨᠠᠷ ᠰᠠᠶᠢᠲᠠᠢ ᠠᠮᠢᠳᠤᠷᠠᠯ ᠢ | ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠣᠶᠢᠷ᠎ᠠ ᠶᠢᠨ ᠵᠢᠯ ᠤᠳ ᠲᠤ᠂ ᠳᠤᠮᠳᠠᠳᠤ ᠤᠯᠤᠰ ᠤᠨ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ | ᠳᠠᠭᠠᠯᠳᠤᠨ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠲᠠᠰᠤᠷᠠᠯᠲᠠ ᠥᠬᠡᠶ | ᠢᠯᠡᠷᠡᠵᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠳᠤ ᠴᠤ ᠰᠢᠨ᠎ᠡ ᠪᠠᠶᠢᠳᠠᠯ᠂ ᠰᠢᠨ᠎ᠡ ᠠᠰᠠᠭᠤᠳᠠᠯ | ᠲᠤᠯᠭᠠᠷᠠᠵᠤ ᠪᠠᠶᠢᠨ᠎ᠠ᠃ ᠵᠢᠱᠢᠶᠡᠯᠡᠪᠡᠯ᠂ ᠠᠶᠠᠨᠳᠠᠭᠠᠨ ᠰᠦᠢᠳᠬᠡᠯ ᠬᠤᠷᠢᠶᠠᠬᠤ ᠶᠢ ᠬᠦᠴᠦᠨ ᠦᠭᠡᠢ ᠪᠣᠯᠭᠠᠬᠤ᠂ | ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠦᠷᠭᠡᠬᠦ ︽ᠮᠠᠭᠤ ᠪᠠᠷ ᠰᠠᠶᠢᠨ ᠢ ᠣᠷᠣᠯᠠᠭᠤᠯᠬᠤ︾ ᠵᠡᠷᠭᠡ | ᠠᠰᠠᠭᠤᠳᠠᠯ᠃ ᠬᠡᠷᠡᠭᠯᠡᠭᠴᠢᠳ ᠤᠨ ᠡᠷᠬᠡ ᠠᠰᠢᠭ ᠢ ᠰᠠᠶᠢᠲᠤᠷ ᠬᠠᠮᠠᠭᠠᠯᠠᠬᠤ ᠳᠤ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠴᠢᠬᠤᠯᠠᠲᠠᠢ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠬᠠᠤᠯᠢ︾ ᠶᠢ 1994 ᠣᠨ ᠠᠴᠠ ᠡᠬᠢᠯᠡᠨ ᠬᠡᠷᠡᠭᠵᠢᠭᠦᠯᠵᠦ᠂ 2013 ᠣᠨ ᠳᠤ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠬᠠᠤᠯᠢ ᠳᠤ ᠬᠤᠶᠠᠳᠠᠬᠢ ᠤᠳᠠᠭ᠎ᠠ ᠵᠠᠰᠠᠪᠤᠷᠢ ᠣᠷᠣᠭᠤᠯᠵᠠᠶ᠂ ︽ᠳᠦᠷᠢᠮ︾ ᠪᠣᠯ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠦᠭᠰᠡᠨ 30 ᠵᠢᠯ ᠤᠨ ᠲᠤᠷᠰᠢ ᠠᠩᠬ᠎ᠠ | ᠤᠳᠠᠭ᠎ᠠ ᠨᠡᠶᠢᠲᠡᠯᠡᠨ ᠬᠡᠷᠡᠭᠵᠢᠭᠦᠯᠦᠭᠰᠡᠨ ᠢᠵᠢ ᠪᠦᠷᠢᠳᠦᠭᠦᠯᠦᠭᠰᠡᠨ ᠵᠠᠰᠠᠭ ᠵᠠᠬᠢᠷᠭᠠᠨ ᠤ ᠬᠠᠤᠯᠢ ᠲᠣᠭᠲᠠᠭᠠᠯ | ᠪᠣᠯᠤᠨ᠎ᠠ᠃ | ︽ᠮᠠᠨ ᠤ ᠤᠯᠤᠰ ᠤᠨ ᠰᠢᠨ᠎ᠡ ᠮᠠᠶ᠋ᠢᠭ ᠤᠨ ᠬᠡᠷᠡᠭᠯᠡᠭᠡ ᠶᠢᠨ ᠥᠷᠨᠢᠩᠭᠦᠶ ᠬᠥᠭᠵᠢᠬᠦ ᠶᠢ ᠳᠠᠭᠠᠯᠳᠤᠨ᠂ ᠵᠠᠷᠢᠮ | ᠰᠢᠨ᠎ᠡ ᠠᠰᠠᠭᠤᠳᠠᠯ ᠵᠠᠶᠢᠯᠠᠰᠢ ᠥᠬᠡᠶ ᠳᠠᠭᠠᠯᠳᠤᠨ ᠪᠣᠶ ᠪᠣᠯᠬᠤ ᠶᠢᠨ ᠬᠠᠮᠲᠤ᠂ ᠤᠯᠠᠮᠵᠢᠯᠠᠯᠲᠤ ᠬᠡᠷᠡᠭᠯᠡᠭᠡ ᠳᠤ ᠪᠠᠰᠠ | ᠵᠠᠷᠢᠮ ᠬᠠᠭᠤᠴᠢᠨ ᠶᠡᠭᠡ ᠬᠦᠴᠢᠷ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠨ᠎ᠠ᠃ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠢ | ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠪᠦᠲᠦᠮᠵᠢᠲᠡᠶ ᠬᠠᠷᠢᠭᠤᠯᠲᠠ | ᠥᠭᠬᠦ ᠶᠢᠨ ᠲᠥᠯᠥᠭᠡ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ | ᠬᠠᠤᠯᠢ ᠴᠠᠭᠠᠵᠠ ᠶᠢᠨ ᠶᠠᠮᠤᠨ ᠲᠠᠢ ᠬᠠᠮᠵᠢᠯᠴᠠᠨ ︿ᠲᠦᠷᠢᠮ﹀ ᠢ ᠲᠤᠭᠤᠷᠪᠢᠵᠤ ᠨᠡᠶᠢᠲᠡᠯᠡᠪᠡ︾᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠳᠡᠳ᠋ ᠳᠠᠷᠤᠭ᠎ᠠ ᠯᠢᠦ ᠵᠢᠶᠦ᠋ᠨ ᠬᠡᠯᠡᠬᠦ | ᠳᠡᠭᠡᠨ᠂ ︽ᠲᠦᠷᠢᠮ︾ ᠢ ᠲᠤᠭᠤᠷᠪᠢᠬᠤ ᠶᠠᠪᠤᠴᠠ ᠪᠣᠯ ᠪᠠᠰᠠ ᠴᠤ ᠬᠡᠷᠡᠭᠯᠡᠭᠡ ᠶᠢ ᠲᠦᠭᠡᠮᠡᠯᠵᠢᠭᠦᠯᠬᠦ | ᠣᠶᠢᠯᠠᠭᠠᠭᠳᠠᠬᠤᠨ ᠮᠥᠨ᠂ ᠬᠡᠷᠡᠭᠯᠡᠭᠡ ᠶᠢ ᠪᠠᠲᠤᠯᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠠᠪᠤᠴᠠ ᠮᠥᠨ᠂ | ᠡᠨᠡ ᠨᠢ ᠮᠥᠩᠭᠦᠨ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ᠂ ᠠᠳᠠᠯ ᠠᠬᠤᠶ᠂ ᠰᠡᠯᠪᠢᠨ | ᠵᠠᠰᠠᠯᠲᠠ᠂ ᠲᠦᠷᠭᠡᠨ ᠬᠦᠷᠭᠡᠯᠲᠡ᠂ ᠰᠦᠯᠵᠢᠶ᠎ᠡ ᠪᠠᠷ ᠲᠡᠷᠭᠡ ᠪᠣᠯᠵᠣᠬᠤ ᠵᠡᠷᠭᠡ ᠴᠥᠭᠡᠨ ᠪᠤᠰᠤ ᠬᠦᠷᠢᠶᠡᠨ ᠳᠠᠬᠢ | ᠬᠡᠷᠡᠭᠯᠡᠭᠡ ᠶᠢ ᠪᠠᠲᠤᠯᠠᠬᠤ ᠬᠠᠤᠯᠢ ᠲᠣᠭᠲᠠᠭᠠᠯᠲᠠ ᠶᠢᠨ ᠲᠡᠭᠦᠯᠳᠡᠷᠵᠢᠬᠦ ᠶᠢ ᠳᠠᠶᠢᠴᠢᠯᠠᠭᠰᠠᠨ ᠪᠠᠶᠢᠨ᠎ᠠ ᠭᠡᠵᠡᠶ᠃ | ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠪᠣᠶ ᠪᠣᠯᠭᠠᠨ᠎ᠠ᠃ | ᠬᠡᠷᠡᠭᠯᠡᠭᠡᠨ ᠤ ᠵᠢᠭᠤᠷᠠᠯᠳᠤᠭᠠᠨ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠰᠦᠨ ᠪᠤᠶᠢᠵᠢᠯᠲᠠ ᠶᠢᠨ | ᠪᠤᠬᠢᠨᠢᠳᠤᠯ ᠮᠥᠨ᠃ ᠨᠢᠳᠤᠨᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ 1740.3 | ᠲᠦᠮᠡᠨ ᠬᠤᠪᠢ ᠵᠠᠭᠠᠯᠳᠤᠯᠭ᠎ᠠ ᠶᠢ ᠭᠥᠯᠢᠶᠡᠨ ᠠᠪᠴᠠᠶ᠂ ︽ᠲᠦᠷᠢᠮ︾ ᠳᠤ ᠬᠡᠷᠡᠭᠯᠡᠭᠴᠢᠳ ᠤᠨ ᠡᠷᠬᠡ ᠠᠰᠢᠭ ᠤᠨ | ᠬᠠᠮᠠᠭᠠᠯᠠᠯᠲᠠ ᠶᠢ ᠬᠡᠷᠬᠢᠨ ᠴᠢᠩᠭᠠᠳᠬᠠᠬᠤ ᠪᠣᠶ︖ | ︽ᠲᠦᠷᠢᠮ︾ ᠨᠢ ᠨᠡᠶᠢᠲᠡ 7 ᠪᠦᠯᠦᠭ 53 ᠵᠦᠢᠯ ᠲᠠᠢ᠂ ᠭᠤᠤᠯᠳᠠᠭᠤ ᠳᠤᠤᠷᠠᠬᠢ ᠠᠭᠤᠯᠭ᠎ᠠ ᠶᠢ | ᠲᠣᠭᠲᠠᠭᠠᠪᠠ᠄ ᠡᠵᠡᠩᠨᠡᠭᠴᠢ ᠶᠢᠨ ᠡᠭᠦᠷᠭᠡ ᠶᠢᠨ ᠬᠤᠯᠪᠣᠭᠳᠠᠯ ᠪᠥᠬᠦᠶ ᠲᠣᠭᠲᠠᠭᠠᠯ ᠢ ᠨᠠᠷᠢᠯᠢᠬᠵᠢᠭᠤᠯᠬᠤ ᠪᠠ | ᠨᠥᠬᠦᠪᠥᠷᠢᠯᠡᠨ᠎ᠡ︔ ᠰᠦᠯᠵᠢᠶᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠎ᠡ︔ | ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡᠨ ᠤ ᠡᠵᠡᠩᠨᠡᠭᠴᠢ ᠶᠢᠨ ᠡᠭᠦᠷᠭᠡ ᠶᠢ ᠴᠢᠩᠭᠠᠷᠠᠭᠤᠯᠤᠨ᠎ᠠ︔ ᠬᠡᠷᠡᠭᠯᠡᠭᠡᠨ ᠤ | ᠲᠥᠯᠥᠪᠦᠷᠢ ᠨᠡᠬᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ︔ ᠵᠠᠰᠠᠭ ᠤᠨ ᠣᠷᠳᠣᠨ ᠤ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ | ᠤᠯᠠᠮᠵᠢᠯᠠᠯᠲᠤ ᠬᠡᠷᠡᠭᠯᠡᠭᠡᠨ ᠤ ᠬᠦᠷᠢᠶᠡᠨ ᠳᠤ᠂ ᠬᠤᠳᠠᠯ ᠬᠠᠭᠤᠷᠮᠠᠭ ᠤᠬᠠᠭᠤᠯᠭ᠎ᠠ᠂ ︽ᠡᠵᠡᠷᠬᠡᠭ ᠵᠦᠢᠯ | ᠵᠤᠷᠪᠤᠰ︾᠂ ᠤᠷᠢᠳᠴᠢᠯᠠᠨ ᠵᠣᠭᠤᠰ ᠥᠭᠬᠦ ᠳᠤ ︽ᠵᠣᠭᠤᠰ ᠪᠤᠴᠠᠭᠠᠬᠤ ᠳᠤ ᠬᠦᠴᠢᠷᠲᠡᠶ ᠪᠠᠶᠢᠬᠤ︾᠂ ︽ᠵᠣᠭᠤᠰ | ᠴᠤᠭᠯᠠᠭᠤᠯᠤᠨ ᠲᠤᠲᠠᠭᠠᠬᠤ︾ ᠵᠡᠷᠭᠡ ᠠᠰᠠᠭᠤᠳᠠᠯ ᠳᠤ ᠴᠢᠭᠯᠡᠭᠦᠯᠦᠨ᠂ ︽ᠲᠦᠷᠢᠮ︾ ᠳᠤ ᠤᠯᠠᠮ ᠨᠢᠭᠡ ᠠᠯᠬᠤᠮ | ᠲᠣᠭᠲᠠᠭᠠᠯ ᠭᠠᠷᠭᠠᠪᠠ᠃ | ︽ᠡᠵᠡᠷᠬᠡᠭ ᠵᠦᠢᠯ ᠵᠤᠷᠪᠤᠰ︾ ᠤᠨ ᠠᠰᠠᠭᠤᠳᠠᠯ ᠢᠶᠠᠷ ᠵᠢᠱᠢᠶᠡᠯᠡᠪᠡᠯ᠂ 2022 ᠣᠨ ᠳᠤ᠂ ᠳᠤᠮᠳᠠᠳᠤ | ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠶᠢᠰᠦᠨ ᠬᠤᠪᠢ ᠶᠢᠨ | ᠬᠡᠷᠡᠭᠯᠡᠭᠴᠢᠳ ᠡᠵᠡᠷᠬᠡᠭ ᠵᠦᠢᠯ ᠵᠤᠷᠪᠤᠰ ᠲᠤ ᠤᠴᠠᠷᠠᠵᠤ ᠥᠩᠭᠡᠷᠡᠵᠡᠶ︔ 2023 ᠣᠨ ᠳᠤ᠂ ᠪᠥᠬᠦ ᠤᠯᠤᠰ ᠤᠨ | 12315 ᠲᠠᠪᠴᠠᠩ ᠬᠠᠮᠢᠶ᠎ᠠ ᠪᠥᠬᠦᠶ ᠬᠦᠰᠡᠯ ᠱᠠᠭᠠᠷᠳᠠᠯᠭ᠎ᠠ ᠶᠢ 24.1 ᠲᠦᠮᠡᠨ ᠬᠤᠪᠢ ᠭᠥᠯᠢᠶᠡᠨ ᠠᠪᠴᠤ᠂ | 2021 ᠣᠨ ᠤ 3.3 ᠳᠠᠬᠢᠨ ᠪᠣᠯᠪᠠ᠃ ︽ᠲᠦᠷᠢᠮ︾ ᠳᠤ᠂ ᠡᠵᠡᠩᠨᠡᠭᠴᠢᠳ ᠬᠡᠯᠪᠡᠷᠢᠵᠢᠭᠰᠡᠨ ᠵᠦᠢᠯ ᠵᠤᠷᠪᠤᠰ ᠢ | ᠠᠰᠢᠭᠯᠠᠨ ᠥᠪᠡᠷ ᠤᠨ ᠬᠠᠷᠢᠭᠤᠴᠠᠯᠭ᠎ᠠ ᠪᠠᠨ ᠵᠦᠢ ᠵᠤᠬᠢᠰ ᠦᠬᠡᠢ ᠪᠠᠷ ᠬᠡᠯᠳᠤᠷᠢᠬᠦᠯᠬᠦ ᠪᠤᠶᠤ ᠬᠦᠩᠭᠡᠷᠡᠬᠦᠯᠬᠦ᠂ | ᠬᠡᠷᠡᠭᠯᠡᠭᠴᠢᠳ ᠤᠨ ᠬᠠᠷᠢᠭᠤᠴᠠᠯᠭ᠎ᠠ ᠶᠢ ᠬᠦᠨᠳᠦᠷᠡᠭᠦᠯᠬᠦ ᠪᠤᠶᠤ ᠭᠡᠷ᠎ᠡ ᠶᠢ ᠬᠠᠤᠯᠢ ᠶᠣᠰᠣᠭᠠᠷ ᠬᠤᠪᠢᠷᠠᠭᠤᠯᠬᠤ ᠪᠤᠶᠤ | ᠴᠤᠴᠠᠯᠬᠤ᠂ ᠬᠡᠷᠡᠭᠯᠡᠭᠡᠨ ᠤ ᠮᠠᠷᠭᠤᠯᠳᠤᠭᠠᠨ ᠢ ᠵᠠᠷᠭᠤᠯᠳᠤᠬᠤ ᠪᠤᠶᠤ ᠬᠥᠨᠳᠡᠯᠡᠨ ᠠᠴᠠ ᠲᠠᠰᠤᠯᠬᠤ ᠶᠢ ᠰᠣᠩᠭᠤᠬᠤ᠂ | ᠪᠤᠰᠤᠳ ᠡᠵᠡᠩᠨᠡᠭᠴᠢ ᠶᠢ ᠰᠣᠩᠭᠤᠬᠤ ᠲᠠᠸᠠᠷ ᠪᠤᠶᠤ ᠦᠢᠯᠡᠴᠢᠯᠡᠭᠡ ᠵᠡᠷᠭᠡ ᠡᠷᠬᠡ ᠶᠢ ᠬᠢᠵᠠᠭᠠᠷᠯᠠᠵᠤ ᠪᠣᠯᠬᠤ ᠦᠬᠡᠢ | ᠭᠡᠵᠦ ᠲᠣᠭᠲᠠᠭᠠᠵᠠᠢ᠃ | ᠬᠠᠤᠯᠢ ᠴᠠᠭᠠᠵᠠ ᠶᠢᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ︽ | ᠲᠦᠷᠢᠮ︾ ᠳᠤ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠬᠠᠮᠲᠤ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠰᠠᠶᠢᠨ ᠰᠠᠶᠢᠬᠠᠨ ᠡᠮᠬᠢ ᠵᠢᠷᠤᠮ ᠢ ᠳᠠᠬᠢᠨ ᠪᠣᠶ ᠪᠣᠯᠭᠠᠬᠤ ᠶᠢ ᠨᠠᠩ ᠢᠯᠡᠭᠦᠦ | ᠴᠢᠬᠤᠯᠠᠴᠢᠯᠠᠪᠠ᠃ ᠵᠢᠱᠢᠶᠡᠯᠡᠪᠡᠯ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠭᠥᠯᠢᠶᠡᠨ | ᠠᠪᠴᠤ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠶᠢᠨ ᠬᠠᠮᠲᠤ᠂ ᠬᠡᠷᠡᠭᠯᠡᠭᠴᠢᠳ ᠬᠠᠤᠯᠢ ᠶᠣᠰᠣᠭᠠᠷ | ᠡᠷᠬᠡ ᠪᠠᠨ ᠬᠠᠮᠠᠭᠠᠯᠠᠬᠤ ᠬᠡᠷᠡᠭᠲᠡᠶ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠠᠰᠢᠭᠯᠠᠨ ᠵᠦᠶ ᠪᠤᠰᠤ ᠠᠰᠢᠭ ᠣᠯᠵᠤ | ᠪᠣᠯᠬᠤ ᠥᠬᠡᠶ ᠭᠡᠵᠦ ᠴᠢᠬᠤᠯᠠᠴᠢᠯᠠᠭᠰᠠᠨ ᠪᠥᠭᠡᠳ ᠶᠠᠯᠠᠯᠠᠨ ᠰᠢᠳᠬᠡᠬᠦ ᠴᠢᠨᠠᠷᠲᠠᠶ ᠲᠥᠯᠥᠪᠦᠷᠢ ᠥᠭᠬᠦ ᠳᠤ ᠳᠣᠭᠢᠷᠠᠬᠤ | ᠥᠬᠡᠶ ᠪᠣᠳᠠᠲᠠᠶ ᠪᠠᠶᠢᠳᠠᠯ ᠢ ᠲᠣᠳᠣᠷᠬᠠᠶᠢᠯᠠᠭᠰᠠᠨ ᠪᠠᠶᠢᠨ᠎ᠠ᠃ ︽ᠡᠵᠡᠩᠨᠡᠭᠴᠢᠳ ᠤᠨ ᠡᠭᠦᠷᠭᠡ ᠶᠢ ᠤᠯᠠᠮ ᠨᠢᠭᠡ | ᠠᠯᠬᠤᠮ ᠲᠣᠳᠣᠷᠬᠠᠶᠢᠯᠠᠬᠤ ᠶᠢᠨ ᠬᠠᠮᠲᠤ ᠡᠵᠡᠩᠨᠡᠭᠴᠢᠳ ᠤᠨ ᠬᠠᠤᠯᠢ ᠶᠣᠰᠣᠨ ᠤ ᠡᠵᠡᠩᠨᠡᠯᠲᠡ ᠳᠤ ᠵᠠᠬ᠎ᠠ | ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ︾᠃ | ᠰᠦᠯᠵᠢᠶᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠲᠠᠪᠴᠠᠩ ᠤᠨ ᠠᠵᠤ ᠠᠬᠤᠶ ᠶᠢᠨ ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ᠬᠤᠳᠠᠯ ᠬᠠᠭᠤᠷᠮᠠᠭ ᠢᠶᠠᠷ | ᠡᠵᠡᠩᠨᠡᠨ ᠪᠣᠷᠣᠯᠠᠭᠤᠯᠬᠤ᠂ ᠠᠶᠠᠨᠳᠠᠭᠠᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ ᠨᠢ ᠥᠷᠭᠡᠨ ᠳᠡᠯᠭᠡᠷ | ᠠᠩᠬᠠᠷᠤᠯ ᠢ ᠲᠠᠲᠠᠵᠤ ᠪᠠᠶᠢᠨ᠎ᠠ᠃ | ᠬᠤᠯᠪᠣᠭᠳᠠᠯ ᠪᠥᠬᠦᠶ ᠲᠠᠯ᠎ᠠ ᠶᠢᠨ ᠪᠦᠷᠢᠳᠬᠡᠯ ᠢ ᠦᠨᠳᠦᠰᠦᠯᠡᠪᠡᠯ᠂ ᠨᠢᠳᠤᠨᠤᠨ ᠤ ᠵᠢᠯ ᠤᠨ ᠡᠴᠦᠰ ᠪᠣᠯᠲᠠᠯ᠎ᠠ᠂ | ᠳᠤᠮᠳᠠᠳᠤ ᠤᠯᠤᠰ ᠤᠨ ᠰᠦᠯᠵᠢᠶ᠎ᠡ ᠪᠠᠷ ᠬᠤᠳᠠᠯᠳᠤᠨ ᠠᠪᠬᠤ ᠬᠡᠷᠡᠭᠯᠡᠭᠴᠢ 9 ᠳ᠋ᠦᠩᠰᠢᠭᠤᠷ ᠢ ᠳᠠᠪᠠᠵᠤ᠂ | ᠰᠦᠯᠵᠢᠶ᠎ᠡ ᠪᠠᠷ ᠵᠢᠭᠤᠯᠴᠢᠯᠠᠬᠤ ᠵᠠᠬᠢᠶᠠᠯᠠᠭᠴᠢ 5 ᠳ᠋ᠦᠩᠰᠢᠭᠤᠷ ᠢ ᠳᠠᠪᠠᠵᠤ᠂ ᠪᠣᠳᠠᠲᠤ ᠲᠠᠸᠠᠷ ᠤᠨ ᠰᠦᠯᠵᠢᠶᠡᠨ | ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠨᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠥᠬᠦ ᠲᠣᠭᠠᠨ ᠤ 27.6% ᠶᠢ ᠡᠵᠡᠯᠡᠪᠡ᠃ ᠡᠭᠦᠨ ᠤ ᠵᠡᠷᠭᠡ ᠳᠤ ᠰᠦᠯᠵᠢᠶᠡᠨ ᠤ ᠬᠡᠷᠡᠭᠯᠡᠭᠡ ᠶᠢᠨ ᠬᠤᠯᠪᠣᠭᠳᠠᠯ | ᠪᠥᠬᠦᠶ ᠵᠠᠭᠠᠯᠳᠤᠯᠭ᠎ᠠ ᠴᠤ ᠲᠦᠷᠭᠡᠨ ᠢᠶᠠᠷ ᠨᠡᠮᠡᠭᠳᠡᠵᠦ ᠪᠠᠶᠢᠨ᠎ᠠ᠃ ᠣᠶᠢᠷ᠎ᠠ ᠶᠢᠨ 5 ᠵᠢᠯ ᠳᠤ᠂ ᠰᠢᠭᠤᠳ | ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠵᠠᠬ᠎ᠠ ᠳᠡᠯᠭᠡᠭᠦᠷ ᠤᠨ ᠬᠡᠪᠴᠢᠶ᠎ᠡ 10.5 ᠳᠠᠬᠢᠨ ᠨᠡᠮᠡᠭᠳᠡᠵᠦ᠂ | ᠢᠯᠡᠴᠢᠯᠡᠨ ᠵᠠᠭᠠᠯᠳᠤᠭᠰᠠᠨ ᠬᠡᠮᠵᠢᠶ᠎ᠡ 47.1 ᠳᠠᠬᠢᠨ ᠨᠡᠮᠡᠭᠳᠡᠭᠰᠡᠨ ᠨᠢ ᠬᠥᠭᠵᠢᠯᠲᠡ ᠪᠠ ᠵᠢᠷᠤᠮᠵᠢᠯ ᠬᠠᠷᠠᠬᠠᠨ | ᠲᠡᠩᠴᠡᠭᠦᠷᠢ ᠥᠬᠡᠶ ᠪᠠᠶᠢᠬᠤ ᠶᠢ ᠬᠠᠷᠠᠭᠤᠯᠵᠤ ᠪᠠᠶᠢᠨ᠎ᠠ᠃ | ᠰᠦᠯᠵᠢᠶᠡᠨ ᠤ ᠬᠡᠷᠡᠭᠯᠡᠭᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠡᠷᠡᠭᠯᠡᠭᠴᠢᠳ ᠤᠨ | ᠪᠠᠶᠢᠳᠠᠯ ᠢ ᠮᠡᠳᠡᠬᠦ ᠡᠷᠬᠡ ᠪᠠ ᠰᠣᠩᠭᠤᠬᠤ ᠡᠷᠬᠡ ᠶᠢ ᠨᠠᠩ ᠰᠠᠶᠢᠨ ᠪᠠᠲᠤᠯᠠᠬᠤ ᠶᠢᠨ ᠲᠥᠯᠥᠭᠡ᠂ ︽ᠲᠦᠷᠢᠮ︾ ᠳᠤ | ᠠᠯᠢ ᠣᠯᠠᠨ ᠰᠢᠨ᠎ᠡ ᠲᠣᠭᠲᠠᠭᠠᠯ ᠭᠠᠷᠭᠠᠪᠠ᠂ ᠡᠭᠦᠨ ᠳᠤ᠄ ︽ᠠᠯᠪᠠᠳᠠᠯᠭ᠎ᠠ ᠪᠠᠷ ᠳᠠᠭᠠᠯᠳᠤᠭᠤᠯᠤᠨ ᠬᠤᠳᠠᠯᠳᠤᠬᠤ︾ | ᠶᠢ ᠴᠠᠭᠠᠵᠠᠯᠠᠬᠤ᠂ ︽ᠠᠶᠠᠨᠳᠠᠭᠠᠨ ᠦᠷᠭᠦᠯᠵᠢᠯᠡᠬᠦ ᠬᠤᠷᠢᠶᠠᠬᠤ ᠦᠵᠡᠭᠳᠡᠯ︾ ᠢ ᠵᠢᠷᠤᠮᠵᠢᠭᠤᠯᠬᠤ᠂ ︽ᠰᠢᠯᠲᠠᠭᠠᠨ | ᠥᠬᠡᠶ ᠪᠠᠷ ᠪᠠᠷᠠᠭ᠎ᠠ ᠪᠤᠴᠠᠭᠠᠬᠤ︾ ᠶᠢ ᠪᠠᠲᠤᠯᠠᠬᠤ ᠵᠡᠷᠭᠡ ᠪᠠᠭᠲᠠᠨ᠎ᠠ᠃ | ᠵᠢᠱᠢᠶᠡᠯᠡᠪᠡᠯ᠂ ︽ᠲᠦᠷᠢᠮ︾ ᠳᠤ᠂ ᠡᠵᠡᠩᠨᠡᠭᠴᠢ ᠨᠢ ᠬᠡᠷᠡᠭᠯᠡᠭᠴᠢᠳ ᠤᠨ ᠪᠠᠶᠢᠳᠠᠯ ᠢ ᠮᠡᠳᠡᠬᠦ ᠦᠭᠡᠢ ᠪᠠᠶᠢᠳᠠᠯ | ᠳᠣᠣᠷ᠎ᠠ᠂ ᠠᠳᠠᠯᠢ ᠨᠢᠭᠡ ᠲᠠᠸᠠᠷ ᠪᠤᠶᠤ ᠦᠢᠯᠡᠴᠢᠯᠡᠭᠡ ᠳᠤ ᠠᠳᠠᠯᠢ ᠠᠷᠠᠯᠵᠢᠶᠠᠨ ᠤ ᠨᠥᠬᠦᠴᠡᠯ ᠳᠣᠣᠷ᠎ᠠ ᠠᠳᠠᠯᠢ | ᠪᠤᠰᠤ ᠦᠨ᠎ᠡ ᠬᠠᠩᠰᠢ ᠪᠤᠶᠤ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠵᠤ ᠪᠣᠯᠬᠤ ᠦᠭᠡᠢ ᠭᠡᠵᠦ ᠲᠤᠭᠳᠠᠭᠠᠪᠠ᠃ | ᠡᠨᠡ ᠨᠢ ᠮᠥᠨ ᠴᠦ ᠳᠤᠮᠳᠠᠳᠤ ᠤᠯᠤᠰ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠩᠬ᠎ᠠ ᠤᠳᠠᠭ᠎ᠠ ᠵᠥᠷᠢᠶᠡᠲᠦ | ᠦᠨ᠎ᠡ ᠲᠣᠭᠲᠠᠭᠠᠯᠲᠠ ᠶᠢ ᠵᠢᠷᠤᠮᠵᠢᠭᠤᠯᠵᠤ ᠪᠠᠶᠢᠭ᠎ᠠ ᠶᠠᠪᠤᠳᠠᠯ ᠪᠣᠯᠤᠨ᠎ᠠ᠃ | ︽ᠠᠶᠠᠨᠳᠠᠭᠠᠨ ᠰᠦᠢᠳᠬᠡᠯ ᠬᠤᠷᠢᠶᠠᠬᠤ ᠦᠵᠡᠭᠳᠡᠯ︾ ᠢ ᠵᠢᠷᠤᠮᠵᠢᠭᠤᠯᠬᠤ ᠲᠠᠯ᠎ᠠ ᠪᠠᠷ᠂ ︽ᠳᠦᠷᠢᠮ︾ ᠳᠤ᠂ | ᠡᠵᠡᠩᠨᠡᠭᠴᠢᠳ ᠠᠶᠠᠨᠳᠠᠭᠠᠨ ᠦᠷᠭᠦᠯᠵᠢᠯᠡᠬᠦ ᠬᠤᠭᠤᠴᠠᠭ᠎ᠠ᠂ ᠠᠶᠠᠨᠳᠠᠭᠠᠨ ᠦᠷᠭᠦᠯᠵᠢᠯᠡᠬᠦ ᠰᠦᠢᠳᠬᠡᠯ ᠵᠡᠷᠭᠡ ᠠᠷᠭ᠎ᠠ | ᠮᠠᠶ᠋ᠢᠭ ᠢᠶᠠᠷ ᠦᠢᠯᠡᠴᠢᠯᠡᠭᠡ ᠬᠠᠩᠭᠠᠬᠤ ᠳᠤ ᠬᠦᠷᠪᠡᠯ᠂ ᠬᠡᠷᠡᠭᠯᠡᠭᠴᠢᠳ ᠦᠢᠯᠡᠴᠢᠯᠡᠭᠡ ᠬᠦᠯᠢᠶᠡᠬᠦ ᠠᠴᠠ ᠡᠮᠦᠨ᠎ᠡ ᠪᠠ | ᠠᠶᠠᠨᠳᠠᠭᠠᠨ ᠦᠷᠭᠦᠯᠵᠢᠯᠡᠬᠦ ᠬᠤᠭᠤᠴᠠᠭ᠎ᠠ᠂ ᠠᠶᠠᠨᠳᠠᠭᠠᠨ ᠦᠷᠭᠦᠯᠵᠢᠯᠡᠬᠦ ᠰᠦᠢᠳᠬᠡᠯ ᠵᠡᠷᠭᠡ ᠡᠳᠦᠷ | ᠬᠤᠭᠤᠴᠠᠭ᠎ᠠ ᠠᠴᠠ ᠡᠮᠦᠨ᠎ᠡ᠂ ᠢᠯᠡᠳᠲᠡ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠠᠩᠬᠠᠷᠤᠭᠤᠯᠬᠤ ᠬᠡᠷᠡᠭᠲᠡᠢ ᠭᠡᠵᠦ | ᠲᠣᠭᠲᠠᠭᠠᠵᠠᠢ᠃ | ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ︽ᠲᠦᠷᠢᠮ︾ ᠳᠤ ᠵᠠᠷᠢᠮ ᠬᠠᠯᠠᠭᠤᠨ ᠴᠡᠭ ᠤᠨ ᠠᠰᠠᠭᠤᠳᠠᠯ ᠪᠠ ᠡᠮᠵᠡᠭ ᠠᠰᠠᠭᠤᠳᠠᠯ ᠳᠤ | ᠴᠢᠭᠯᠡᠭᠦᠯᠦᠨ ᠬᠠᠨᠳᠤᠯᠭᠠᠲᠤ ᠴᠢᠨᠠᠷᠲᠠᠶ ᠲᠣᠭᠲᠠᠭᠠᠯ ᠭᠠᠷᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠳᠤ ᠨᠠᠩ ᠣᠯᠠᠨ ᠦᠨᠡᠨ ᠪᠣᠳᠠᠲᠠᠶ ᠠᠷᠭ᠎ᠠ ᠬᠡᠮᠵᠢᠶ᠎ᠡ ᠭᠠᠷᠭᠠᠵᠠᠶ᠃ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠠᠯ᠎ᠠ ᠠᠴᠠ ᠢᠯᠡᠷᠬᠡᠶᠢᠯᠡᠬᠦ ᠳᠡᠭᠡᠨ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠰᠦᠯᠵᠢᠶᠡᠨ ᠤ ᠬᠡᠷᠡᠭᠯᠡᠭᠡ ᠳᠤ ᠲᠠᠰᠤᠷᠠᠯᠲᠠ ᠥᠬᠡᠶ | ᠢᠯᠡᠷᠡᠵᠦ ᠮᠡᠳᠡᠬᠦ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ | ᠬᠠᠮᠠᠭᠠᠯᠠᠨ᠎ᠠ ᠭᠡᠵᠡᠶ᠃ ︵ᠰᠤᠷᠪᠤᠯᠵᠢᠯᠠᠭᠴᠢ ᠯᠢ ᠵᠢᠶᠤ︶ |