1-7 ᠳ᠋ᠤᠭᠠᠷ ᠰᠠᠷ᠎ᠠ ᠳᠤ ᠪᠥᠬᠦ ᠣᠷᠣᠨ ᠤ ᠴᠠᠬᠢᠯᠭᠠᠨ ᠭᠠᠷᠭᠠᠬᠤ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠪᠠ
ᠨᠡᠶᠢᠲᠡᠯᠡᠭᠰᠡᠨ ᠴᠠᠭ᠄
2024/8/20
   1-7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 4620.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9% ᠨᠡᠮᠡᠭᠳᠡᠪᠡ᠂ 7 ᠳ᠋ᠤᠭᠠᠷ ᠰᠠᠷ᠎ᠠ ᠳᠤ ᠴᠠᠬᠢᠯᠭᠠᠨ ᠭᠠᠷᠭᠠᠭᠰᠠᠨ ᠬᠡᠮᠵᠢᠶ᠎ᠡ 716.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠡᠨᠡ ᠵᠢᠯ ᠤᠨ ᠲᠣᠰ ᠰᠠᠷ᠎ᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠪᠡ᠃    ᠰᠢᠨ᠎ᠡ ᠡᠨᠧᠷᠭᠢ ᠶᠢᠨ ᠰᠤᠷᠪᠤᠯᠵᠢ ᠦᠷᠭᠦᠯᠵᠢᠯᠡᠨ ᠬᠦᠴᠦᠯᠡᠵᠦ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠲᠦᠷᠭᠡᠨ ᠢᠶᠠᠷ ᠨᠡᠮᠡᠭᠳᠡᠪᠡ᠃ 1-7 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠴᠠᠬᠢᠯᠭᠠᠨ ᠤ ᠬᠡᠮᠵᠢᠶ᠎ᠡ 3540.4 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ︔ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1063.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 19.0% ᠢᠶᠠᠷ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 877.3 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 15.7% ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 176.5 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 42.8% ᠪᠠᠷ ᠨᠡᠮᠡᠭᠳᠡᠪᠡ᠃    ᠴᠠᠬᠢᠯᠭᠠᠨ ᠬᠦᠴᠦᠨ ᠤ ᠦᠢᠯᠡᠳᠪᠦᠷᠢᠯᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠣᠯᠠᠩᠬᠢ ᠠᠶᠢᠮᠠᠭ ᠬᠤᠲᠠ ᠨᠡᠮᠡᠭᠳᠡᠯ ᠢᠶᠠᠨ ᠪᠡᠶᠡᠯᠡᠭᠦᠯᠪᠡ᠃ ᠪᠥᠬᠦ ᠣᠷᠣᠨ ᠤ 9 ᠠᠶᠢᠮᠠᠭ ᠬᠤᠲᠠ ᠶᠢᠨ ᠴᠠᠬᠢᠯᠭᠠᠨ ᠭᠠᠷᠭᠠᠬᠤ ᠬᠡᠮᠵᠢᠶ᠎ᠡ ᠨᠡᠮᠡᠭᠳᠡᠵᠦ᠂ ᠡᠭᠦᠨ ᠳᠤ 7 ᠠᠶᠢᠮᠠᠭ ᠬᠤᠲᠠ ᠶᠢᠨ ᠴᠠᠬᠢᠯᠭᠠᠨ ᠭᠠᠷᠭᠠᠬᠤ ᠬᠡᠮᠵᠢᠶ᠎ᠡ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠣᠷᠳᠣᠰ ᠬᠤᠲᠠ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠬᠠᠮᠤᠭ ᠤᠨ ᠥᠨᠳᠥᠷ ᠪᠠᠶᠢᠵᠤ᠂ 1176.2 ᠳ᠋ᠦᠩᠰᠢᠭᠤᠷ ᠺᠢᠯᠤᠸᠠᠲ ᠴᠠᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 18.0% ᠨᠡᠮᠡᠭᠳᠡᠪᠡ︔ ᠰᠢᠯᠢ ᠶᠢᠨ ᠭᠤᠤᠯ ᠠᠶᠢᠮᠠᠭ ᠤᠨ ᠴᠠᠬᠢᠯᠭᠠᠨ ᠭᠠᠷᠭᠠᠭᠰᠠᠨ ᠬᠡᠮᠵᠢᠶ᠎ᠡ 634.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 2 ᠳ᠋ᠤᠭᠠᠷ ᠲᠤ ᠣᠷᠣᠵᠤ᠂ 14.4% ᠪᠠᠷ ᠨᠡᠮᠡᠭᠳᠡᠪᠡ︔ ᠠᠯᠠᠱᠠ ᠠᠶᠢᠮᠠᠭ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠲᠠᠶᠢᠴᠢᠯᠠᠯ ᠳᠣᠣᠷ᠎ᠠ᠂ ᠴᠠᠬᠢᠯᠭᠠᠨ ᠭᠠᠷᠭᠠᠬᠤ  ᠬᠡᠮᠵᠢᠶ᠎ᠡ ᠬᠠᠮᠤᠭ ᠤᠨ ᠲᠦᠷᠭᠡᠨ ᠨᠡᠮᠡᠭᠳᠡᠵᠦ᠂ 120 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 60.7% ᠪᠠᠷ ᠨᠡᠮᠡᠭᠳᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号