ᠳᠤᠮᠳᠠᠳᠤ ᠤᠯᠤᠰ ᠤᠨ ᠡᠨᠧᠷᠭᠢ ᠶᠢᠨ ᠬᠡᠯᠪᠡᠷᠢ ᠬᠤᠪᠢᠷᠠᠭᠠᠯᠲᠠ ᠲᠡᠦᠬᠡᠲᠦ ᠴᠢᠨᠠᠷᠲᠠᠶ ᠠᠮᠵᠢᠯᠲᠠ ᠤᠯᠪᠠ
ᠨᠡᠶᠢᠲᠡᠯᠡᠭᠰᠡᠨ ᠴᠠᠭ᠄
2024/9/1
    8 ᠰᠠᠷ᠎ᠠ ᠶᠢᠨ 29 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ︽ᠳᠤᠮᠳᠠᠳᠤ ᠤᠯᠤᠰ ᠤᠨ ᠡᠨᠧᠷᠭᠢ ᠶᠢᠨ ᠬᠡᠯᠪᠡᠷᠢ ᠬᠤᠪᠢᠷᠠᠭᠠᠯᠲᠠ︾ ᠭᠡᠬᠦ ᠴᠠᠭᠠᠨ ᠭᠠᠳᠠᠷᠳᠤ ᠪᠢᠴᠢᠭ ᠢ ᠨᠡᠶᠢᠲᠡᠯᠡᠵᠦ᠂ ᠠᠷᠪᠠᠨ ᠵᠢᠯ ᠤᠨ ᠲᠤᠷᠰᠢᠬᠢ ᠳᠤᠮᠳᠠᠳᠤ ᠤᠯᠤᠰ ᠤᠨ ᠡᠨᠧᠷᠭᠢ ᠶᠢᠨ ᠬᠡᠯᠪᠡᠷᠢ ᠬᠤᠪᠢᠷᠠᠭᠠᠯᠲᠠ ᠶᠢᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠲᠠᠨᠢᠯᠴᠠᠭᠤᠯᠪᠠ᠃ ᠴᠠᠭᠠᠨ ᠭᠠᠳᠠᠷᠳᠤ ᠪᠢᠴᠢᠭ ᠲᠤ᠂ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ ᠤᠯᠤᠰ ᠤᠨ ᠪᠠᠶᠢᠳᠠᠯ ᠳᠤ ᠨᠡᠶᠢᠴᠡᠭᠰᠡᠨ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠶᠡᠭᠡ ᠬᠠᠨᠳᠤᠰᠢ ᠳᠤ ᠵᠣᠬᠢᠴᠠᠭᠰᠠᠨ᠂ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ ᠡᠨᠧᠷᠭᠢ ᠶᠢᠨ ᠬᠡᠯᠪᠡᠷᠢ  ᠬᠤᠪᠢᠷᠠᠭᠤᠯᠬᠤ ᠵᠠᠮ ᠢᠶᠠᠷ ᠵᠠᠮᠨᠠᠪᠠ ᠭᠡᠵᠡᠢ᠃ ᠲᠤᠬᠠᠶ ᠶᠢᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠭᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠤᠰ ᠤᠨ ᠡᠨᠧᠷᠭᠢ ᠶᠢᠨ ᠲᠣᠪᠴᠢᠶᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠴᠠᠭᠠᠨ ᠭᠠᠳᠠᠷᠳᠤ ᠪᠢᠴᠢᠭ ᠤᠨ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠲᠠᠨᠢᠯᠴᠠᠭᠤᠯᠵᠤ ᠲᠠᠶᠢᠯᠤᠮᠵᠢ ᠬᠢᠪᠠ᠃    ᠴᠡᠪᠡᠷ ᠡᠨᠧᠷᠭᠢ ᠶᠢᠨ ᠬᠥᠭᠵᠢᠯᠲᠡ ᠲᠦᠷᠭᠡᠰᠪᠡ᠃    ᠴᠠᠭᠠᠨ ᠭᠠᠳᠠᠷᠳᠤ ᠪᠢᠴᠢᠭ ᠲᠤ᠂ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠡᠨᠧᠷᠭᠢ ᠶᠢᠨ ᠦᠢᠯᠡᠳᠪᠦᠷᠢᠯᠡᠯ ᠪᠣᠯᠤᠨ ᠬᠡᠷᠡᠭᠯᠡᠭᠡᠨ ᠤ ᠠᠷᠭ᠎ᠠ ᠬᠡᠯᠪᠡᠷᠢ ᠶᠢᠨ ᠬᠤᠪᠢᠰᠤᠯᠲᠠ ᠶᠢ ᠭᠦᠨᠵᠡᠭᠡᠢ ᠠᠬᠢᠭᠤᠯᠵᠤ᠂ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠵᠦ᠂ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ ᠭᠡᠵᠡᠢ᠃    ᠡᠨᠧᠷᠭᠢ ᠶᠢᠨ ᠬᠡᠯᠪᠡᠷᠢ ᠬᠤᠪᠢᠷᠠᠭᠠᠯᠲᠠ ᠴᠡᠪᠡᠷ ᠡᠨᠧᠷᠭᠢ ᠶᠢᠨ ᠬᠥᠭᠵᠢᠯᠲᠡ ᠶᠢ ᠲᠦᠷᠭᠡᠨ ᠵᠠᠮ ᠳᠤ ᠣᠷᠣᠭᠤᠯᠬᠤ ᠶᠢ ᠠᠬᠢᠭᠤᠯᠤᠨ᠎ᠠ᠃ ᠴᠠᠭᠠᠨ ᠭᠠᠳᠠᠷᠳᠤ ᠪᠢᠴᠢᠭ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠳᠤ᠂ ᠳᠤᠮᠳᠠᠳᠤ ᠤᠯᠤᠰ ᠤᠨ ᠴᠡᠪᠡᠷ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ 26.4% ᠳᠤ ᠬᠦᠷᠴᠦ᠂ 2013 ᠣᠨ ᠤ ᠬᠢ ᠠᠴᠠ 10.9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠨᠡᠶᠢᠲᠡ 12.1 ᠵᠠᠭᠤᠨ ᠤ ᠬᠤᠪᠢ ᠶᠢᠨ ᠴᠡᠭ ᠪᠠᠭᠤᠷᠠᠪᠠ᠃ ᠴᠠᠬᠢᠯᠭᠠᠨ ᠭᠠᠷᠭᠠᠬᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 29.2 ᠳ᠋ᠦᠩᠰᠢᠭᠤᠷ  ᠺᠢᠯᠤᠸᠠᠲ ᠲᠤ ᠬᠦᠷᠴᠦ᠂ ᠡᠭᠦᠨ ᠳᠤ᠂ ᠴᠡᠪᠡᠷ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 17 ᠳ᠋ᠦᠩᠰᠢᠭᠤᠷ ᠺᠢᠯᠤᠸᠠᠲ ᠲᠤ ᠬᠦᠷᠴᠦ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠶᠡᠷᠦᠩᠬᠡᠶ ᠬᠡᠮᠵᠢᠶ᠎ᠡ ᠶᠢᠨ 58.2% ᠢ ᠡᠵᠡᠯᠡᠪᠡ᠃ ᠴᠡᠪᠡᠷ ᠡᠨᠧᠷᠭᠢ ᠶᠢᠨ ᠰᠤᠷᠪᠤᠯᠵᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠪᠠᠷᠤᠭ 3.8 ᠲᠦᠮᠡᠨ ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠴᠠᠬᠢᠯᠭᠠᠨ ᠭᠠᠷᠭᠠᠭᠰᠠᠨ ᠪᠦᠬᠦ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 39.7% ᠪᠠᠶᠢᠵᠤ᠂ 2013 ᠣᠨ ᠤ ᠬᠢ ᠠᠴᠠ 15 ᠵᠠᠭᠤᠨ ᠤ ᠬᠤᠪᠢ ᠶᠢᠨ ᠴᠡᠭ ᠣᠷᠴᠢᠮ ᠳᠡᠭᠡᠭᠰᠢᠯᠡᠵᠡᠶ᠃ ᠠᠷᠪᠠᠨ ᠵᠢᠯ ᠤᠨ ᠲᠤᠷᠰᠢ᠂ ᠰᠢᠨ᠎ᠡ ᠪᠠᠷ ᠨᠡᠮᠡᠭᠳᠡᠭᠰᠡᠨ ᠴᠡᠪᠡᠷ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠬᠦ ᠨᠡᠮᠡᠭᠳᠡᠯ ᠤᠨ ᠬᠡᠮᠵᠢᠶ᠎ᠡ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠳᠤᠮᠳᠠᠳᠤ ᠤᠯᠤᠰ ᠤᠨ ᠡᠨᠧᠷᠭᠢ ᠶᠢᠨ ︽ᠨᠣᠭᠤᠭᠠᠨ︾ ᠬᠡᠮᠵᠢᠶ᠎ᠡ ᠲᠠᠰᠤᠷᠠᠯᠳᠠ ᠦᠭᠡᠢ ᠳᠡᠭᠡᠭᠰᠢᠯᠡᠪᠡ᠃    ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠠᠵᠢᠯ ᠰᠢᠨ᠎ᠡ ᠦᠷ᠎ᠡ ᠪᠦᠲᠦᠮᠵᠢ ᠤᠯᠪᠠ᠃ ᠤᠯᠤᠰ ᠤᠨ ᠡᠨᠧᠷᠭᠢ ᠶᠢᠨ ᠲᠣᠪᠴᠢᠶᠠᠨ ᠤ ᠳᠠᠷᠤᠭ᠎ᠠ ᠵᠠᠩ ᠵᠢᠶᠠᠨ ᠬᠤᠸᠠ ᠲᠠᠨᠢᠯᠴᠠᠭᠤᠯᠬᠤ ᠳᠠᠭᠠᠨ᠂ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠤᠨ ᠨᠡᠭᠦᠷᠡᠰᠦ ᠪᠠᠷ ᠴᠠᠬᠢᠯᠭᠠᠨ ᠭᠠᠷᠭᠠᠬᠤ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠨ ᠦᠭᠡᠶᠢᠰᠭᠡᠭᠰᠡᠨ ᠬᠡᠮᠵᠢᠶ᠎ᠡ 1 ᠳ᠋ᠦᠩᠰᠢᠭᠤᠷ ᠺᠢᠯᠤᠸᠠᠲ ᠢ ᠳᠠᠪᠠᠵᠤ᠂ ᠴᠠᠬᠢᠯᠭᠠᠨ ᠬᠦᠴᠦᠨ ᠤ ᠠᠵᠢᠯ ᠲᠥᠷᠥᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ 90% ᠢᠯᠡᠭᠦᠦ ᠪᠠᠷ ᠪᠠᠭᠠᠰᠴᠠᠢ᠃ ᠪᠦᠬᠦ ᠨᠡᠶᠢᠭᠡᠮ ᠤᠨ ᠦᠵᠦᠭᠦᠷ ᠤᠨ ᠡᠨᠧᠷᠭᠢ ᠬᠡᠷᠡᠭᠯᠡᠬᠦ ᠴᠠᠬᠢᠯᠭᠠᠨᠵᠢᠭᠤᠯᠬᠤ ᠨᠣᠷᠮ᠎ᠠ ᠶᠢ 28% ᠳᠤ ᠬᠦᠷᠴᠡᠢ ᠭᠡᠯ᠎ᠡ᠃    ︽ᠳᠤᠮᠳᠠᠳᠤ ᠤᠯᠤᠰ ᠤᠨ ᠡᠨᠧᠷᠭᠢ ᠶᠢᠨ ᠰᠤᠷᠪᠤᠯᠵᠢ ᠶᠢᠨ ᠬᠡᠯᠪᠡᠷᠢ ᠬᠤᠪᠢᠷᠠᠭᠠᠯᠲᠠ ᠬᠢᠭᠡᠳ ᠠᠮᠢ ᠠᠬᠤᠢ ᠶᠢᠨ ᠣᠷᠴᠢᠨ ᠨᠥᠬᠦᠴᠡᠯ ᠤᠨ ᠥᠨᠳᠥᠷ ᠲᠦᠪᠰᠢᠨ ᠤ ᠬᠠᠮᠠᠭᠠᠯᠠᠯᠲᠠ ᠪᠣᠯ ᠬᠠᠮᠵᠢᠯᠴᠠᠨ ᠠᠬᠢᠳᠠᠭ ᠶᠤᠮ᠃ ᠤᠯᠤᠰ ᠤᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ ᠸᠠᠨ ᠶᠢᠨ ᠰᠥᠩ ᠢᠯᠡᠷᠬᠡᠶᠢᠯᠡᠬᠦ ᠳᠡᠭᠡᠨ᠂ 2012 ᠣᠨ ᠤ ᠬᠢ ᠲᠠᠢ ᠬᠠᠷᠢᠴᠠᠭᠤᠯᠪᠠᠯ᠂ ᠳᠤᠮᠳᠠᠳᠤ ᠤᠯᠤᠰ ᠤᠨ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠨᠡᠶᠢᠲᠡ 26% ᠢᠯᠡᠭᠦᠦ ᠪᠠᠷ ᠪᠠᠭᠠᠰᠴᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠪᠣᠬᠢᠷᠲᠤᠯ ᠥᠬᠡᠶ ᠪᠥᠭᠡᠳ ᠡᠷᠴᠢᠮᠵᠢᠭᠦᠯᠦᠭᠰᠡᠨ ᠨᠡᠭᠡᠭᠡᠨ ᠠᠰᠢᠭᠯᠠᠯᠲᠠ ᠶᠢ ᠪᠡᠶᠡᠯᠡᠭᠦᠯᠪᠡ ᠭᠡᠵᠡᠶ᠃ ᠣᠳᠣᠬᠠᠨ ᠳᠤ᠂ ᠳᠤᠮᠳᠠᠳᠤ ᠤᠯᠤᠰ ᠤᠨ ᠪᠣᠯᠪᠠᠰᠤᠷᠠᠭᠤᠯᠤᠭᠰᠠᠨ ᠲᠣᠰᠣᠨ ᠤ ᠶᠠᠰᠤ ᠴᠢᠨᠠᠷ ᠳᠡᠯᠡᠬᠡᠶ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠴᠦ᠂ ᠨᠡᠭᠦᠷᠡᠰᠦᠨ ᠴᠠᠬᠢᠯᠭᠠᠨ ᠤ ᠳᠤᠮᠳᠠᠴᠢ ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠭᠤᠯᠭ᠎ᠠ ᠶᠢ 303 ᠭᠷᠠᠮ ᠪᠠᠷᠢᠮᠵᠢᠶᠠᠲᠤ ᠨᠡᠭᠦᠷᠡᠰᠦ / ᠺᠢᠯᠤᠸᠠᠲ ᠴᠠᠭ ᠬᠦᠷᠲᠡᠯ᠎ᠡ ᠪᠠᠭᠤᠷᠠᠭᠤᠯᠵᠤ᠂ ᠲᠡᠷᠢᠭᠦᠨ ᠤ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠯ ᠭᠠᠳᠠᠭᠰᠢᠯᠠᠭᠤᠯᠬᠤ ᠬᠢᠷᠢ ᠬᠡᠮᠵᠢᠶ᠎ᠡ ᠨᠢ ᠪᠠᠶᠢᠭᠠᠯᠢ ᠶᠢᠨ ᠰᠢᠲᠠᠮᠠᠬᠠᠶ ᠬᠡᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠢᠵᠠᠭᠠᠷᠯᠠᠭᠰᠠᠨ ᠬᠡᠮᠵᠢᠭᠳᠡᠯ ᠯᠦᠭᠡ ᠲᠡᠩᠴᠡᠭᠦᠦ ᠪᠣᠯᠪᠠ᠃ ᠳᠤᠮᠳᠠᠳᠤ ᠤᠯᠤᠰ ᠤᠨ ᠡᠨᠧᠷᠭᠢ ᠶᠢᠨ ᠬᠡᠯᠪᠡᠷᠢ ᠬᠤᠪᠢᠷᠠᠭᠠᠯᠲᠠ ᠨᠢ ᠠᠮᠢ ᠠᠬᠤᠢ ᠶᠢᠨ ᠣᠷᠴᠢᠨ ᠨᠥᠬᠦᠴᠡᠯ ᠤᠨ ᠢᠯᠡᠳᠲᠡ ᠰᠠᠶᠢᠵᠢᠷᠠᠯᠲᠠ ᠪᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠪᠠ᠃    ᠡᠨᠧᠷᠭᠢ ᠶᠢᠨ ︽ᠰᠢᠨ᠎ᠡ︾ ᠠᠭᠤᠯᠤᠭᠳᠠᠴᠠ ᠲᠠᠰᠤᠷᠠᠯᠲᠠ ᠥᠬᠡᠶ ᠳᠡᠭᠡᠭᠰᠢᠯᠡᠪᠡ᠃     ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠡᠨᠧᠷᠭᠢ ᠶᠢᠨ ᠬᠡᠯᠪᠡᠷᠢ ᠬᠤᠪᠢᠷᠠᠭᠠᠯᠲᠠ ᠶᠢ ᠲᠦᠷᠭᠡᠳᠬᠡᠬᠦ᠂ ᠡᠨᠧᠷᠭᠢ ᠶᠢᠨ ᠰᠤᠷᠪᠤᠯᠵᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠭᠤᠣᠯᠯᠠᠬᠤ ᠬᠦᠴᠦᠨ ᠵᠦᠢᠯ ᠮᠥᠨ᠃ ᠴᠠᠭᠠᠨ ᠭᠠᠳᠠᠷᠳᠤ ᠪᠢᠴᠢᠭ ᠲᠤ᠂ ᠳᠤᠮᠳᠠᠳᠤ ᠤᠯᠤᠰ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠳᠠᠪᠠᠭᠤᠯᠢᠭ ᠠᠵᠤ ᠦᠢᠯᠡᠰ ᠢ ᠪᠠᠬᠢᠵᠢᠭᠦᠯᠦᠨ ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠢᠷᠡᠭᠡᠳᠦᠶ ᠶᠢᠨ ᠠᠵᠤ ᠦᠢᠯᠡᠰ ᠢ ᠲᠦᠷᠭᠡᠳᠬᠡᠨ ᠪᠤᠶᠢᠵᠢᠭᠤᠯᠬᠤ᠂ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠠᠢ ᠤᠶᠠᠯᠳᠤᠭᠤᠯᠤᠨ᠂ ᠡᠨᠧᠷᠭᠢ ᠶᠢᠨ ︽ᠰᠢᠨ᠎ᠡ︾ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠡᠢ᠃    ︽ᠪᠢᠳᠡ ᠭᠤᠷᠪᠠ ᠶᠢ ᠠᠬᠢᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ︾᠃ ᠤᠯᠤᠰ ᠤᠨ ᠡᠨᠧᠷᠭᠢ ᠶᠢᠨ ᠲᠣᠪᠴᠢᠶᠠᠨ ᠤ ᠬᠠᠤᠯᠢ ᠲᠦᠷᠢᠮ ᠪᠠ ᠪᠠᠶᠢᠭᠤᠯᠤᠯ ᠤᠨ ᠥᠭᠡᠷᠡᠴᠢᠯᠡᠯᠲᠡ ᠶᠢᠨ ᠵᠤᠷᠭᠠᠨ ᠤ ᠳᠠᠷᠤᠭ᠎ᠠ ᠰᠥᠩ ᠸᠧᠨ ᠲᠠᠨᠢᠯᠴᠠᠭᠤᠯᠬᠤ ᠳᠠᠭᠠᠨ᠂ ᠶᠠᠭᠤᠨ ᠤ ᠡᠮᠦᠨ᠎ᠡ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠶ᠃ ᠳᠤᠮᠳᠠᠳᠤ ᠤᠯᠤᠰ ᠡᠨᠧᠷᠭᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ᠂ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ᠂ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠶᠢ ᠴᠢᠩᠭᠠᠷᠠᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ ᠪᠠ ᠢᠨᠵᠧᠨᠧᠷᠢᠩ ᠤᠨ ᠵᠢᠱᠢᠶ᠎ᠡ ᠦᠵᠡᠭᠦᠯᠬᠦ ᠶᠢ ᠪᠦᠲᠦᠮᠵᠢᠲᠡᠶ ᠠᠭᠤᠰᠤᠯᠴᠠᠭᠤᠯᠤᠨ ᠵᠣᠯᠭᠠᠭᠤᠯᠬᠤ ᠶᠢ ᠠᠬᠢᠭᠤᠯᠤᠨ᠎ᠠ᠃ ᠳᠠᠷᠠᠭᠠᠯᠠᠪᠠᠯ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠡᠨᠧᠷᠭᠢ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠠᠯᠢ ᠤᠯᠠᠨ ᠳᠠᠷᠤᠮᠠᠯᠯᠠᠨ ᠲᠠᠷᠬᠠᠭᠠᠵᠤ᠂ ᠰᠢᠨ᠎ᠡ ᠶᠢ ᠡᠭᠦᠳᠬᠦ ᠵᠠᠮ ᠱᠤᠭᠤᠮ ᠤᠨ ᠵᠢᠷᠤᠭ ᠪᠠ ᠴᠠᠭ ᠤᠨ ᠬᠦᠰᠦᠨᠦᠭᠲᠦ ᠶᠢ ᠲᠣᠭᠲᠠᠭᠠᠵᠤ᠂ ᠰᠢᠨ᠎ᠡ ᠮᠠᠶ᠋ᠢᠭ ᠤᠨ ᠨᠥᠭᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠡᠨᠧᠷᠭᠢ ᠶᠢᠨ ᠲᠤᠭᠠᠴᠢᠯᠠᠯᠳᠠ ᠤᠶᠤᠨᠴᠢᠯᠠᠯᠲᠠ ᠵᠡᠷᠭᠡ ᠰᠢᠨ᠎ᠡ ᠠᠵᠤ ᠦᠢᠯᠡᠰ ᠰᠢᠨ᠎ᠡ ᠬᠡᠪ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠳᠡᠮᠵᠢᠨ᠎ᠡ᠃ ᠡᠴᠦᠰ ᠲᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠬᠦ ᠶᠢ ᠠᠬᠢᠭᠤᠯᠤᠨ᠎ᠠ᠃ ᠠᠩᠬᠠᠳᠠᠭᠴᠢ ᠰᠠᠤᠷᠢ ︵ᠢᠵᠢ︶ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ ᠵᠢᠱᠢᠶ᠎ᠡ ᠦᠵᠡᠭᠦᠯᠬᠦ ᠶᠢ ᠦᠷᠭᠦᠯᠵᠢᠯᠡᠨ ᠥᠷᠨᠢᠭᠦᠯᠵᠦ᠂ ᠡᠨᠧᠷᠭᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ ᠭᠡᠵᠡᠢ᠃    ︽ᠡᠨᠧᠷᠭᠢ ᠶᠢᠨ ᠠᠵᠢᠯ ᠲᠦᠷᠦᠯ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢᠭᠡᠳᠦᠭᠡᠷ ᠬᠥᠳᠡᠯᠭᠡᠬᠦ ᠬᠦᠴᠦᠨ ᠤ ᠦᠢᠯᠡᠳᠦᠯ ᠢ ᠦᠷᠭᠦᠯᠵᠢᠯᠡᠨ ᠴᠢᠩᠭᠠᠳᠬᠠᠨ᠎ᠠ︾᠃ ᠰᠥᠩ ᠸᠧᠨ ᠭᠤᠷᠪᠠᠨ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠲᠠᠨᠢᠯᠴᠠᠭᠤᠯᠪᠠ᠂ ᠡᠭᠦᠨ ᠳᠤ᠄ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠬᠦ ᠶᠢ ᠠᠬᠢᠭᠤᠯᠤᠨ᠎ᠠ︔ ᠰᠢᠨ᠎ᠡ ᠡᠨᠧᠷᠭᠢ᠂ ᠴᠥᠮ᠎ᠡ ᠶᠢᠨ ᠴᠠᠬᠢᠯᠭᠠᠨ᠂ ᠤᠶᠤᠨᠲᠤ ᠴᠠᠬᠢᠯᠭᠠᠨ ᠲᠣᠣᠷ ᠵᠡᠷᠭᠡ ᠬᠦᠷᠢᠶᠡᠨ ᠳᠠᠬᠢ ᠮᠡᠷᠭᠡᠵᠢᠯ ᠤᠨ ᠲᠦᠪᠰᠢᠨ ᠤ ᠳᠠᠪᠠᠯᠲᠠ ᠶᠢᠨ ᠴᠢᠨᠠᠷᠲᠠᠢ ᠳᠡᠭᠡᠭᠰᠢᠯᠡᠯᠲᠡ ᠶᠢ ᠠᠬᠢᠭᠤᠯᠵᠤ᠂ ᠰᠢᠨ᠎ᠡ ᠮᠡᠷᠭᠡᠵᠢᠯ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠪᠤᠶᠢᠵᠢᠭᠤᠯᠤᠨ᠎ᠠ︔ ᠴᠢᠬᠤᠯᠠ ᠶᠡᠭᠡ ᠢᠨᠵᠧᠨᠧᠷᠢᠩ ᠳᠤ ᠲᠦᠰᠢᠭᠯᠡᠨ ᠡᠨᠧᠷᠭᠢ ᠶᠢᠨ ᠰᠤᠷᠪᠤᠯᠵᠢ ᠶᠢᠨ ᠮᠡᠷᠭᠡᠵᠢᠯ ᠲᠣᠨᠣᠭᠯᠠᠯ ᠤᠨ ᠪᠡᠷᠬᠡ ᠰᠡᠳᠦᠪ ᠢ ᠰᠢᠢᠳᠪᠦᠷᠢᠯᠡᠬᠦ᠂ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠵᠡᠷᠭᠡ ᠶᠢ ᠲᠦᠯᠬᠢᠨ ᠠᠬᠢᠭᠤᠯᠤᠨ᠎ᠠ᠃    ᠳᠡᠯᠡᠬᠡᠶ ᠶᠢᠨ ᠡᠨᠧᠷᠭᠢ ᠶᠢᠨ ᠬᠡᠯᠪᠡᠷᠢ ᠬᠤᠪᠢᠷᠠᠭᠠᠯᠲᠠ ᠳᠤ ᠬᠥᠳᠡᠯᠭᠡᠬᠦ ᠬᠦᠴᠦᠨ ᠬᠠᠩᠭᠠᠨ᠎ᠠ᠃     ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠣᠯ ᠪᠦᠬᠦ ᠪᠥᠮᠪᠥᠷᠴᠡᠭ ᠲᠤ ᠲᠤᠯᠭᠠᠷᠠᠵᠤ ᠪᠠᠶᠢᠭ᠎ᠠ ᠬᠠᠮᠲᠤ ᠶᠢᠨ ᠥᠷᠢᠰᠥᠯᠳᠦᠭᠡᠨ ᠪᠣᠯᠤᠨ᠎ᠠ᠃ ᠴᠠᠭᠠᠨ ᠭᠠᠳᠠᠷᠳᠤ ᠪᠢᠴᠢᠭ ᠲᠤ᠂ ᠳᠤᠮᠳᠠᠳᠤ ᠤᠯᠤᠰ ᠲᠣᠰ ᠪᠡᠶ᠎ᠡ ᠶᠢᠨ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠬᠠᠮᠲᠤ᠂ ᠪᠥᠬᠦ ᠪᠥᠮᠪᠥᠷᠴᠡᠭ ᠤᠨ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠶᠢᠨ ᠠᠬᠢᠭᠤᠯᠤᠭᠴᠢ᠂ ᠬᠤᠪᠢ ᠨᠡᠮᠡᠷᠢ ᠦᠵᠡᠭᠦᠯᠦᠭᠴᠢ ᠪᠣᠯᠵᠣ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠂ ᠡᠯ᠎ᠡ ᠤᠯᠤᠰ ᠲᠠᠢ ᠬᠠᠮᠲᠤ ᠪᠠᠷ ᠪᠥᠬᠦ ᠪᠥᠮᠪᠥᠷᠴᠡᠭ ᠤᠨ ᠡᠨᠧᠷᠭᠢ ᠶᠢᠨ ᠦᠷᠭᠦᠯᠵᠢᠯᠡᠬᠦ ᠬᠥᠭᠵᠢᠯᠲᠡ ᠶᠢ ᠰᠦᠪᠡᠭᠴᠢᠯᠡᠵᠦ᠂ ᠡᠷᠬᠡ ᠲᠡᠭᠰᠢ ᠲᠥᠪ ᠭᠤᠤᠯᠴᠢ᠂ ᠲᠡᠩᠴᠡᠭᠦᠷᠢᠲᠡᠶ ᠨᠡᠶᠢᠳᠡᠮ ᠠᠰᠢᠭ ᠬᠦᠷᠲᠡᠭᠡᠬᠦ ᠪᠥᠬᠦ ᠪᠥᠮᠪᠥᠷᠴᠡᠭ ᠤᠨ ᠡᠨᠧᠷᠭᠢ ᠶᠢᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠳᠤ ᠳᠤᠮᠳᠠᠳᠤ ᠤᠯᠤᠰ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃    ᠣᠯᠠᠨ ᠤᠯᠤᠰ ᠤᠨ ᠡᠨᠧᠷᠭᠢ ᠶᠢᠨ ᠰᠤᠷᠪᠤᠯᠵᠢ ᠶᠢᠨ ᠵᠠᠬᠢᠷᠭ᠎ᠠ ︵IEA︶ ᠶᠢᠨ ᠨᠡᠶᠢᠲᠡᠯᠡᠭᠰᠡᠨ ︽2023 ᠣᠨ ᠤ ᠳᠠᠬᠢᠨ ᠡᠭᠦᠰᠴᠦ ᠪᠣᠯᠬᠤ ᠡᠨᠧᠷᠭᠢ︾ ᠶᠢᠨ ᠮᠡᠳᠡᠭᠦᠯᠦᠯᠲᠡ ᠳᠤ᠂ ᠳᠤᠮᠳᠠᠳᠤ ᠤᠯᠤᠰ ᠪᠣᠯ ᠪᠥᠬᠦ ᠪᠥᠮᠪᠥᠷᠴᠡᠭ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠠᠬᠢ ᠳᠠᠭᠠᠭᠤᠯᠤᠭᠴᠢ ᠮᠥᠨ᠂ ᠪᠠᠰᠠ ᠴᠤ ᠪᠥᠬᠦ ᠪᠥᠮᠪᠥᠷᠴᠡᠭ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠲᠦᠷᠭᠡᠨ ᠢᠶᠠᠷ ᠶᠡᠭᠡ ᠬᠡᠪᠴᠢᠶ᠎ᠡ ᠪᠠᠷ ᠨᠡᠮᠡᠭᠳᠡᠬᠦ ᠶᠢᠨ ᠭᠤᠤᠯ ᠬᠥᠳᠡᠯᠭᠡᠭᠴᠢ ᠬᠦᠴᠦᠨ ᠮᠥᠨ ᠭᠡᠵᠦ ᠵᠢᠭᠠᠵᠤ ᠭᠠᠷᠭᠠᠪᠠ᠃ 2014 ᠣᠨ ᠠᠴᠠ 2023 ᠣᠨ ᠪᠣᠯᠲᠠᠯ᠎ᠠ᠂ ᠪᠥᠬᠦ ᠪᠥᠮᠪᠥᠷᠴᠡᠭ ᠤᠨ ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢᠨ ᠡᠵᠡᠯᠡᠬᠦ ᠬᠠᠷᠢᠴᠠᠯ 13.6% ᠪᠠᠶᠢᠭᠰᠠᠨ ᠠᠴᠠ ᠪᠠᠨ 18.5% ᠪᠣᠯᠵᠣᠨᠡᠮᠡᠭᠳᠡᠪᠡ᠂ ᠡᠭᠦᠨ ᠳᠤ᠂ ᠳᠤᠮᠳᠠᠳᠤ ᠤᠯᠤᠰ ᠤᠨ ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠨᠡᠮᠡᠭᠳᠡᠯ ᠤᠨ ᠬᠡᠮᠵᠢᠶ᠎ᠡ ᠶᠢᠨ ᠬᠤᠪᠢ ᠨᠡᠮᠡᠷᠢ ᠦᠵᠡᠭᠦᠯᠦᠭᠰᠡᠨ ᠨᠣᠷᠮ᠎ᠠ 45.2% ᠪᠣᠯᠪᠠ᠃    ᠡᠭᠦᠨ ᠤ ᠬᠠᠮᠲᠤ᠂ ᠳᠤᠮᠳᠠᠳᠤ ᠤᠯᠤᠰ 100 ᠭᠠᠷᠤᠶ ᠤᠯᠤᠰ ᠪᠣᠯᠤᠨ ᠭᠠᠵᠠᠷ ᠣᠷᠣᠨ ᠲᠠᠢ ᠪᠣᠬᠢᠷᠲᠤᠯ ᠥᠬᠡᠶ ᠡᠨᠧᠷᠭᠢ ᠶᠢᠨ ᠲᠥᠷᠥᠯ ᠵᠦᠢᠯ ᠤᠨ ᠬᠠᠮᠲᠤᠷᠠᠯᠴᠠᠭ᠎ᠠ ᠥᠷᠨᠢᠭᠦᠯᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠡᠨᠧᠷᠭᠢ ᠶᠢᠨ ᠲᠥᠷᠥᠯ ᠵᠦᠢᠯ ᠪᠣᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠪᠠᠭ᠎ᠠ ᠮᠥᠷᠲᠡᠭᠡᠨᠭᠤᠶᠣ︾ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠠᠶᠢᠭ᠎ᠠ ᠤᠯᠤᠰ ᠤᠨ ᠢᠶᠠᠨ ᠴᠠᠬᠢᠯᠭᠠᠨ ᠬᠡᠷᠡᠭᠯᠡᠬᠦ ᠳᠤ ᠬᠦᠴᠢᠷᠲᠡᠶ᠂ ᠴᠠᠬᠢᠯᠭᠠᠨ ᠬᠡᠷᠡᠭᠯᠡᠬᠦ ᠳᠤ ᠦᠨᠡᠲᠡᠶ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠠᠶᠢᠭ᠎ᠠ ᠤᠯᠤᠰ ᠲᠤ ᠠᠷᠢᠭᠤᠨ ᠴᠡᠪᠡᠷ᠂ ᠠᠮᠤᠷ ᠲᠦᠪᠰᠢᠨ᠂ ᠨᠠᠶᠢᠳᠠᠪᠤᠷᠢᠲᠠᠶ ᠡᠨᠧᠷᠭᠢ ᠶᠢᠨ ᠬᠠᠩᠭᠠᠯᠭ᠎ᠠ ᠶᠢᠨ ᠲᠥᠰᠦᠯ ᠢ ᠬᠠᠩᠭᠠᠪᠠ᠃   ᠵᠠᠩ ᠵᠢᠶᠠᠨ ᠬᠤᠸᠠ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠲᠦᠷᠭᠡᠨ ᠬᠥᠭᠵᠢᠯᠲᠡ ᠨᠢ ᠦᠷᠭᠦᠯᠵᠢᠯᠡᠭᠰᠡᠨ ᠮᠡᠷᠭᠡᠵᠢᠯ ᠤᠨ ᠳᠠᠪᠰᠢᠯᠲᠠ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠪᠠ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠤᠨ ᠠᠴᠢ ᠲᠤᠰᠠ ᠶᠤᠮ᠃ ︽ᠪᠥᠬᠦ ᠪᠥᠮᠪᠥᠷᠴᠡᠭ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠡᠭᠡ ᠠᠬᠤᠶ ᠪᠠᠶᠢᠳᠠᠯ ᠳᠤᠤᠷ᠎ᠠ᠂ ᠳᠤᠮᠳᠠᠳᠤ ᠤᠯᠤᠰ ᠲᠣᠰ ᠪᠡᠶ᠎ᠡ ᠶᠢᠨ ᠰᠢᠨ᠎ᠡ ᠡᠨᠧᠷᠭᠢ ᠶᠢᠨ ᠬᠥᠭᠵᠢᠯᠲᠡ ᠪᠠᠨ ᠲᠦᠷᠭᠡᠳᠬᠡᠬᠦ ᠶᠢᠨ ᠬᠠᠮᠲᠤ᠂ ᠡᠯ᠎ᠡ ᠤᠯᠤᠰ ᠲᠠᠢ ᠴᠢᠨᠠᠷ ᠰᠠᠶᠢᠲᠠᠶ ᠦᠨ᠎ᠡ ᠬᠢᠮᠳᠠ ᠴᠡᠪᠡᠷ ᠡᠨᠧᠷᠭᠢ ᠶᠢᠨ ᠦᠢᠯᠡᠳᠬᠦᠨ ᠢ ᠢᠳᠡᠪᠬᠢᠲᠡᠶ ᠬᠠᠮᠲᠤ ᠪᠠᠷ ᠡᠳ᠋ᠯᠡᠵᠦ᠂ ᠪᠥᠬᠦ ᠪᠥᠮᠪᠥᠷᠴᠡᠭ ᠤᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠬᠤ ᠶᠢ ᠪᠦᠲᠦᠮᠵᠢᠲᠡᠶ ᠠᠬᠢᠭᠤᠯᠵᠤ᠂ ᠳᠡᠯᠡᠬᠡᠶ ᠶᠢᠨ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠳᠤ ᠦᠨᠡᠨ ᠪᠣᠳᠠᠲᠠᠶ ᠪᠣᠬᠢᠷᠲᠤᠯ ᠥᠬᠡᠶ ᠬᠥᠳᠡᠯᠭᠡᠬᠦ ᠬᠦᠴᠦᠨ ᠬᠠᠩᠭᠠᠵᠤ᠂ ᠴᠡᠪᠡᠷ ᠡᠨᠧᠷᠭᠢ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠰᠢᠨ᠎ᠡ ᠠᠵᠠ ᠲᠣᠬᠢᠶᠠᠯ ᠢ ᠡᠭᠦᠳᠴᠦ ᠥᠭᠭᠦᠭᠰᠡᠨ ᠪᠥᠭᠡᠳ ᠳᠡᠯᠡᠬᠡᠶ ᠶᠢᠨ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠳᠤ ᠳᠤᠮᠳᠠᠳᠤ ᠤᠯᠤᠰ ᠤᠨ ᠬᠦᠴᠦᠨ ᠴᠢᠳᠠᠯ ᠢᠶᠠᠨ ᠨᠡᠮᠡᠷᠢᠯᠡᠪᠡ︾ ᠭᠡᠵᠦ ᠵᠠᠩ ᠵᠢᠶᠠᠨ ᠬᠤᠸᠠ ᠬᠡᠯᠡᠪᠡ᠃ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号