ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠭᠤᠴᠠᠭᠠᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠡᠷᠡᠮᠡᠬᠡᠶᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠲᠡᠮᠡᠦᠯᠦᠯ ᠴᠢᠷᠮᠠᠶᠢᠯᠭ᠎ᠠ | ᠲᠡᠦᠬᠡ ᠶᠢᠨ ᠬᠤᠪᠢᠯᠤᠯ ᠳᠤᠮᠳᠠ ᠰᠦᠷ ᠳᠠᠯᠠᠶᠢᠴᠠᠲᠠᠢ 75 ᠵᠢᠯ ᠢ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠭᠰᠠᠨ ᠲᠡᠦᠬᠡ ᠶᠢᠨ ᠤᠯᠠᠮᠵᠢᠯᠠᠯ ᠤᠨ ᠶᠠᠪᠤᠴᠠ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ | ᠠᠯᠳᠠᠷ ᠴᠣᠯᠠ ᠶᠢ ᠬᠥᠰᠡᠷᠳᠡᠭᠦᠯᠦᠭᠰᠡᠨ ᠦᠭᠡᠢ᠃ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ | ᠴᠡᠭᠡᠵᠢᠯᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ | ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ︽ᠵᠢᠷᠭᠤᠭᠠᠨ ᠢᠨᠵᠧᠨᠧᠷᠢᠩ︾ ᠢ | ᠰᠠᠶᠢᠲᠤᠷ ᠬᠡᠷᠡᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠡᠯ᠎ᠡ | ᠵᠦᠢᠯ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠤᠯᠪᠠ᠃ | ᠨᠢᠭᠡ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠲᠣᠪᠤᠶᠢᠮ᠎ᠠ ᠠᠮᠵᠢᠯᠲᠠ ᠣᠯᠵᠤ᠂ ᠶᠡᠷᠦᠩᠬᠡᠶᠢᠯᠡᠭᠰᠡᠨ | ᠪᠣᠳᠠᠲᠤ ᠬᠦᠴᠦᠨ ᠢᠯᠡᠳᠲᠡ ᠴᠢᠩᠭᠠᠷᠠᠪᠠ | ︵ᠨᠢᠭᠡ︶ ᠠᠵᠤ ᠠᠬᠤᠢ ᠶᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠥᠷᠭᠡᠵᠢᠪᠡ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠡᠬᠢᠨ ᠤ ᠬᠤᠭᠤᠴᠠᠭᠠᠨ ᠳᠤ᠂ ᠮᠠᠨ ᠤ ᠣᠷᠣᠨ ᠤ ᠠᠵᠤ ᠠᠬᠤᠢ ᠶᠢᠨ ᠰᠠᠭᠤᠷᠢ ᠮᠠᠰᠢ | ᠪᠠᠭᠤᠷᠠᠢ ᠪᠠᠶᠢᠪᠠ᠃ 1952 ᠣᠨ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠥᠪᠬᠡᠨ | 12 ᠳ᠋ᠦᠩᠰᠢᠭᠤᠷ ᠲᠥᠭᠦᠷᠢᠭ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠵᠥᠪᠬᠡᠨ 173 ᠲᠥᠭᠦᠷᠢᠭ ᠪᠠᠶᠢᠪᠠ᠃ ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ | ᠤᠯᠤᠰ ᠠᠴᠠ ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠬᠤ᠂ ᠲᠡᠮᠦᠷ ᠵᠠᠮ ᠪᠠᠶᠢᠭᠤᠯᠬᠤ ᠶᠢ | ᠳᠠᠭᠠᠯᠳᠤᠨ᠂ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠠᠩᠬ᠎ᠠ ᠠᠯᠬᠤᠮ ᠬᠡᠪᠴᠢᠶᠡᠵᠢᠪᠡ᠃ ᠤᠷᠲᠤ | ᠬᠤᠭᠤᠴᠠᠭᠠᠨ ᠤ ᠲᠤᠷᠰᠢ ᠴᠥᠬᠦᠷᠡᠯ ᠦᠭᠡᠢ ᠴᠢᠷᠮᠠᠶᠢᠬᠤ ᠪᠠᠷ ᠳᠠᠮᠵᠢᠨ᠂ 1978 ᠣᠨ ᠳᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠨᠡᠮᠡᠭᠳᠡᠭᠡᠳ 58 ᠳ᠋ᠦᠩᠰᠢᠭᠤᠷ ᠲᠥᠭᠦᠷᠢᠭ ᠪᠣᠯᠵᠤ᠂ ᠬᠤᠪᠢᠷᠠᠯᠲᠠ | ᠦᠭᠡᠢ ᠦᠨ᠎ᠡ ᠪᠠᠷ ᠪᠣᠳᠣᠪᠠᠯ᠂ ᠤᠯᠤᠰ ᠪᠠᠶᠢᠭᠤᠯᠤᠭᠳᠠᠭᠰᠠᠨ ᠤ ᠡᠬᠢᠨ ᠤ ᠬᠤᠭᠤᠴᠠᠭᠠᠨ ᠤ 4.5 ᠳᠠᠬᠢᠨ ᠪᠣᠯᠵᠤ᠂ | ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠵᠡᠢ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠠᠵᠤ | ᠠᠬᠤᠶ ᠲᠦᠷᠭᠡᠨ ᠬᠥᠭᠵᠢᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠦᠷᠭᠦᠯᠵᠢᠯᠡᠨ ᠰᠢᠨ᠎ᠡ ᠱᠠᠲᠤᠨ ᠳᠤ ᠠᠬᠢᠵᠤ᠂ | 1983 ᠣᠨ᠂ 1996 ᠣᠨ᠂ 2012 ᠣᠨ ᠳᠤ ᠲᠣᠰ ᠲᠣᠰ ᠵᠠᠭᠤᠨ ᠳ᠋ᠦᠩᠰᠢᠭᠤᠷ ᠲᠥᠭᠦᠷᠢᠭ᠂ ᠮᠢᠩᠭᠠᠨ | ᠳ᠋ᠦᠩᠰᠢᠭᠤᠷ ᠲᠥᠭᠦᠷᠢᠭ᠂ ᠲᠦᠮᠡᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠠᠶ᠃ ᠣᠨᠴᠠᠭᠠᠶᠢᠯᠠᠨ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠠᠷᠭ᠎ᠠ ᠬᠡᠯᠪᠡᠷᠢ ᠪᠠᠨ | ᠬᠤᠪᠢᠷᠠᠭᠤᠯᠬᠤ᠂ ᠪᠦᠲᠦᠴᠡ ᠪᠠᠨ ᠲᠣᠬᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ | ᠦᠷᠭᠦᠯᠵᠢᠯᠡᠨ ᠲᠦᠷᠭᠡᠳᠪᠡ᠃ 2023 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ | 24627 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠯᠲᠠ ᠦᠭᠡᠢ ᠦᠨ᠎ᠡ ᠪᠠᠷ ᠪᠤᠳᠤᠪᠠᠯ᠂ 1952 ᠣᠨ | ᠪᠠ 1978 ᠣᠨ ᠤ ᠬᠢ ᠠᠴᠠ ᠲᠤᠰ ᠲᠤᠰ 390.9 ᠳᠠᠬᠢᠨ ᠪᠠ 86.4 ᠳᠠᠬᠢᠨ ᠢᠶᠠᠷ ᠨᠡᠮᠡᠭᠳᠡᠵᠦ᠂ ᠵᠢᠯ ᠪᠦᠷᠢ | ᠳᠤᠮᠳᠠᠴᠢ ᠪᠠᠷ ᠲᠤᠰ ᠲᠤᠰ 8.8% ᠪᠠ 10.4% ᠪᠠᠷ ᠨᠡᠮᠡᠭᠳᠡᠪᠡ᠃ 2023 ᠣᠨ ᠳᠤ ᠬᠥᠮᠦᠨ | ᠳᠤᠮᠳᠠᠴᠢ ᠶᠢᠨ GDP ᠨᠢ 10 ᠲᠦᠮᠡᠨ ᠲᠥᠭᠦᠷᠢᠭ ᠢ ᠳᠠᠪᠠᠵᠤ᠂ 102677 ᠲᠥᠭᠦᠷᠢᠭ ᠲᠤ ᠬᠦᠷᠴᠡᠶ᠃ | ︵ᠬᠤᠶᠠᠷ︶ ᠡᠳ᠋ ᠤᠨ ᠵᠠᠰᠠᠭ ᠤᠨ ᠪᠣᠳᠠᠲᠤ ᠬᠦᠴᠦᠨ ᠯᠠᠪᠳᠠᠭᠤᠨ ᠢᠶᠠᠷ ᠨᠡᠮᠡᠭᠳᠡᠪᠡ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠬᠤ ᠶᠢᠨ ᠦᠶ᠎ᠡ ᠳᠤ᠂ ᠮᠠᠨ ᠤ ᠣᠷᠣᠨ ᠪᠦᠬᠦ ᠤᠯᠤᠰ ᠤᠨ ᠡᠯ᠎ᠡ ᠭᠠᠵᠠᠷ ᠤᠨ ᠬᠢᠨ ᠲᠠᠢ | ᠠᠳᠠᠯᠢ ᠪᠠᠷ ᠰᠦᠢᠳᠦᠭᠳᠡᠭᠰᠡᠨ ᠪᠥᠬᠦᠨ ᠢ ᠰᠡᠷᠭᠦᠭᠡᠨ ᠬᠥᠭᠵᠢᠭᠦᠯᠬᠦ ᠴᠢᠬᠤᠯᠠᠲᠠᠢ ᠪᠠᠶᠢᠳᠠᠯ ᠳᠤ ᠣᠷᠣᠰᠢᠵᠤ᠂ ᠡᠳ᠋ ᠤᠨ | ᠵᠠᠰᠠᠭ ᠤᠨ ᠣᠷᠣᠯᠭ᠎ᠠ ᠬᠢᠵᠠᠭᠠᠷ ᠲᠠᠢ ᠪᠠᠶᠢᠪᠠ᠃ 1949 ᠣᠨ ᠳᠤ ᠪᠦᠬᠦ ᠣᠷᠣᠨ ᠤ ᠣᠷᠣᠨ ᠨᠤᠲᠤᠭ ᠤᠨ | ᠡᠳ᠋ ᠤᠨ ᠵᠠᠰᠠᠭ ᠤᠨ ᠣᠷᠣᠯᠭ᠎ᠠ ᠵᠥᠪᠬᠡᠨ 739 ᠲᠦᠮᠡᠨ ᠲᠥᠭᠦᠷᠢᠭ ᠪᠠᠶᠢᠪᠠ︔ 1978 ᠣᠨ ᠳᠤ ᠣᠷᠣᠨ | ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ 7 ᠳ᠋ᠦᠩᠰᠢᠭᠤᠷ ᠲᠥᠭᠦᠷᠢᠭ ᠲᠤ ᠬᠦᠷᠴᠡᠢ᠃ ᠰᠢᠨ᠎ᠡ | ᠵᠠᠭᠤᠨ ᠠᠴᠠ ᠨᠠᠭᠠᠰᠢ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠦᠰᠦᠷᠦᠯᠲᠡ ᠶᠢᠨ ᠨᠡᠮᠡᠭᠳᠡᠯ ᠢ ᠪᠡᠶᠡᠯᠡᠭᠦᠯᠵᠦ᠂ 2002 ᠣᠨ ᠪᠠ 2010 ᠣᠨ ᠳᠤ ᠲᠣᠰ ᠲᠣᠰ ᠵᠠᠭᠤᠨ | ᠳ᠋ᠦᠩᠰᠢᠭᠤᠷ ᠲᠥᠭᠦᠷᠢᠭ᠂ ᠮᠢᠩᠭᠠᠨ ᠳ᠋ᠦᠩᠰᠢᠭᠤᠷ ᠲᠥᠭᠦᠷᠢᠭ ᠤᠨ ᠶᠡᠨᠳᠡᠷ ᠢ ᠳᠠᠪᠠᠪᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠡᠳ᠋ ᠤᠨ ᠵᠠᠰᠠᠭ ᠤᠨ ᠣᠷᠣᠯᠭ᠎ᠠ ᠨᠡᠯᠢᠶᠡᠳ ᠲᠦᠷᠭᠡᠨ | ᠨᠡᠮᠡᠭᠳᠡᠯ ᠤᠨ ᠬᠤᠷᠳᠤᠴᠠ ᠪᠠᠨ ᠪᠠᠲᠤᠯᠠᠵᠤ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠵᠠᠷᠤᠯᠭ᠎ᠠ ᠢᠯᠡᠳᠲᠡ | ᠨᠡᠮᠡᠭᠳᠡᠪᠡ᠃ 2023 ᠣᠨ ᠳᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 3083 ᠳ᠋ᠦᠩᠰᠢᠭᠤᠷ | ᠲᠥᠭᠦᠷᠢᠭ ᠲᠤ ᠬᠦᠷᠴᠦ᠂ 2012 ᠣᠨ ᠤ ᠬᠢ ᠠᠴᠠ 1531 ᠳ᠋ᠦᠩᠰᠢᠭᠤᠷ ᠲᠥᠭᠦᠷᠢᠭ ᠨᠡᠮᠡᠭᠳᠡᠵᠦ᠂ ᠵᠢᠯ ᠪᠦᠷᠢ | ᠳᠤᠮᠳᠠᠴᠢ ᠪᠠᠷ 6.4% ᠪᠠᠷ ᠨᠡᠮᠡᠭᠳᠡᠪᠡ︔ ᠡᠭᠦᠨ ᠳᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ | 6818 ᠳ᠋ᠦᠩᠰᠢᠭᠤᠷ ᠲᠥᠭᠦᠷᠢᠭ ᠲᠤ ᠬᠦᠷᠪᠡ᠃ ᠡᠭᠦᠨ ᠳᠤ᠂ ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠵᠠᠷᠤᠯᠭ᠎ᠠ᠂ ᠰᠤᠷᠭᠠᠨ ᠬᠥᠮᠦᠵᠢᠯ ᠤᠨ ᠵᠠᠷᠤᠯᠭ᠎ᠠ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ | ᠵᠠᠷᠤᠯᠭ᠎ᠠ ᠶᠢᠨ ᠡᠵᠡᠯᠡᠬᠦ ᠬᠠᠷᠢᠴᠠᠯ ᠨᠢ ᠲᠣᠰ ᠲᠣᠰ 8%᠂ 11.4% ᠪᠠ 16.6% ᠪᠣᠯᠤᠨ᠎ᠠ᠃ ᠡᠳ᠋ ᠤᠨ | ᠵᠠᠰᠠᠭ ᠤᠨ ᠣᠷᠣᠯᠭ᠎ᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠪᠠᠲᠤ ᠪᠠᠬᠢ ᠪᠡᠯᠡ ᠮᠥᠩᠭᠦ ᠶᠢᠨ | ᠪᠠᠲᠤᠯᠠᠭ᠎ᠠ ᠬᠠᠩᠭᠠᠪᠠ᠃ | ︵ᠭᠤᠷᠪᠠ︶ ᠬᠥᠭᠵᠢᠯᠲᠡ ᠶᠢᠨ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠤ ᠬᠤᠭᠤᠴᠠᠭᠠᠨ ᠳᠤ᠂ ᠮᠠᠨ ᠤ ᠣᠷᠣᠨ ᠤ ᠠᠵᠤ ᠠᠬᠤᠶ ᠶᠢᠨ | ᠰᠠᠭᠤᠷᠢ ᠮᠠᠰᠢ ᠪᠠᠭᠤᠷᠠᠶ ᠪᠠᠶᠢᠵᠤ᠂ ᠨᠠᠮ ᠤᠨ ᠲᠥᠪ ᠬᠤᠷᠢᠶᠠᠨ ᠤ ᠬᠦᠴᠦᠲᠡᠶ ᠳᠡᠮᠵᠢᠯᠭᠡ ᠳᠣᠤᠷ᠎ᠠ᠂ ᠪᠦᠬᠦ | ᠣᠷᠣᠨ ᠢᠶᠠᠷ ᠢᠶᠠᠨ ᠦᠢᠯᠡᠳᠪᠦᠷᠢᠯᠡᠯ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ | ᠠᠯᠬᠤᠴᠠ ᠪᠠᠨ ᠲᠦᠷᠭᠡᠳᠬᠡᠵᠦ᠂ ᠪᠣᠯᠣᠳ ᠲᠡᠮᠦᠷ᠂ ᠰᠢᠬᠢᠷ ᠦᠢᠯᠡᠳᠬᠦ᠂ ᠨᠣᠣᠰᠣᠨ ᠨᠡᠬᠡᠮᠡᠯ ᠵᠡᠷᠭᠡ ᠨᠢᠭᠡ ᠪᠦᠯᠦᠭ | ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠷᠥᠯ ᠵᠦᠢᠯ ᠢ ᠪᠠᠶᠢᠭᠤᠯᠪᠠ᠃ ᠥᠭᠡᠷᠡᠴᠢᠯᠡᠯᠲᠡ ᠨᠡᠭᠡᠭᠡᠯᠲᠡ | ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠠᠬᠢ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠨᠢ ᠲᠦᠷᠭᠡᠨ ᠨᠡᠮᠡᠭᠳᠡᠬᠦ ᠬᠤᠷᠳᠤᠨ ᠤ ᠵᠠᠮ ᠳᠤ ᠣᠷᠣᠵᠤ ᠡᠬᠢᠯᠡᠪᠡ᠃ 1978 - 2012 | ᠣᠨ ᠳᠤ᠂ ᠪᠦᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠪᠦᠷᠢ ᠳᠤᠮᠳᠠᠴᠢ ᠪᠠᠷ 18. | 9% ᠪᠠᠷ ᠨᠡᠮᠡᠭᠳᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠪᠠᠯᠠ | ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠪᠦᠲᠦᠮᠵᠢᠲᠡᠶ | ᠣᠷᠣᠭᠤᠯᠤᠯᠲᠠ ᠶᠢ ᠢᠳᠡᠪᠬᠢᠲᠡᠶ ᠥᠷᠭᠡᠳᠬᠡᠨ᠂ ᠪᠠᠯᠠ ᠣᠷᠣᠭᠤᠯᠤᠯᠲᠠ ᠶᠢᠨ ᠪᠦᠲᠦᠴᠡ ᠶᠢ ᠬᠦᠴᠦᠯᠡᠨ | ᠰᠢᠯᠢᠳᠡᠭᠵᠢᠭᠦᠯᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠪᠠᠲᠤ ᠰᠠᠭᠤᠷᠢ ᠪᠠ | ᠬᠦᠴᠦᠲᠡᠶ ᠪᠠᠲᠤᠯᠠᠭ᠎ᠠ ᠬᠠᠩᠭᠠᠪᠠ᠃ 2013 - 2023 ᠣᠨ ᠳᠤ ᠪᠦᠬᠦ ᠣᠷᠣᠨ ᠤ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠵᠢᠯ ᠪᠦᠷᠢ ᠳᠤᠮᠳᠠᠴᠢ ᠪᠠᠷ 7.9% ᠪᠠᠷ ᠨᠡᠮᠡᠭᠳᠡᠪᠡ᠃ ᠡᠭᠦᠨ ᠳᠤ᠂ 2021 ᠣᠨ ᠠᠴᠠ | ᠨᠠᠭᠠᠰᠢ᠂ ᠮᠠᠨ ᠤ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 4 ᠵᠢᠯ ᠳᠠᠷᠠᠭᠠᠯᠠᠨ ᠪᠥᠬᠦ | ᠤᠯᠤᠰ ᠤᠨ ᠨᠢᠭᠡᠳᠦᠭᠡᠷ ᠡᠩᠨᠡᠭᠡᠨ ᠳᠤ ᠣᠷᠣᠪᠠ᠃ ᠢᠯᠠᠩᠭᠤᠶ᠎ᠠ ᠣᠶᠢᠷ᠎ᠠ ᠶᠢᠨ ᠵᠢᠯ ᠤᠳ ᠲᠤ᠂ ᠮᠠᠨ ᠤ ᠣᠷᠣᠨ | ᠰᠢᠨ᠎ᠡ ᠡᠨᠧᠷᠭᠢ ᠶᠢᠨ ᠠᠵᠤ ᠦᠢᠯᠡᠰ ᠲᠠᠬᠢ ᠵᠠᠪᠰᠢᠶᠠᠨ ᠢ ᠵᠠᠪᠳᠤᠨ ᠠᠳᠬᠤᠵᠤ᠂ 2022 ᠣᠨ ᠪᠠ 2023 | ᠣᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠨᠢ 70% ᠠᠴᠠ ᠳᠡᠭᠡᠭᠰᠢᠬᠢ ᠳᠡᠭᠡᠳᠦ | ᠪᠠᠶᠢᠷᠢ ᠶᠢᠨ ᠨᠡᠮᠡᠭᠳᠡᠯ ᠢ ᠪᠠᠲᠤᠯᠠᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ ᠬᠤᠪᠢ ᠨᠡᠮᠡᠷᠢ | ᠦᠵᠡᠭᠦᠯᠦᠭᠰᠡᠨ ᠨᠣᠷᠮ᠎ᠠ ᠲᠤᠯᠤᠭᠠᠨ ᠬᠤᠪᠢ ᠶᠢ ᠳᠠᠪᠠᠵᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠲᠦᠷᠭᠡᠨ | ᠨᠡᠮᠡᠭᠳᠡᠯ ᠤᠨ ᠭᠤᠤᠯ ᠬᠥᠳᠡᠯᠭᠡᠭᠴᠢ ᠬᠦᠴᠦᠨ ᠪᠣᠯᠤᠭᠰᠠᠨ ᠪᠠᠶᠢᠨ᠎ᠠ᠃ | ᠬᠤᠶᠠᠷ᠂ ᠬᠥᠭᠵᠢᠯᠲᠡ ᠶᠢᠨ ᠰᠠᠭᠤᠷᠢ ᠪᠦᠬᠦ ᠲᠠᠯ᠎ᠠ ᠪᠠᠷ ᠪᠠᠬᠢᠵᠢᠵᠦ᠂ ᠠᠵᠤ ᠦᠢᠯᠡᠰ ᠤᠨ ᠪᠦᠲᠦᠴᠡ | ᠲᠠᠰᠤᠷᠠᠯᠲᠠ ᠦᠭᠡᠢ ᠰᠢᠯᠢᠳᠡᠭᠵᠢᠪᠡ | ︵ᠨᠢᠭᠡ︶ ᠲᠠᠷᠢᠶᠠᠯᠠᠩ ᠤᠨ ᠦᠢᠯᠡᠳᠪᠦᠷᠢᠯᠡᠯ ᠤᠨ ᠴᠢᠳᠠᠪᠤᠷᠢ ᠢᠯᠡᠳᠲᠡ ᠴᠢᠩᠭᠠᠷᠠᠪᠠ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠤ ᠦᠶ᠎ᠡ ᠳᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠥᠷᠭᠡᠨ ᠢᠶᠠᠷ | ᠲᠠᠷᠢᠭᠠᠳ ᠴᠥᠭᠡᠨ ᠬᠤᠷᠢᠶᠠᠬᠤ ᠪᠠ ᠤᠰᠤ ᠶᠢ ᠳᠠᠭᠠᠭᠠᠳ ᠮᠠᠯᠵᠢᠭᠰᠠᠨ ᠪᠦᠳᠦᠭᠦᠯᠢᠭ ᠪᠠᠶᠢᠳᠠᠯ ᠳᠤ ᠪᠠᠨ ᠪᠠᠶᠢᠪᠠ᠃ | 1949 ᠣᠨ ᠳᠤ᠂ ᠪᠦᠬᠦ ᠣᠷᠣᠨ ᠤ ᠠᠮᠤ ᠪᠤᠳᠠᠭ᠎ᠠ ᠲᠠᠷᠢᠬᠤ ᠲᠠᠯᠠᠪᠠᠢ 353 ᠲᠦᠮᠡᠨ ᠾᠧᠺᠲ᠋ᠠᠷ᠂ ᠠᠮᠤ | ᠪᠤᠳᠠᠭᠠᠨ ᠤ ᠶᠡᠷᠦᠩᠬᠡᠢ ᠤᠨᠠᠯᠲᠠ ᠵᠥᠪᠬᠡᠨ 212.5 ᠲᠦᠮᠡᠨ ᠲᠣᠨ ᠪᠠᠶᠢᠪᠠ᠃ ᠥᠭᠡᠷᠡᠴᠢᠯᠡᠯᠲᠡ ᠨᠡᠭᠡᠭᠡᠯᠲᠡ | ᠡᠬᠢᠯᠡᠭᠰᠡᠨ ᠠᠴᠠ ᠨᠠᠭᠠᠰᠢ᠂ ᠪᠦᠬᠦ ᠣᠷᠣᠨ ᠤ ᠠᠮᠤ ᠪᠤᠳᠠᠭ᠎ᠠ ᠲᠠᠷᠢᠬᠤ ᠲᠠᠯᠠᠪᠠᠶ 1978 ᠣᠨ ᠳᠤ 409 ᠲᠦᠮᠡᠨ | ᠾᠧᠺᠲ᠋ᠠᠷ ᠪᠠᠶᠢᠭᠰᠠᠨ ᠠᠴᠠ ᠪᠠᠨ ᠨᠡᠮᠡᠭᠳᠡᠭᠡᠳ 2012 ᠣᠨ ᠳᠤ 612 ᠲᠦᠮᠡᠨ ᠾᠧᠺᠲ᠋ᠠᠷ ᠪᠣᠯᠲᠠᠯ᠎ᠠ ᠨᠡᠮᠡᠭᠳᠡᠵᠦ᠂ | ᠠᠮᠤ ᠪᠤᠳᠠᠭᠠᠨ ᠤ ᠶᠡᠷᠦᠩᠬᠡᠶ ᠤᠨᠠᠯᠲᠠ 1978 ᠣᠨ ᠳᠤ 499 ᠲᠦᠮᠡᠨ ᠲᠣᠨ ᠪᠠᠶᠢᠭᠰᠠᠨ ᠠᠴᠠ ᠪᠠᠨ ᠨᠡᠮᠡᠭᠳᠡᠭᠡᠳ | 2012 ᠣᠨ ᠳᠤ 2740 ᠲᠦᠮᠡᠨ ᠲᠣᠨ ᠪᠣᠯᠲᠠᠯ᠎ᠠ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ 4.5 ᠳᠠᠬᠢᠨ ᠳᠤ | ᠬᠦᠷᠴᠦ᠂ ᠪᠦᠬᠦ ᠤᠯᠤᠰ ᠤᠨ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠪᠠ ᠭᠠᠳᠠᠭᠰᠢ ᠲᠣᠬᠢᠷᠠᠭᠤᠯᠬᠤ | ᠮᠤᠵᠢ ᠣᠷᠣᠨ ᠤ ᠨᠢᠭᠡ ᠨᠢ ᠪᠣᠯᠪᠠ᠃ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ | ᠬᠡᠷᠡᠭᠵᠢᠭᠦᠯᠬᠦ ᠶᠢ ᠳᠠᠭᠠᠯᠳᠤᠨ᠂ ᠮᠠᠨ ᠤ ᠣᠷᠣᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠢᠯᠡᠳᠲᠡ ᠴᠢᠩᠭᠠᠷᠠᠪᠠ᠃ 2023 ᠣᠨ ᠳᠤ᠂ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ | 698.5 ᠲᠦᠮᠡᠨ ᠾᠧᠺᠲ᠋ᠠᠷ ᠲᠤ ᠬᠦᠷᠴᠦ᠂ ᠪᠥᠬᠦ ᠤᠯᠤᠰ ᠤᠨ 5 ᠳ᠋ᠤᠭᠠᠷ ᠲᠤ ᠲᠣᠭᠲᠠᠭᠤᠨ ᠢᠶᠠᠷ | ᠵᠢᠭᠰᠠᠭᠠᠭᠳᠠᠪᠠ︔ ᠠᠮᠤ ᠪᠤᠳᠠᠭᠠᠨ ᠤ ᠶᠡᠷᠦᠩᠬᠡᠶ ᠤᠨᠠᠯᠲᠠ 3957.8 ᠲᠦᠮᠡᠨ ᠲᠣᠨ ᠳᠤ ᠬᠦᠷᠴᠦ᠂ ︽ᠬᠤᠷᠢᠨ | ᠵᠢᠯ ᠳᠠᠷᠠᠭᠠᠯᠠᠭᠰᠠᠨ ᠡᠯᠪᠡᠭ ᠬᠤᠷᠢᠶᠠᠯᠲᠠ︾ ᠶᠢ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ᠭᠤᠷᠪᠠᠨ ᠵᠢᠯ | ᠳᠠᠷᠠᠭᠠᠯᠠᠨ ᠪᠥᠬᠦ ᠤᠯᠤᠰ ᠤᠨ 6 ᠳ᠋ᠤᠭᠠᠷ ᠲᠤ ᠵᠢᠭᠰᠠᠭᠠᠭᠳᠠᠪᠠ᠃ | ︵ᠬᠤᠶᠠᠷ︶ ᠮᠠᠯ ᠠᠵᠤ ᠠᠬᠤᠶ ᠶᠢᠨ ᠶᠡᠭᠡ ᠣᠷᠣᠨ ᠤ ᠪᠠᠶᠢᠷᠢ ᠰᠠᠭᠤᠷᠢ ᠲᠠᠰᠤᠷᠠᠯᠲᠠ ᠤᠢᠭᠡᠢ ᠪᠠᠬᠢᠵᠢᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠤ ᠠᠵᠤ | ᠠᠬᠤᠶ ᠳᠠᠬᠢ ᠲᠠᠷᠢᠶᠠᠯᠠᠩ ᠮᠠᠯ ᠠᠵᠤ ᠠᠬᠤᠶ ᠶᠢᠨ ᠡᠵᠡᠯᠡᠬᠦ ᠬᠤᠪᠢ ᠶᠢᠨ ᠵᠢᠩ 70% ᠳᠤ ᠬᠦᠷᠴᠦ᠂ | ᠤᠯᠠᠮᠵᠢᠯᠠᠯᠲᠤ ᠮᠠᠯ ᠠᠵᠤ ᠠᠬᠤᠶ ᠶᠢᠨ ᠮᠤᠵᠢ ᠣᠷᠣᠨ ᠪᠠᠶᠢᠪᠠ᠃ 75 ᠵᠢᠯ ᠤᠨ ᠬᠥᠭᠵᠢᠯᠲᠡ ᠪᠠᠷ ᠳᠠᠮᠵᠢᠨ᠂ | ᠮᠠᠨ ᠤ ᠣᠷᠣᠨ ᠮᠠᠯ ᠠᠵᠤ ᠠᠬᠤᠢ ᠶᠢᠨ ᠡᠬᠢ ᠪᠠᠶᠠᠯᠢᠭ ᠤᠨ ᠥᠪᠡᠷᠮᠢᠴᠡ ᠳᠠᠪᠠᠭᠤᠯᠢᠭ ᠲᠤ ᠪᠠᠨ ᠲᠦᠰᠢᠭᠯᠡᠨ᠂ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠲᠣᠭᠲᠠᠪᠤᠷᠢᠲᠠᠢ ᠪᠠᠶᠢᠯᠭᠠᠨ ᠬᠠᠩᠭᠠᠯᠭ᠎ᠠ ᠶᠢ ᠪᠠᠲᠤᠯᠠᠬᠤ ᠶᠢ ᠴᠢᠩᠭ᠎ᠠ | ᠠᠳᠬᠤᠵᠤ᠂ ᠣᠲᠣ ᠦᠶ᠎ᠡ ᠶᠢᠨ ᠮᠠᠯ ᠠᠵᠤ ᠠᠬᠤᠶ ᠶᠢ ᠶᠡᠭᠡ ᠪᠠᠷ ᠬᠥᠭᠵᠢᠭᠦᠯᠦᠨ᠂ ᠤᠯᠤᠰ ᠤᠨ ᠮᠠᠯ | ᠲᠠᠷᠢᠶᠠᠯᠠᠩ ᠤᠨ ᠭᠠᠷᠤᠯᠲᠠ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠲᠦᠷᠭᠡᠳᠪᠡ᠃ 2023 ᠣᠨ ᠤ ᠡᠴᠦᠰ ᠪᠣᠯᠬᠤ ᠳᠤ᠂ ᠪᠥᠬᠦ ᠣᠷᠣᠨ ᠤ ᠮᠠᠯ ᠤᠨ | ᠲᠤᠭ᠎ᠠ ᠲᠣᠯᠣᠭᠠᠢ 7880.3 ᠲᠦᠮᠡ ᠳᠤ ᠬᠦᠷᠴᠦ᠂ 1949 ᠣᠨ ᠪᠠ 1978 ᠣᠨ ᠤ ᠬᠢ ᠠᠴᠠ ᠲᠤᠰ ᠲᠤᠰ | 7 ᠳᠠᠬᠢᠨ ᠪᠠ 1.2 ᠳᠠᠬᠢᠨ ᠢᠶᠠᠷ ᠨᠡᠮᠡᠭᠳᠡᠵᠡᠢ᠃ ᠦᠨᠢᠶᠡᠨ ᠰᠦ᠂ ᠦᠬᠡᠷ ᠤᠨ ᠮᠢᠬ᠎ᠠ᠂ ᠬᠤᠨᠢᠨ ᠮᠢᠬ᠎ᠠ᠂ ᠬᠤᠨᠢ | ᠢᠮᠠᠭᠠᠨ ᠤ ᠨᠣᠣᠰᠣ ᠨᠣᠣᠯᠤᠭᠤᠷ ᠤᠨ ᠭᠠᠷᠤᠯᠲᠠ ᠣᠯᠠᠨ ᠵᠢᠯ ᠳᠠᠷᠠᠭᠠᠯᠠᠨ ᠪᠦᠬᠦ ᠤᠯᠤᠰ ᠤᠨ ᠲᠡᠷᠢᠭᠦᠨ ᠳᠤ | ᠪᠠᠶᠢᠷᠢᠯᠠᠵᠤ᠂ ᠪᠦᠬᠦ ᠤᠯᠤᠰ ᠤᠨ ᠪᠠᠷᠤᠭ 1/5 ᠬᠤᠪᠢ ᠶᠢᠨ ᠬᠤᠨᠢᠨ ᠮᠢᠬ᠎ᠠ᠂ 1/10 ᠬᠤᠪᠢ ᠶᠢᠨ ᠦᠬᠡᠷ ᠤᠨ | ᠮᠢᠬ᠎ᠠ᠂ 1/5 ᠬᠤᠪᠢ ᠶᠢᠨ ᠦᠨᠢᠶᠡᠨ ᠰᠦ ᠬᠢᠭᠡᠳ ᠬᠠᠭᠠᠰ ᠲᠣᠭᠠᠨ ᠤ ᠬᠤᠨᠢ ᠢᠮᠠᠭᠠᠨ ᠤ ᠨᠣᠣᠰᠣ | ᠨᠣᠣᠯᠤᠭᠤᠷ ᠤᠨ ᠬᠤᠪᠢ ᠨᠡᠮᠡᠷᠢ ᠶᠢ ᠦᠵᠡᠭᠦᠯᠪᠡ᠃ | ︵ᠭᠤᠷᠪᠠ︶ ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠲᠠᠰᠤᠷᠠᠯᠲᠠ ᠦᠭᠡᠢ ᠪᠠᠬᠢᠵᠢᠪᠡ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠤ ᠠᠵᠤ ᠦᠢᠯᠡᠳᠪᠦᠷᠢ ᠶᠢᠨ | ᠪᠦᠲᠦᠴᠡ ᠬᠠᠷᠢᠴᠠᠩᠭᠤᠢ ᠳᠠᠩ ᠴᠤᠯᠭᠤᠢ᠂ ᠵᠥᠪᠬᠡᠨ ᠴᠥᠭᠡᠨ ᠲᠣᠭᠠᠨ ᠤ ᠵᠢᠵᠢᠭ ᠨᠡᠭᠦᠷᠡᠰᠦᠨ ᠠᠭᠤᠷᠬᠠᠶ᠂ | ᠴᠠᠬᠢᠯᠭᠠᠨ ᠤ ᠵᠢᠵᠢᠭ ᠦᠢᠯᠡᠳᠪᠦᠷᠢ᠂ ᠮᠠᠰᠢᠨ ᠰᠡᠯᠪᠢᠬᠦ ᠵᠢᠵᠢᠭ ᠦᠢᠯᠡᠳᠪᠦᠷᠢ ᠪᠠ ᠵᠠᠷᠢᠮ ᠭᠠᠷ ᠦᠢᠯᠡᠳᠪᠦᠷᠢ ᠶᠢᠨ | ᠦᠢᠯᠡᠳᠬᠡᠯ ᠪᠠᠶᠢᠪᠠ᠃ 1952 ᠣᠨ ᠳᠤ ᠮᠠᠨ ᠤ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠵᠥᠪᠬᠡᠨ 1 ᠳ᠋ᠦᠩᠰᠢᠭᠤᠷ ᠲᠥᠭᠦᠷᠢᠭ ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ | ᠣᠷᠣᠨ ᠡᠨᠧᠷᠭᠢ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠨᠡᠭᠦᠷᠡᠰᠦ᠂ ᠴᠠᠬᠢᠯᠭᠠᠨ᠂ ᠲᠡᠮᠦᠷᠯᠢᠭ | ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠲᠤᠯᠭᠠᠭᠤᠷᠢ ᠠᠵᠤ ᠦᠢᠯᠡᠰ ᠢ ᠪᠣᠶ ᠪᠣᠯᠭᠠᠵᠤ᠂ ᠠᠵᠤ | ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠲᠦᠷᠭᠡᠨ ᠬᠥᠭᠵᠢᠪᠡ᠃ 2005 ᠣᠨ ᠳᠤ᠂ ᠪᠦᠬᠦ ᠣᠷᠣᠨ ᠤ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠵᠤ᠂ ᠡᠭᠦᠨ ᠠᠴᠠ ᠬᠤᠶᠢᠰᠢ | 2008 ᠣᠨ᠂ 2011 ᠣᠨ ᠳᠤ ᠲᠣᠰ ᠲᠣᠰ 2000 ᠳ᠋ᠦᠩᠰᠢᠭᠤᠷ ᠲᠥᠭᠦᠷᠢᠭ᠂ 3000 ᠳ᠋ᠦᠩᠰᠢᠭᠤᠷ | ᠲᠥᠭᠦᠷᠢᠭ ᠢ ᠳᠠᠪᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠡᠬᠢ | ᠪᠠᠶᠠᠯᠢᠭ ᠤᠨ ᠬᠡᠯᠪᠡᠷᠢ ᠪᠦᠬᠦᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠬᠦᠴᠦᠯᠡᠨ | ᠠᠬᠢᠭᠤᠯᠵᠤ᠂ ᠰᠢᠨ᠎ᠡ ᠪᠠᠷ ᠬᠥᠭᠵᠢᠵᠦ ᠪᠠᠶᠢᠭ᠎ᠠ ᠠᠵᠤ ᠦᠢᠯᠡᠰ ᠢ ᠶᠡᠭᠡ ᠪᠠᠷ ᠪᠤᠶᠢᠵᠢᠭᠤᠯᠵᠤ᠂ ᠠᠵᠤ | ᠦᠢᠯᠡᠳᠪᠦᠷᠢ ᠶᠢᠨ ᠪᠦᠲᠦᠴᠡ ᠶᠢᠨ ᠲᠤᠬᠢᠷᠠᠭᠤᠯᠤᠯᠳᠠ ᠦᠷᠭᠦᠯᠵᠢᠯᠡᠨ ᠰᠢᠯᠢᠳᠡᠭᠵᠢᠪᠡ᠃ 2013 – 2023 | ᠣᠨ ᠳᠤ᠂ ᠮᠠᠨ ᠤ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 3824 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ 9890 ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠵᠦ᠂ ᠣᠳᠣᠬᠠᠨ ᠳᠤ 8 ᠲᠤᠮᠦ ᠠᠵᠤ | ᠦᠢᠯᠡᠰ ᠤᠨ ᠪᠦᠯᠦᠭᠵᠢᠯ ᠪᠠ 8᠂ ᠴᠢᠬᠤᠯᠠ ᠠᠵᠤ ᠦᠢᠯᠡᠰ ᠤᠨ ᠬᠡᠯᠬᠢᠶ᠎ᠡ ᠶᠢ 16 ᠪᠦᠷᠢᠯᠳᠦᠭᠦᠯᠵᠦ᠂ ᠲᠦᠭᠦᠬᠡᠶ | ᠨᠡᠭᠦᠷᠡᠰᠦᠨ ᠤ ᠣᠨ ᠤ ᠭᠠᠷᠤᠯᠲᠠ ᠨᠢ ᠪᠦᠬᠦ ᠤᠯᠤᠰ ᠤᠨ 2 ᠳ᠋ᠤᠭᠠᠷ ᠲᠤ ᠣᠷᠣᠵᠤ᠂ ᠴᠠᠬᠢᠯᠭᠠᠨ ᠭᠠᠷᠭᠠᠭᠰᠠᠨ | ᠬᠡᠮᠵᠢᠶ᠎ᠡ ᠨᠢ ᠪᠦᠬᠦ ᠤᠯᠤᠰ ᠤᠨ ᠲᠡᠷᠢᠭᠦᠨ ᠳᠤ ᠣᠷᠣᠵᠤ᠂ ᠳᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ | ᠦᠢᠯᠡᠳᠪᠦᠷᠢᠯᠡᠬᠦ ᠴᠢᠳᠠᠪᠤᠷᠢ ᠨᠢ ᠴᠥᠮ ᠳᠡᠯᠡᠬᠡᠶ ᠶᠢᠨ ᠦᠢᠯᠡᠳᠪᠦᠷᠢᠯᠡᠬᠦ ᠴᠢᠳᠠᠪᠤᠷᠢ ᠶᠢᠨ 1/3 ᠠᠴᠠ ᠳᠡᠭᠡᠭᠰᠢᠬᠢ ᠶᠢ | ᠡᠵᠡᠯᠡᠵᠦ᠂ ᠬᠤᠪᠣᠷ ᠰᠢᠷᠣᠶ ᠶᠢᠨ ᠨᠢᠭᠡᠳᠪᠦᠷᠢ ᠪᠠ ᠬᠤᠪᠣᠷ ᠰᠢᠷᠣᠶ ᠶᠢᠨ ᠰᠣᠷᠢᠨᠵᠢᠨ ᠮᠠᠲ᠋ᠧᠷᠢᠶᠠᠯ ᠤᠨ ᠭᠠᠷᠤᠯᠲᠠ ᠨᠢ | ᠲᠤᠰ ᠲᠤᠰ ᠪᠦᠬᠦ ᠤᠯᠤᠰ ᠤᠨ 1 ᠳ᠋ᠦ᠋ᠭᠡᠷ ᠪᠠ 2 ᠳ᠋ᠤᠭᠠᠷ ᠲᠤ ᠣᠷᠣᠪᠠ᠃ | ︵ᠲᠦᠷᠪᠡ︶ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ | ᠬᠠᠷᠢᠴᠠᠩᠭᠤᠢ ᠤᠳᠠᠭᠠᠨ ᠪᠠᠶᠢᠪᠠ᠃ 1952 ᠣᠨ ᠳᠤ᠂ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ | ᠨᠡᠮᠡᠭᠳᠡᠯ ᠥᠷᠲᠡᠭ ᠵᠥᠪᠬᠡᠨ 2.2 ᠳ᠋ᠦᠩᠰᠢᠭᠤᠷ ᠲᠥᠭᠦᠷᠢᠭ ᠪᠠᠶᠢᠵᠤ᠂ 1978 ᠣᠨ ᠪᠣᠯᠬᠤ ᠳᠤ ᠵᠥᠪᠬᠡᠨ 12. | 7 ᠳ᠋ᠦᠩᠰᠢᠭᠤᠷ ᠲᠥᠭᠦᠷᠢᠭ ᠯᠡ ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ | ᠦᠢᠯᠡᠴᠢᠯᠡᠭᠡᠨ ᠤ ᠦᠢᠯᠡᠰ ᠬᠤᠷᠳᠤᠨ ᠬᠥᠭᠵᠢᠯᠲᠡ ᠶᠢᠨ ᠵᠠᠮ ᠳᠤ ᠣᠷᠣᠵᠠᠢ᠃ 2012 ᠣᠨ ᠳᠤ᠂ ᠪᠦᠬᠦ | ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 4463.3 ᠳ᠋ᠦᠩᠰᠢᠭᠤᠷ ᠲᠥᠭᠦᠷᠢᠭ ᠲᠤ ᠬᠦᠷᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠰᠢᠨ᠎ᠡ ᠬᠤᠳᠠᠯᠳᠤᠭᠠᠨ ᠤ ᠬᠡᠪ ᠵᠠᠭᠪᠤᠷ ᠲᠠᠰᠤᠷᠠᠯᠲᠠ ᠦᠭᠡᠢ ᠢᠯᠡᠷᠡᠬᠦ ᠶᠢ ᠳᠠᠭᠠᠯᠳᠤᠨ᠂ | ᠦᠢᠯᠡᠴᠢᠯᠡᠭᠡᠨ ᠤ ᠦᠢᠯᠡᠰ ᠤᠷᠢᠳ ᠡᠮᠦᠨ᠎ᠡ ᠪᠠᠶᠢᠭ᠎ᠠ ᠦᠭᠡᠢ ᠠᠮᠢᠵᠢᠷᠠᠯ ᠤᠨ ᠬᠦᠴᠦᠨ ᠲᠠᠢ ᠪᠣᠯᠵᠤ ᠬᠥᠭᠵᠢᠪᠡ᠃ | 2023 ᠣᠨ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 10186 ᠳ᠋ᠦᠩᠰᠢᠭᠤᠷ | ᠲᠥᠭᠦᠷᠢᠭ ᠲᠤ ᠬᠦᠷᠴᠦ᠂ ᠲᠦᠮᠡᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠰᠢᠪᠲᠤᠯᠵᠤ᠂ ᠪᠥᠬᠦ ᠣᠷᠣᠨ ᠤ | ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠰᠠᠶᠢᠨ | ᠰᠠᠶᠢᠬᠠᠨ ᠠᠬᠢᠭᠤᠯᠬᠤ ᠦᠢᠯᠡᠳᠦᠯ ᠢᠶᠠᠨ ᠦᠵᠡᠭᠦᠯᠪᠡ᠃ | ᠭᠤᠷᠪᠠ᠂ ᠰᠢᠨ᠎ᠡ ᠶᠢ ᠡᠭᠦᠳᠴᠦ ᠬᠥᠭᠵᠢᠬᠦ ᠶᠢᠨ ᠬᠦᠳᠡᠯᠭᠡᠭᠴᠢ ᠬᠦᠴᠦᠨ ᠦᠷᠭᠦᠯᠵᠢᠯᠡᠨ ᠴᠢᠩᠭᠠᠷᠠᠵᠤ᠂ | ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠴᠢᠳᠠᠪᠤᠷᠢ ᠢᠯᠡᠳᠲᠡ | ᠴᠢᠩᠭᠠᠷᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠦᠢᠯ ᠤᠨ ᠬᠤᠴᠣᠷᠤᠩᠭᠤᠢ ᠪᠠᠶᠢᠪᠠ᠃ 1958 ᠣᠨ | ᠳᠤ᠂ ︽ᠬᠤᠶᠠᠷ ᠪᠥᠮᠪᠦᠭᠡ ᠨᠢᠭᠡ ᠤᠳᠤᠨ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠤᠰᠢᠭᠤᠴᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠡᠵᠡᠨ᠎ᠡ ᠬᠤᠰᠢᠭᠤ | ᠬᠤᠰᠢᠭᠤᠨ ᠲᠥᠪ ᠢᠶᠠᠨ ᠭᠤᠷᠪᠠᠨᠲᠠ ᠨᠡᠭᠦᠯᠭᠡᠵᠦ ᠪᠠᠶᠢᠭᠠᠳ ᠳ᠋ᠦᠩᠹᠧᠩ ᠰᠠᠨᠰᠠᠷ ᠠᠶᠠᠯᠠᠯ ᠤᠨ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠳᠡᠮᠵᠢᠵᠦ᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠶ ᠪᠠᠨ ᠰᠠᠨᠰᠠᠷ ᠠᠶᠠᠯᠠᠯ ᠤᠨ | ᠦᠢᠯᠡᠰ ᠲᠤ ᠵᠣᠷᠢᠭᠤᠯᠪᠠᠢ︾ ᠭᠡᠰᠡᠨ ᠰᠠᠶᠢᠬᠠᠨ ᠦᠯᠢᠭᠡᠷ ᠢ ᠡᠭᠦᠳᠴᠡᠢ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠲᠠᠭᠠᠯᠳᠤᠨ᠂ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ ᠤ | ᠰᠤᠳᠤᠯᠭᠠᠨ ᠳᠠᠬᠢ ᠣᠷᠣᠭᠤᠯᠤᠯᠲᠠ ᠪᠠᠨ ᠲᠦᠷᠭᠡᠨ ᠨᠡᠮᠡᠭᠳᠡᠭᠦᠯᠵᠦ᠂ ᠢᠯᠠᠩᠭᠤᠶ᠎ᠠ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠪᠲᠤᠯᠤᠯᠲᠠ︾ ᠶᠢᠨ ᠢᠨᠵᠧᠨᠧᠷᠢᠩ ᠤᠨ ᠲᠠᠭᠠᠭᠤᠯᠭ᠎ᠠ ᠳᠣᠣᠷ᠎ᠠ᠂ ᠰᠢᠨ᠎ᠡ ᠡᠭᠦᠳᠦᠯᠲᠡ ᠶᠢᠨ | ᠴᠢᠳᠠᠪᠤᠷᠢ ᠨᠢ ᠤᠯᠠᠮ ᠨᠢᠭᠡ ᠠᠯᠬᠤᠮ ᠳᠡᠭᠡᠭᠰᠢᠯᠡᠵᠦ᠂ ᠨᠡᠶᠢᠭᠡᠮ ᠠᠵᠤ ᠠᠬᠤᠢ ᠶᠢᠨ ᠲᠦᠷᠭᠡᠨ ᠬᠥᠭᠵᠢᠯᠲᠡ ᠳᠤ | ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ ᠬᠦᠴᠦᠨ᠂ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠪᠡ᠃ ᠪᠦᠬᠦ | ᠣᠷᠣᠨ ᠤ R&D ︵ᠰᠤᠳᠤᠯᠭᠠᠨ ᠬᠢᠭᠡᠳ ᠲᠤᠷᠰᠢᠯᠲᠠ ᠶᠢᠨ ᠬᠥᠭᠵᠢᠯᠲᠡ︶ ᠶᠢᠨ ᠵᠠᠷᠤᠳᠠᠯ ᠮᠥᠩᠭᠦ ᠶᠢᠨ | ᠵᠠᠷᠤᠯᠭ᠎ᠠ ᠨᠢ 2000 ᠣᠨ ᠤ 3 ᠳ᠋ᠦᠩᠰᠢᠭᠤᠷ ᠲᠥᠭᠦᠷᠢᠭ ᠪᠠᠶᠢᠭᠰᠠᠨ ᠠᠴᠠ 2022 ᠣᠨ ᠤ 210 | ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠵᠦ᠂ 22 ᠵᠢᠯ ᠤᠨ ᠬᠤᠭᠤᠴᠠᠭᠠᠨ ᠳᠤ 62.6 ᠳᠠᠬᠢᠨ ᠢᠶᠠᠷ | ᠨᠡᠮᠡᠭᠳᠡᠭᠡᠳ᠂ ᠵᠢᠯ ᠪᠦᠷᠢ ᠳᠤᠮᠳᠠᠴᠢ ᠪᠠᠷ 20.7% ᠪᠠᠷ ᠨᠡᠮᠡᠭᠳᠡᠪᠡ︔ R&D ᠳᠤ ᠪᠡᠯᠡ ᠣᠷᠣᠭᠤᠯᠤᠭᠰᠠᠨ | ᠬᠦᠴᠦᠯᠡᠴᠡ ᠨᠢ 2000 ᠣᠨ ᠤ 0.22% ᠪᠠᠶᠢᠭᠰᠠᠨ ᠠᠴᠠ 2022 ᠣᠨ ᠤ 0.9% ᠪᠣᠯᠲᠠᠯ᠎ᠠ | ᠳᠡᠭᠡᠭᠰᠢᠯᠡᠪᠡ᠃ 2023 ᠣᠨ ᠳᠤ᠂ ᠪᠥᠬᠦ ᠣᠷᠣᠨ ᠤ ᠲᠤᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ | 22249 ᠬᠤᠪᠢ ᠪᠠᠶᠢᠵᠤ᠂ 1986 ᠣᠨ ᠪᠠ 2000 ᠣᠨ ᠠᠴᠠ ᠲᠣᠰ ᠲᠣᠰ 1307.8 ᠳᠠᠬᠢᠨ ᠪᠠ 27. | 7 ᠳᠠᠬᠢᠨ ᠢᠶᠠᠷ ᠨᠡᠮᠡᠭᠳᠡᠵᠦ᠂ ᠲᠦᠮᠡᠨ ᠬᠥᠮᠥᠨ ᠪᠦᠷᠢ ᠳᠤ ᠡᠭᠦᠳᠦᠯᠲᠡ ᠶᠢᠨ ᠲᠤᠰᠬᠠᠢ ᠠᠰᠢᠭ ᠤᠨ ᠬᠡᠮᠵᠢᠶ᠎ᠡ 5.2 | ᠬᠤᠪᠢ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠴᠢᠳᠠᠪᠤᠷᠢ ᠲᠠᠰᠤᠷᠠᠯᠲᠠ | ᠦᠭᠡᠢ ᠴᠢᠩᠭᠠᠷᠠᠪᠠ᠃ | ︵ᠬᠤᠶᠠᠷ︶ ᠵᠠᠬ᠎ᠠ ᠳᠡᠯᠭᠡᠭᠦᠷ ᠤᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ ᠥᠭᠡᠷᠡᠴᠢᠯᠡᠯᠲᠡ ᠨᠡᠭᠡᠭᠡᠯᠲᠡ | ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ ᠶᠢ ᠶᠡᠭᠡ ᠪᠠᠷ | ᠠᠬᠢᠭᠤᠯᠵᠤ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠨᠥᠯᠥᠭᠡᠯᠡᠭᠰᠡᠨ ᠪᠠᠶᠢᠭᠤᠯᠤᠯ ᠤᠨ ᠴᠢᠨᠠᠷᠲᠠᠶ | ᠰᠠᠭᠠᠳ ᠢ ᠠᠷᠢᠯᠭᠠᠨ᠂ ᠬᠤᠪᠢ ᠬᠥᠮᠥᠨ ᠤ ᠪᠠ ᠬᠤᠪᠢ ᠶᠢᠨ ᠡᠵᠡᠩᠨᠡᠯᠲᠡ ᠶᠢᠨ ᠵᠡᠷᠭᠡ ᠨᠡᠶᠢᠲᠡ ᠶᠢᠨ ᠥᠮᠴᠢᠯᠡᠯ | ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠲᠠᠰᠤᠷᠠᠯᠲᠠ ᠤᠢᠭᠡᠢ ᠬᠥᠭᠵᠢᠭᠡᠨ᠂ ᠵᠠᠬ᠎ᠠ ᠳᠡᠯᠭᠡᠭᠦᠷ ᠤᠨ ᠬᠡᠪᠴᠢᠶ᠎ᠡ ᠶᠢ ᠶᠡᠭᠡ ᠪᠠᠷ ᠥᠷᠭᠡᠳᠬᠡᠵᠦ᠂ ᠡᠵᠡᠩᠨᠡᠯᠲᠡ ᠶᠢᠨ | ᠭᠤᠤᠯ ᠴᠣᠭᠴᠠ ᠨᠤᠭᠤᠳ ᠥᠷᠨᠢᠨ ᠬᠥᠭᠵᠢᠪᠡ᠃ 2023 ᠣᠨ ᠳᠤ᠂ ᠪᠥᠬᠦ ᠣᠷᠣᠨ ᠳᠤ ᠰᠢᠨ᠎ᠡ ᠪᠠᠷ | ᠪᠠᠶᠢᠭᠤᠯᠤᠭᠰᠠᠨ ᠡᠵᠡᠩᠨᠡᠯᠲᠡ ᠶᠢᠨ ᠭᠤᠤᠯ ᠴᠣᠭᠴᠠ 46 ᠲᠦᠮᠡᠨ ᠡᠷᠦᠬᠡ ᠪᠠᠶᠢᠵᠤ᠂ ᠨᠡᠮᠡᠭᠳᠡᠯ ᠤᠨ ᠨᠣᠷᠮ᠎ᠠ ᠨᠢ | ᠣᠶᠢᠷ᠎ᠠ ᠶᠢᠨ ᠠᠷᠪᠠᠨ ᠵᠢᠯ ᠤᠨ ᠰᠢᠨ᠎ᠡ ᠲᠡᠮᠳᠡᠭᠯᠡᠯ ᠢ ᠡᠭᠦᠳᠦᠨ᠂ ᠡᠵᠡᠩᠨᠡᠯᠲᠡ ᠶᠢᠨ ᠭᠤᠤᠯ ᠴᠣᠭᠴᠠ ᠶᠢᠨ ᠲᠤᠭ᠎ᠠ | ᠬᠡᠮᠵᠢᠶ᠎ᠡ ᠨᠢ 273 ᠲᠦᠮᠡᠨ ᠡᠷᠦᠬᠡ ᠳᠤ ᠬᠦᠷᠴᠦ᠂ ᠴᠡᠪᠡᠷ ᠨᠡᠮᠡᠭᠳᠡᠯ ᠤᠨ ᠬᠡᠮᠵᠢᠶ᠎ᠡ ᠨᠢ ᠠᠩᠬ᠎ᠠ ᠤᠳᠠᠭ᠎ᠠ 20 | ᠲᠦᠮᠡᠨ ᠡᠷᠦᠬᠡ ᠶᠢ ᠳᠠᠪᠠᠵᠤ᠂ ᠥᠩᠭᠡᠷᠡᠭᠰᠡᠨ ᠲᠠᠪᠤᠨ ᠵᠢᠯ ᠤᠨ ᠳᠤᠮᠳᠠᠴᠢ ᠴᠡᠪᠡᠷ ᠨᠡᠮᠡᠭᠳᠡᠯ ᠤᠨ ᠬᠡᠮᠵᠢᠶ᠎ᠡ ᠠᠴᠠ | 43% ᠥᠨᠳᠥᠷᠵᠢᠪᠡ᠃ | ᠳᠥᠷᠪᠡ᠂ ᠵᠣᠬᠢᠴᠠᠩᠭᠤᠶ ᠬᠥᠭᠵᠢᠯᠲᠡ ᠶᠢᠨ ᠪᠠᠶᠢᠳᠠᠯ ᠨᠠᠩ ᠰᠢᠯᠢᠳᠡᠭᠵᠢᠬᠦ ᠬᠠᠨᠳᠤᠰᠢ ᠲᠠᠢ ᠪᠣᠯᠵᠤ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠰᠦᠷᠯᠢᠭ ᠰᠠᠶᠢᠬᠠᠨ ᠦᠵᠡᠮᠵᠢ ᠢᠯᠡᠷᠡᠵᠡᠢ | ︵ᠨᠢᠭᠡ︶ ᠭᠤᠷᠪᠠᠨ ᠠᠵᠤ ᠦᠢᠯᠡᠰ ᠬᠠᠮᠵᠢᠯᠴᠠᠨ ᠬᠥᠭᠵᠢᠪᠡ᠃ 1952 ᠣᠨ ᠳᠤ᠂ ᠪᠦᠬᠦ ᠣᠷᠣᠨ ᠤ | ᠭᠤᠷᠪᠠᠨ ᠠᠵᠤ ᠦᠢᠯᠡᠰ ᠤᠨ ᠪᠦᠲᠦᠴᠡ ᠨᠢ 71.1᠄ 11.3᠄ 17.6 ᠪᠠᠶᠢᠵᠤ᠂ ᠠᠵᠤ ᠦᠢᠯᠡᠰ ᠤᠨ | ᠪᠦᠲᠦᠴᠡ ᠳᠤ ᠨᠡᠯᠢᠶᠡᠳ ᠬᠤᠴᠣᠷᠤᠩᠭᠤᠶ ︽ᠨᠢᠭᠡᠳᠦᠭᠡᠷ ᠭᠤᠷᠪᠠᠳᠤᠭᠠᠷ ᠬᠤᠶᠠᠳᠤᠭᠠᠷ︾ ᠭᠡᠰᠡᠨ ᠠᠵᠤ | ᠦᠢᠯᠡᠰ ᠤᠨ ᠪᠦᠲᠦᠴᠡ ᠲᠠᠢ ᠪᠠᠶᠢᠵᠠᠢ᠃ ᠡᠭᠦᠨ ᠠᠴᠠ ᠬᠤᠶᠢᠰᠢᠬᠢ 20 ᠭᠠᠷᠤᠢ ᠵᠢᠯ ᠤᠨ ᠬᠤᠭᠤᠴᠠᠭᠠᠨ ᠳᠤ᠂ | ᠮᠠᠨ ᠤ ᠣᠷᠣᠨ ᠤ ᠠᠵᠤ ᠦᠢᠯᠡᠳᠪᠦᠷᠢ ᠲᠦᠷᠭᠡᠨ ᠬᠥᠭᠵᠢᠯᠲᠡ ᠪᠠᠨ ᠪᠠᠲᠤᠯᠠᠵᠤ᠂ 1978 ᠣᠨ ᠳᠠᠬᠢ ᠭᠤᠷᠪᠠᠨ | ᠠᠵᠤ ᠦᠢᠯᠡᠰ ᠤᠨ ᠡᠵᠡᠯᠡᠬᠦ ᠬᠠᠷᠢᠴᠠᠯ ᠨᠢ 32.7᠄ 45.4᠄ 21.9 ᠪᠣᠯᠪᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠪᠥᠬᠦ ᠣᠷᠣᠨ ᠤ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠭᠤᠷᠪᠠᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠤᠭᠠᠳ 2023 | ᠣᠨ ᠪᠣᠯᠬᠤ ᠳᠤ 11.1᠄ 47.5᠄ 41.4 ᠪᠣᠯᠵᠤ᠂ ᠠᠵᠤ ᠠᠬᠤᠶ ᠶᠢᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | ︵ᠬᠤᠶᠠᠷ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ | ᠠᠬᠢᠪᠠ᠃ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠤ ᠬᠤᠲᠠ | ᠪᠠᠯᠭᠠᠰᠤᠵᠢᠯᠲᠠ ᠶᠢᠨ ᠨᠣᠷᠮ᠎ᠠ ᠵᠥᠪᠬᠡᠨ 12.37% ᠪᠠᠶᠢᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠪᠦᠬᠦ ᠣᠷᠣᠨ ᠤ ᠬᠤᠲᠠ ᠶᠢᠨ ᠬᠥᠭᠵᠢᠯᠲᠡ ᠰᠢᠨ᠎ᠡ ᠱᠠᠲᠤᠨ ᠳᠤ ᠳᠡᠪᠰᠢᠵᠤ᠂ ᠬᠤᠲᠠ | ᠪᠠᠯᠭᠠᠰᠤᠵᠢᠯᠲᠠ ᠶᠢᠨ ᠨᠣᠷᠮ᠎ᠠ ᠲᠠᠰᠤᠷᠠᠯᠲᠠ ᠤᠢᠭᠡᠢ ᠳᠡᠭᠡᠭᠰᠢᠯᠡᠪᠡ᠃ 2023 ᠣᠨ ᠤ ᠡᠴᠦᠰ ᠪᠣᠯᠬᠤ ᠳᠤ᠂ ᠪᠥᠬᠦ | ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 69.58% ᠳᠤ | ᠬᠦᠷᠴᠦ᠂ 1978 ᠣᠨ ᠪᠠ 1949 ᠣᠨ ᠤ ᠬᠢ ᠠᠴᠠ ᠲᠣᠰ ᠲᠣᠰ 47.8 ᠪᠠ 57.2 ᠵᠠᠭᠤᠨ ᠤ ᠴᠡᠭ ᠢᠶᠠᠷ | ᠳᠡᠭᠡᠭᠰᠢᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 1978 ᠣᠨ ᠤ 3. | 01᠄ 1 ᠪᠠᠶᠢᠭᠰᠠᠨ ᠠᠴᠠ ᠪᠠᠭᠠᠰᠤᠭᠠᠳ 2023 ᠣᠨ ᠤ 2.29᠄ 1 ᠪᠣᠯᠵᠤ᠂ ᠬᠤᠲᠠ ᠬᠥᠳᠡᠭᠡ ᠶᠢᠨ | ᠣᠷᠣᠯᠭ᠎ᠠ ᠶᠢᠨ ᠵᠥᠷᠢᠶ᠎ᠡ ᠵᠢᠯ ᠳᠠᠷᠠᠭᠠᠯᠠᠨ ᠪᠠᠭᠠᠰᠬᠤ ᠬᠠᠨᠳᠤᠰᠢ ᠢᠯᠡᠷᠡᠪᠡ᠃ | ︵ᠭᠤᠷᠪᠠ︶ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠢ ᠴᠢᠨᠠᠷ ᠤᠯᠠᠮ ᠨᠢᠭᠡ ᠠᠯᠬᠤᠮ | ᠴᠢᠩᠭᠠᠷᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠵᠡᠷᠭᠡ ᠠᠯᠢ ᠤᠯᠠᠨ | ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠣᠬᠢᠶᠠᠯ ᠢ ᠠᠮᠵᠢᠵᠤ᠂ ᠵᠡᠭᠦᠨ | ᠪᠠᠷᠠᠭᠤᠨ ᠬᠡᠰᠡᠭ ᠤᠨ ᠭᠠᠵᠠᠷ ᠣᠷᠣᠨ ᠤ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ | ᠲᠥᠯᠥᠪᠯᠡᠵᠦ᠂ ᠶᠡᠭᠡ ᠳᠤᠮᠳᠠ ᠪᠠᠭ᠎ᠠ ᠬᠤᠳᠠ ᠪᠠ ᠵᠢᠵᠢᠭ ᠬᠤᠳᠠ ᠪᠠᠯᠭᠠᠰᠤᠨ ᠤ ᠵᠣᠬᠢᠴᠠᠩᠭᠤᠢ ᠬᠤᠯᠪᠣᠯᠳᠤᠭᠰᠠᠨ᠂ | ᠣᠨᠴᠠᠯᠢᠭᠲᠤ᠂ ᠠᠭᠤᠯᠤᠭᠳᠠᠬᠤᠨᠲᠤ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠶᠢᠨ ᠪᠦᠲᠦᠴᠡ ᠨᠡᠩ | ᠲᠡᠩᠴᠡᠭᠦᠷᠢᠲᠡᠢ ᠪᠣᠯᠪᠠ᠃ 2023 ᠣᠨ ᠳᠤ᠂ ᠵᠡᠭᠦᠨ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠲᠣᠰ ᠲᠣᠰ 7290 ᠳ᠋ᠦᠩᠰᠢᠭᠤᠷ ᠲᠥᠭᠦᠷᠢᠭ᠂ 15000 | ᠳ᠋ᠦᠩᠰᠢᠭᠤᠷ ᠲᠥᠭᠦᠷᠢᠭ ᠪᠠ 2279 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠲᠣᠰ | ᠲᠣᠰ 5.4%᠂ 8.8%᠂ 4.8% ᠪᠠᠷ ᠨᠡᠮᠡᠭᠳᠡᠪᠡ︔ ᠬᠥᠮᠦᠨ ᠪᠦᠷᠢ ᠶᠢᠨ ᠳᠤᠮᠳᠠᠴᠢ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠲᠣᠰ ᠲᠣᠰ 2022 ᠣᠨ ᠳᠤ 61132 ᠲᠥᠭᠦᠷᠢᠭ᠂ 139474 | ᠲᠥᠭᠦᠷᠢᠭ ᠪᠠ 95404 ᠲᠥᠭᠦᠷᠢᠭ ᠪᠠᠶᠢᠭᠰᠠᠨ ᠠᠴᠠ ᠪᠠᠨ 2023 ᠣᠨ ᠳᠤ 63446 ᠲᠥᠭᠦᠷᠢᠭ᠂ | 147710 ᠲᠥᠭᠦᠷᠢᠭ ᠪᠠ 97393 ᠲᠥᠭᠦᠷᠢᠭ ᠪᠣᠯᠵᠤ ᠨᠡᠮᠡᠭᠳᠡᠵᠡᠢ᠃ | ︵ᠲᠦᠷᠪᠡ︶ ᠠᠵᠢᠯ ᠣᠯᠭᠤᠯᠲᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠪᠡ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠲᠠᠷᠢᠶᠠᠯᠠᠩ ᠮᠠᠯ ᠠᠵᠤ ᠠᠬᠤᠶ ᠶᠢᠨ | ᠠᠵᠢᠯ ᠣᠯᠭᠤᠯᠲᠠ ᠪᠠᠷ ᠭᠤᠤᠯ ᠪᠣᠯᠭᠠᠵᠤ ᠪᠠᠶᠢᠪᠠ᠃ 1952 ᠤᠨ ᠳᠤ᠂ ᠪᠦᠬᠦ ᠤᠷᠤᠨ ᠤ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠵᠢᠯ ᠤᠯᠭᠤᠯᠳᠠ ᠶᠢᠨ ᠪᠦᠳᠦᠴᠡ ᠨᠢ 87.6᠄ 3.8᠄ 8.6 | ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠬᠤᠲᠠ ᠪᠠᠯᠭᠠᠰᠤᠵᠢᠬᠤ ᠠᠬᠢᠴᠠ ᠶᠢᠨ | ᠲᠦᠷᠭᠡᠳᠬᠦ ᠪᠠ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠦᠷᠭᠡᠨ ᠬᠥᠭᠵᠢᠬᠦ ᠶᠢ | ᠳᠠᠭᠠᠯᠳᠤᠨ᠂ ᠮᠠᠨ ᠤ ᠣᠷᠣᠨ ᠤ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠬᠦᠴᠦᠨ ᠬᠤᠲᠠ ᠪᠠᠯᠭᠠᠰᠤ ᠲᠡᠶᠢᠰᠢ | ᠲᠦᠷᠭᠡᠨ ᠰᠢᠯᠵᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠠᠵᠢᠯ | ᠤᠯᠬᠤ ᠳᠤ ᠬᠦᠴᠢᠷᠳᠡᠯᠲᠡᠢ ᠬᠥᠮᠦᠰ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠠᠵᠢᠯ ᠠᠯᠳᠠᠭᠰᠠᠳ᠂ | ᠵᠡᠮᠳᠡᠭᠴᠦᠳ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠵᠡᠷᠭᠡ ᠭᠤᠤᠯᠳᠠᠯᠭ᠎ᠠ ᠲᠠᠢ ᠬᠥᠮᠦᠰ ᠢ ᠲᠥᠷᠥᠯ | ᠠᠩᠭᠢᠯᠠᠨ ᠵᠢᠯᠣᠭᠤᠳᠴᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠥᠬᠦ ᠣᠷᠣᠨ ᠤ ᠠᠵᠢᠯ | ᠣᠯᠭᠤᠯᠲᠠ ᠶᠢᠨ ᠪᠦᠲᠦᠴᠡ ᠶᠢ ᠨᠠᠩ ᠰᠢᠯᠢᠳᠡᠭᠵᠢᠭᠦᠯᠪᠡ᠃ 2023 ᠣᠨ ᠤ ᠡᠴᠦᠰ ᠲᠤ᠂ ᠪᠦᠬᠦ ᠨᠡᠶᠢᠭᠡᠮ ᠤᠨ | ᠠᠵᠢᠯ ᠣᠯᠣᠭᠰᠠᠳ ᠤᠨ ᠶᠡᠷᠦᠩᠬᠡᠢ ᠬᠡᠮᠵᠢᠶ᠎ᠡ 1211 ᠲᠦᠮᠡᠨ ᠬᠥᠮᠥᠨ ᠪᠠᠶᠢᠵᠤ᠂ ᠭᠤᠷᠪᠠᠳᠤᠭᠠᠷ ᠠᠵᠤ | ᠦᠢᠯᠡᠰ ᠤᠨ ᠠᠵᠢᠯ ᠣᠯᠣᠭᠰᠠᠳ ᠤᠨ ᠬᠠᠷᠢᠴᠠᠯ 34.4᠄ 47.9 ᠳᠤ ᠬᠦᠷᠴᠦ᠂ ᠭᠤᠷᠪᠠᠨ ᠠᠵᠤ ᠦᠢᠯᠡᠰ ᠨᠢ | ᠠᠵᠢᠯ ᠣᠯᠭᠤᠯᠲᠠ ᠶᠢ ᠳᠠᠶᠢᠴᠢᠯᠠᠬᠤ ᠭᠤᠣᠯ ᠴᠢᠭᠯᠡᠯ ᠪᠣᠯᠵᠠᠢ᠃ | ᠲᠠᠪᠤ᠂ ᠪᠣᠬᠢᠷᠲᠤᠯ ᠦᠭᠡᠢ ᠬᠥᠭᠵᠢᠯᠲᠡ ᠶᠢᠨ ᠥᠩᠭᠡ ᠨᠢ ᠲᠣᠳᠣ ᠴᠢᠨᠠᠷ ᠨᠢ ᠰᠠᠶᠢᠨ᠂ ᠬᠥᠮᠦᠨ ᠪᠠᠶᠢᠭᠠᠯᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠵᠤ ᠪᠣᠢ | ︵ᠨᠢᠭᠡ︶ ᠡᠬᠡ ᠤᠯᠤᠰ ᠤᠨ ᠤᠮᠠᠷᠠᠲᠤ ᠬᠢᠯᠢ ᠶᠢᠨ ᠨᠣᠮᠢᠨ ᠨᠣᠭᠤᠭᠠᠨ ᠲᠦᠮᠡᠨ ᠭᠠᠵᠠᠷ ᠤᠨ ᠤᠷᠲᠤ ᠬᠡᠷᠡᠮ | ᠤᠯᠠᠮ ᠨᠣᠭᠤᠭᠠᠷᠠᠪᠠ᠃ ᠰᠢᠨ᠎ᠡ ᠵᠠᠭᠤᠨ ᠠᠴᠠ ᠨᠠᠭᠠᠰᠢ᠂ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠤᠯᠲᠠ ᠪᠠ ᠴᠡᠯᠮᠡᠭ ᠲᠡᠭᠷᠢ᠂ ᠴᠡᠩᠭᠡᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠵᠡᠷᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠨᠢᠭᠡ ᠲᠠᠯ᠎ᠠ ᠪᠠᠷ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ ᠪᠠᠨ ᠠᠳᠬᠤᠵᠤ᠂ ᠨᠥᠭᠦᠭᠡ ᠲᠠᠯ᠎ᠠ ᠪᠠᠷ ᠪᠣᠬᠢᠷᠲᠤᠯ ᠢ ᠰᠡᠷᠭᠡᠶᠢᠯᠡᠬᠦ᠂ ᠪᠣᠬᠢᠷᠲᠤᠯ ᠢ ᠵᠠᠰᠠᠬᠤ ᠪᠠᠨ | ᠠᠳᠬᠤᠵᠤ᠂ ᠠᠮᠢ ᠠᠬᠤᠢ ᠶᠢᠨ ᠡᠬᠢ ᠪᠠᠶᠠᠯᠢᠭ ᠢ ᠠᠮᠢᠯᠠᠭᠤᠯᠤᠨ ᠰᠡᠷᠭᠦᠭᠡᠪᠡ᠃ ᠪᠥᠬᠦ ᠣᠷᠣᠨ ᠳᠤ ᠨᠡᠶᠢᠲᠡ 2.3 | ᠳ᠋ᠦᠩᠰᠢᠭᠤᠷ ᠮᠥ ᠢᠯᠡᠭᠦᠦ ᠣᠶ ᠰᠢᠭᠤᠶ ᠳᠠᠷᠢᠵᠤ᠂ 5.5 ᠳ᠋ᠦᠩᠰᠢᠭᠤᠷ ᠮᠥ ᠡᠪᠡᠰᠦ ᠳᠠᠷᠢᠵᠤ᠂ 1.5 ᠳ᠋ᠦᠩᠰᠢᠭᠤᠷ | ᠮᠥ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ | ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠲᠣᠰ ᠲᠣᠰ 21.77% ᠪᠠ | 45% ᠳᠤ ᠬᠦᠷᠴᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠬᠡᠮᠵᠢᠶ᠎ᠡ ᠦᠷᠭᠦᠯᠵᠢᠯᠡᠨ ︽ᠬᠤᠣᠰ ᠨᠡᠮᠡᠭᠳᠡᠯ︾ ᠢ ᠪᠡᠶᠡᠯᠡᠭᠦᠯᠵᠦ᠂ ᠴᠥᠯᠯᠡᠷᠬᠡᠭᠵᠢᠬᠦ ᠪᠠ | ᠡᠯᠡᠰᠦᠷᠬᠡᠭᠵᠢᠬᠦ ᠭᠠᠵᠠᠷ ᠰᠢᠷᠣᠶ ᠦᠷᠭᠦᠯᠵᠢᠯᠡᠨ ︽ᠬᠤᠣᠰ ᠬᠠᠰᠤᠭᠳᠠᠯ︾ ᠢ ᠪᠡᠶᠡᠯᠡᠭᠦᠯᠪᠡ᠃ ᠬᠠᠲᠤᠨ ᠭᠤᠤᠯ ᠤᠨ | ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠵᠠᠰᠠᠯᠲᠠ ᠢᠯᠡᠳᠲᠡ ᠰᠠᠶᠢᠵᠢᠷᠠᠵᠤ᠂ ᠬᠠᠲᠤᠨ ᠭᠤᠤᠯ ᠤᠨ | ᠤᠰᠤᠨ ᠤ ᠴᠢᠨᠠᠷ ᠤᠨ ᠰᠢᠯᠢᠳᠡᠭ ᠰᠠᠶᠢᠨ ᠣᠭᠲᠣᠯᠤᠭᠠᠰᠤ ᠶᠢᠨ ᠬᠠᠷᠢᠴᠠᠯ 81.3% ᠪᠠᠶᠢᠵᠤ᠂ ︽ᠬᠥᠯᠥᠨ ᠨᠠᠭᠤᠷ | ᠤᠯᠠᠭᠠᠨᠰᠤᠬᠠᠢ ᠳᠠᠭ᠎ᠠ ᠶᠢᠨ ᠨᠠᠭᠤᠷ︾ ᠵᠢᠴᠢ ᠴᠠᠭᠠᠨᠨᠠᠭᠤᠷ ᠢ ᠶᠡᠷᠦᠩᠬᠡᠶᠢᠯᠡᠨ ᠵᠠᠰᠠᠬᠤ ᠠᠵᠢᠯ ᠢ ᠨᠠᠩ | ᠭᠦᠨᠵᠡᠭᠡᠶᠢᠷᠡᠭᠦᠯᠪᠡ︔ ᠪᠥᠬᠦ ᠣᠷᠣᠨ ᠤ ᠬᠤᠲᠠ ᠶᠢᠨ ᠣᠷᠴᠢᠨ ᠲᠣᠭᠤᠷᠢᠨ ᠤ ᠠᠭᠠᠷ ᠤᠨ ᠴᠢᠨᠠᠷᠵᠢᠯ ᠤᠨ ᠰᠢᠯᠢᠳᠡᠭ | ᠰᠠᠶᠢᠨ ᠡᠳᠦᠷ ᠤᠨ ᠬᠠᠷᠢᠴᠠᠯ 87.2% ᠲᠤ ᠬᠥᠷᠪᠡ᠃ | ︵ᠬᠤᠶᠠᠷ︶ ᠤᠯᠤᠰ ᠤᠨ ᠴᠢᠬᠤᠯᠠ ᠡᠨᠧᠷᠭᠢ ᠶᠢᠨ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠤᠨ ᠪᠣᠬᠢᠷᠲᠤᠯ ᠦᠭᠡᠢ ᠡᠨᠧᠷᠭᠢ ᠨᠡᠩ ᠭᠦᠢᠴᠡᠳ ᠪᠣᠯᠪᠠ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠨᠢ ᠨᠡᠶᠢᠭᠡᠮ | ᠵᠢᠷᠤᠮᠲᠤ ᠰᠢᠨ᠎ᠡ ᠳᠤᠮᠳᠠᠳᠤ ᠤᠯᠤᠰ ᠤᠨ ᠠᠵᠤ ᠦᠢᠯᠡᠳᠪᠦᠷᠢᠵᠢᠯᠲᠡ᠂ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠪᠠᠨ ᠦᠵᠡᠭᠦᠯᠪᠡ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ | ᠨᠠᠭᠠᠰᠢ᠂ ᠮᠠᠨ ᠤ ᠣᠷᠣᠨ ᠤ ᠡᠨᠧᠷᠭᠢ ᠶᠢᠨ ᠠᠵᠤ ᠦᠢᠯᠡᠰ ᠲᠦᠷᠭᠡᠨ ᠳᠠᠪᠰᠢᠵᠤ᠂ ᠨᠡᠭᠦᠷᠡᠰᠦ᠂ ᠴᠠᠬᠢᠯᠭᠠᠨ | ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠡᠨᠧᠷᠭᠢ ᠶᠢᠨ ᠭᠠᠷᠤᠯᠲᠠ ᠶᠡᠭᠡ ᠬᠡᠮᠵᠢᠶ᠎ᠡ ᠪᠠᠷ ᠳᠡᠭᠡᠭᠰᠢᠯᠡᠵᠦ᠂ | ᠨᠡᠭᠦᠷᠡᠰᠦ ᠪᠠᠷ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠬᠡᠢ ᠪᠣᠯᠪᠠᠰᠤᠷᠠᠭᠤᠯᠬᠤ ᠶᠠᠪᠤᠳᠠᠯ ᠦᠭᠡᠶ | ᠪᠠᠶᠢᠭᠰᠠᠨ ᠠᠴᠠ ᠪᠠᠶᠢᠬᠤ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠲᠠᠬᠢ ᠡᠨᠧᠷᠭᠢ ᠶᠢᠨ ᠠᠵᠤ ᠦᠢᠯᠡᠳᠪᠦᠷᠢ ᠶᠢᠨ ᠡᠵᠡᠯᠡᠬᠦ ᠬᠤᠪᠢ ᠶᠢᠨ ᠵᠢᠩ ᠬᠠᠭᠠᠰ ᠠᠴᠠ ᠬᠡᠲᠦᠷᠡᠵᠦ᠂ | ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠳᠠᠬᠢ ᠲᠤᠯᠭᠠᠭᠤᠷᠢᠯᠠᠵᠤ ᠬᠥᠲᠥᠯᠥᠨ ᠳᠠᠭᠠᠭᠤᠯᠬᠤ ᠦᠢᠯᠡᠳᠦᠯ | ᠦᠷᠭᠦᠯᠵᠢᠯᠡᠨ ᠴᠢᠩᠭᠠᠷᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ | ᠪᠣᠬᠢᠷᠲᠤᠯ ᠦᠭᠡᠢ ᠪᠠᠶᠢᠬᠤ ᠶᠢ ᠬᠥᠭᠡᠭᠡᠴᠡᠯᠳᠦᠨ᠂ ᠰᠢᠨ᠎ᠡ ᠡᠨᠧᠷᠭᠢ ᠵᠦᠭ ᠤᠷᠤᠭᠰᠢᠯᠠᠵᠤ᠂ ᠰᠠᠯᠬᠢᠨ ᠴᠠᠬᠢᠯᠭᠠᠨ | ᠭᠠᠷᠭᠠᠬᠤ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠪᠡ᠃ 2023 ᠣᠨ ᠤ ᠡᠴᠦᠰ ᠲᠤ᠂ | ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 9000 ᠲᠦᠮᠡᠨ ᠺᠢᠯᠣᠸᠠᠲ ᠢ | ᠳᠠᠪᠠᠵᠤ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 43% ᠶᠢ ᠡᠵᠡᠯᠡᠪᠡ︔ | ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1495 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 2 ᠬᠤᠪᠢ ᠶᠢ ᠳᠠᠪᠠᠪᠠ᠃ | ᠵᠢᠷᠭᠤᠭ᠎ᠠ᠂ ᠨᠡᠭᠡᠭᠡᠯᠲᠡᠲᠦ ᠬᠥᠭᠵᠢᠯᠲᠡ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠣᠯᠵᠤ᠂ | ᠠᠷᠠᠯᠵᠢᠶᠠᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠥᠷᠭᠡᠳᠪᠡ | ︵ᠨᠢᠭᠡ︶ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠤ ᠠᠮᠢᠳᠤᠷᠠᠯ ᠤᠨ ᠬᠡᠷᠡᠭᠰᠡᠯ | ᠨᠡᠯᠢᠶᠡᠳ ᠳᠤᠲᠠᠭᠳᠠᠵᠤ᠂ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠨᠢᠭᠡᠳᠦᠯᠲᠡᠶ ᠬᠤᠳᠠᠯᠳᠤᠨ ᠠᠪᠴᠤ | ᠨᠢᠭᠡᠳᠦᠯᠲᠡᠶ ᠪᠤᠷᠤᠯᠠᠭᠤᠯᠬᠤ ᠪᠠᠷ ᠭᠤᠤᠯ ᠪᠣᠯᠭᠠᠵᠤ ᠬᠡᠷᠡᠭᠯᠡᠭᠡ ᠶᠢᠨ ᠵᠦᠢᠯ ᠢ ᠲᠤᠬᠢᠷᠠᠭᠤᠯᠤᠨ ᠬᠤᠪᠢᠶᠠᠷᠢᠯᠠᠵᠤ᠂ | ᠣᠯᠠᠩᠬᠢ ᠶᠢ ᠨᠢ ᠪᠠᠷᠢᠮᠲᠠ ᠪᠠᠷ ᠬᠡᠮᠵᠢᠶ᠎ᠡ ᠲᠠᠢ ᠬᠠᠩᠭᠠᠵᠤ ᠪᠠᠶᠢᠪᠠ᠃ 1952 ᠣᠨ ᠳᠤ ᠪᠦᠬᠦ ᠣᠷᠣᠨ ᠤ | ᠨᠡᠶᠢᠭᠡᠮ ᠤᠨ ᠬᠡᠷᠡᠭᠯᠡᠭᠡ ᠶᠢᠨ ᠵᠦᠢᠯ ᠢ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠵᠥᠪᠬᠡᠨ 3.4 ᠳ᠋ᠦᠩᠰᠢᠭᠤᠷ | ᠲᠥᠭᠦᠷᠢᠭ ᠪᠠᠶᠢᠵᠤ᠂ 1978 ᠣᠨ ᠪᠣᠯᠬᠤ ᠳᠤ 36.8 ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠵᠡᠢ᠃ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠳᠠᠭᠠᠯᠳᠤᠨ᠂ ᠮᠠᠨ ᠤ ᠣᠷᠣᠨ ᠤ | ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠪᠴᠢᠶ᠎ᠡ ᠦᠳᠲᠡᠷ ᠬᠥᠭᠵᠢᠵᠦ᠂ 1987 ᠣᠨ ᠳᠤ ᠨᠡᠶᠢᠭᠡᠮ ᠤᠨ | ᠬᠡᠷᠡᠭᠯᠡᠭᠡ ᠶᠢᠨ ᠵᠦᠢᠯ ᠢ ᠰᠤᠯᠠ ᠪᠠᠷ ᠬᠤᠳᠠᠯᠳᠤᠭᠰᠠᠨ ᠶᠡᠷᠦᠩᠬᠡᠶ ᠲᠤᠭ᠎ᠠ ᠵᠠᠭᠤᠨ ᠳ᠋ᠦᠩᠰᠢᠭᠤᠷ ᠲᠥᠭᠦᠷᠢᠭ ᠢ | ᠳᠠᠪᠠᠵᠤ᠂ 2005 ᠣᠨ ᠳᠤ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ 2012 ᠣᠨ ᠪᠣᠯᠬᠤ ᠳᠤ 3239. | 2 ᠳ᠋ᠦᠩᠰᠢᠭᠤᠷ ᠲᠥᠭᠦᠷᠢᠭ ᠲᠤ ᠬᠦᠷᠴᠦ᠂ 1978 ᠣᠨ ᠤ ᠬᠢ ᠠᠴᠠ 87.9 ᠳᠠᠬᠢᠨ ᠪᠣᠯᠪᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠠᠵᠤ ᠠᠬᠤᠶ ᠪᠥᠬᠦ ᠤᠯᠤᠰ ᠲᠠᠢ | ᠬᠠᠮᠲᠤ ᠪᠠᠷ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠵᠤ᠂ ᠰᠠᠭᠤᠭᠠᠯᠢ ᠠᠷᠠᠳ ᠤᠨ ᠣᠷᠣᠯᠭ᠎ᠠ ᠶᠢᠨ | ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠬᠡᠷᠡᠭᠴᠡᠭᠡ ᠪᠦᠲᠦᠮᠵᠢᠲᠡᠶ | ᠰᠢᠢᠳᠪᠦᠷᠢᠯᠡᠭᠳᠡᠵᠦ᠂ 2023 ᠣᠨ ᠪᠣᠯᠬᠤ ᠳᠤ ᠨᠡᠶᠢᠭᠡᠮ ᠤᠨ ᠬᠡᠷᠡᠭᠯᠡᠭᠡ ᠶᠢᠨ ᠵᠦᠢᠯ ᠢ ᠰᠤᠯᠠ ᠪᠠᠷ | ᠬᠤᠳᠠᠯᠳᠤᠭᠰᠠᠨ ᠶᠡᠷᠦᠩᠬᠡᠢ ᠲᠤᠭ᠎ᠠ 5374 ᠳ᠋ᠦᠩᠰᠢᠭᠤᠷ ᠲᠥᠭᠦᠷᠢᠭ ᠲᠤ ᠬᠦᠷᠴᠦ᠂ 2012 ᠣᠨ ᠤ ᠬᠢ ᠠᠴᠠ | 1.7 ᠳᠠᠬᠢᠨ ᠪᠣᠯᠪᠠ᠃ | ︵ᠬᠤᠶᠠᠷ︶ ᠭᠠᠳᠠᠭᠠᠳᠤ ᠨᠡᠭᠡᠭᠡᠯᠲᠡ ᠶᠢᠨ ᠠᠵᠤ ᠠᠬᠤᠶ ᠮᠡᠳᠡᠭᠳᠡᠮ᠎ᠡ ᠠᠮᠵᠢᠯᠲᠠ ᠣᠯᠪᠠ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠤ ᠪᠠᠷᠠᠭᠠᠨ ᠤ ᠠᠷᠠᠯᠵᠢᠶ᠎ᠠ ᠭᠤᠣᠯᠳᠠᠭᠤ | ᠤᠯᠤᠰ ᠤᠨ ᠲᠥᠪᠯᠡᠷᠡᠩᠭᠦᠢ ᠲᠣᠬᠢᠷᠠᠭᠤᠯᠤᠯᠲᠠ ᠳᠣᠣᠷ᠎ᠠ ᠲᠥᠯᠥᠪᠯᠡᠭᠡ ᠶᠢᠨ ᠱᠠᠭᠠᠷᠳᠠᠯᠭ᠎ᠠ ᠶᠢ ᠦᠨᠳᠦᠰᠦᠯᠡᠨ | ᠶᠠᠪᠤᠭᠳᠠᠵᠤ ᠪᠠᠶᠢᠵᠠᠢ᠃ 1978 ᠣᠨ ᠳᠤ᠂ ᠮᠠᠨ ᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠠᠷᠠᠯᠵᠢᠶᠠᠨ ᠤ ᠶᠡᠷᠦᠩᠬᠡᠢ ᠬᠡᠮᠵᠢᠶ᠎ᠡ ᠵᠥᠪᠬᠡᠨ 2674 ᠲᠦᠮᠡᠨ ᠲᠥᠭᠦᠷᠢᠭ ᠪᠠᠶᠢᠪᠠ᠃ | ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠭᠠᠳᠠᠭᠠᠳᠤ ᠠᠷᠠᠯᠵᠢᠶ᠎ᠠ᠂ ᠭᠠᠳᠠᠭᠠᠳᠤ | ᠪᠡᠯᠡ ᠶᠢ ᠠᠰᠢᠭᠯᠠᠬᠤ ᠪᠠ ᠠᠵᠤ ᠠᠬᠤᠶ ᠮᠡᠷᠭᠡᠵᠢᠯ ᠤᠨ ᠬᠠᠮᠲᠤᠷᠠᠯᠴᠠᠭᠠᠨ ᠤ ᠬᠦᠷᠢᠶ᠎ᠡ ᠶᠢ ᠢᠳᠡᠪᠬᠢᠲᠡᠶ ᠪᠠᠷ | ᠥᠷᠭᠡᠳᠬᠡᠵᠦ᠂ ᠭᠠᠳᠠᠭᠠᠳᠤ ᠨᠡᠭᠡᠭᠡᠯᠲᠡ ᠢᠯᠡᠳᠲᠡ ᠦᠷ᠎ᠡ ᠪᠦᠲᠦᠮᠵᠢ ᠣᠯᠪᠠ᠃ 2000 ᠣᠨ ᠳᠤ᠂ ᠪᠦᠬᠦ | ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠶᠡᠷᠦᠩᠬᠡᠶ ᠲᠤᠭ᠎ᠠ 169 | ᠳ᠋ᠦᠩᠰᠢᠭᠤᠷ ᠲᠥᠭᠦᠷᠢᠭ ᠲᠤ ᠬᠦᠷᠴᠦ᠂ 1978 ᠣᠨ ᠤ ᠬᠢ ᠠᠴᠠ 630.2 ᠳᠠᠬᠢᠨ ᠢᠶᠠᠷ ᠨᠡᠮᠡᠭᠳᠡᠵᠦ᠂ ᠵᠢᠯ | ᠪᠦᠷᠢ ᠳᠤᠮᠳᠠᠴᠢ ᠪᠠᠷ 34.1% ᠪᠠᠷ ᠨᠡᠮᠡᠭᠳᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠮᠠᠨ ᠤ ᠣᠷᠣᠨ ᠭᠠᠳᠠᠭᠠᠳᠤ ᠠᠷᠠᠯᠵᠢᠶᠠᠨ ᠳᠠᠬᠢ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠦᠷᠭᠡᠳᠬᠡᠨ | ᠪᠤᠶᠢᠵᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ | ᠢᠳᠡᠪᠬᠢᠲᠡᠶ ᠣᠷᠣᠯᠴᠠᠵᠤ᠂ ᠪᠥᠬᠦ ᠣᠷᠣᠨ ᠤ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠬᠥᠭᠵᠢᠯᠲᠡ ᠳᠤ | ᠤᠷᠢᠳ ᠡᠮᠦᠨ᠎ᠡ ᠪᠠᠶᠢᠭ᠎ᠠ ᠥᠬᠡᠶ ᠰᠢᠨ᠎ᠡ ᠬᠤᠪᠢᠷᠠᠯᠲᠠ ᠭᠠᠷᠪᠠ᠃ 2023 ᠣᠨ ᠳᠤ᠂ ᠪᠥᠬᠦ ᠣᠷᠣᠨ ᠤ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ | 1960 ᠳ᠋ᠦᠩᠰᠢᠭᠤᠷ ᠲᠥᠭᠦᠷᠢᠭ ᠲᠤ ᠬᠦᠷᠴᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠤᠭᠰᠠᠨ ᠤᠯᠤᠰ ᠲᠠᠬᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 1517.7 | ᠳ᠋ᠦᠩᠰᠢᠭᠤᠷ ᠲᠥᠭᠦᠷᠢᠭ ᠲᠤ ᠬᠦᠷᠴᠦ᠂ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1 | ᠳ᠋ᠦᠩᠰᠢᠭᠤᠷ ᠲᠣᠨ ᠢ ᠳᠠᠪᠠᠵᠤ᠂ ᠪᠥᠬᠦ ᠤᠯᠤᠰ ᠤᠨ ᠬᠢᠯᠢ ᠶᠢᠨ ᠪᠣᠭᠤᠮᠲᠠ ᠪᠠᠷ ᠬᠠᠮᠤᠭ ᠤᠨ ᠣᠯᠠᠨ᠂ ᠬᠢᠯᠢ ᠶᠢᠨ | ᠬᠠᠭᠤᠷᠠᠶ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠪᠠᠷ ᠢᠶᠠᠨ ᠨᠢᠭᠡᠳᠦᠭᠡᠷ ᠮᠤᠵᠢ | ᠣᠷᠣᠨ ᠪᠣᠯᠪᠠ᠃ | ᠲᠤᠯᠤᠭ᠎ᠠ᠂ ᠬᠠᠮᠲᠤ ᠳᠤ ᠪᠠᠨ ᠬᠦᠷᠲᠡᠭᠰᠡᠨ ᠬᠥᠭᠵᠢᠯᠲᠡ ᠶᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ ᠪᠣᠢ | ︵ᠨᠢᠭᠡ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ | ᠲᠡᠮᠡᠴᠡᠨ ᠣᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ 8 ᠵᠢᠯ ᠤᠨ ᠲᠤᠷᠰᠢ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ᠂ 5 ᠵᠢᠯ ᠤᠨ ᠲᠤᠷᠰᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠢᠶᠠᠷ ᠲᠠᠮᠵᠢᠭᠤᠯᠤᠨ᠂ ᠮᠠᠨ ᠤ ᠣᠷᠣᠨ ᠤ ᠶᠠᠳᠠᠭᠤ ᠬᠦᠴᠢᠷᠳᠡᠯᠲᠡᠶ 57 ᠬᠤᠰᠢᠭᠤ ᠰᠢᠶᠠᠨ ᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ 3681 ᠭᠠᠴᠠᠭ᠎ᠠ ᠲᠣᠰᠬᠤᠨ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ 157 ᠲᠦᠮᠡᠨ ᠬᠥᠮᠦᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠬᠠᠷᠢᠴᠠᠯᠠᠰᠢᠭᠦᠢ ᠶᠠᠳᠠᠭᠤ ᠬᠦᠴᠢᠷᠳᠡᠯ ᠲᠠᠢ ᠪᠠᠶᠢᠬᠤ ᠠᠰᠠᠭᠤᠳᠠᠯ ᠢ ᠲᠡᠦᠬᠡᠲᠦ | ᠴᠢᠨᠠᠷᠲᠠᠶ ᠪᠠᠷ ᠰᠢᠢᠳᠪᠦᠷᠢᠯᠡᠪᠡ᠃ | ︵ᠬᠤᠶᠠᠷ︶ ᠠᠷᠠᠳ ᠤᠨ ᠠᠮᠢᠳᠤᠷᠠᠯ ᠤᠨ ᠲᠥᠪᠰᠢᠨ ᠮᠡᠳᠡᠭᠳᠡᠮ᠎ᠡ ᠳᠡᠭᠡᠭᠰᠢᠯᠡᠪᠡ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠬᠢᠷᠢ | ᠲᠦᠪᠰᠢᠨ ᠬᠠᠷᠢᠴᠠᠩᠭᠤᠢ ᠳᠣᠤᠷ᠎ᠠ ᠪᠠᠶᠢᠵᠤ᠂ ᠢᠳᠡᠵᠦ ᠡᠮᠦᠰᠬᠦ ᠳᠤ ᠪᠠᠨ ᠵᠥᠪ ᠪᠣᠯᠬᠤ ᠵᠡᠷᠭᠡ ᠦᠨᠳᠦᠰᠦᠨ | ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠵᠠᠯᠭᠠᠭ᠎ᠠ ᠪᠠᠷ ᠬᠡᠳᠦᠨ ᠳᠡᠭᠲᠡᠷ ᠢ | ᠳᠠᠪᠠᠵᠤ᠂ ᠶᠠᠳᠠᠭᠤ ᠬᠦᠴᠢᠷᠳᠡᠯ ᠢ ᠦᠨᠳᠦᠰᠦᠨ ᠳᠤ ᠪᠠᠨ ᠠᠷᠢᠯᠭᠠᠬᠤ ᠠᠴᠠ ᠠᠪᠤᠭᠠᠳ ᠢᠳᠡᠵᠦ ᠡᠮᠦᠰᠬᠦ ᠳᠤ ᠪᠠᠨ | ᠵᠥᠪ ᠪᠣᠯᠬᠤ ᠶᠢ ᠰᠢᠢᠳᠪᠦᠷᠢᠯᠡᠬᠦ ᠬᠦᠷᠲᠡᠯ᠎ᠡ᠂ ᠳᠠᠬᠢᠭᠠᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠬᠦᠷᠲᠡᠯ᠎ᠡ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠣᠳᠠᠰ ᠤᠨ ᠪᠠ ᠰᠣᠶᠣᠯ ᠤᠨ ᠠᠮᠢᠳᠤᠷᠠᠯ ᠳᠤ ᠲᠩᠷᠢ | ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠪᠠ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠬᠦ᠋ᠢᠴᠡ ᠣᠷᠣᠯᠭ᠎ᠠ 1978 ᠣᠨ ᠳᠤ 301 ᠲᠥᠭᠦᠷᠢᠭ | ᠪᠠᠶᠢᠭᠰᠠᠨ ᠠᠴᠠ ᠪᠠᠨ 2023 ᠣᠨ ᠳᠤ 48676 ᠲᠥᠭᠦᠷᠢᠭ ᠪᠣᠯᠤᠨ ᠨᠡᠮᠡᠭᠳᠡᠵᠦ᠂ ᠮᠠᠯᠵᠢᠬᠤ ᠲᠠᠷᠢᠶᠠᠯᠠᠬᠤ | ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠬᠦ᠋ᠢᠴᠡ ᠣᠷᠣᠯᠭ᠎ᠠ | 1978 ᠣᠨ ᠳᠤ 100 ᠲᠥᠭᠦᠷᠢᠭ ᠪᠠᠶᠢᠭᠰᠠᠨ ᠠᠴᠠ ᠪᠠᠨ 2023 ᠣᠨ ᠳᠤ 21221 ᠲᠥᠭᠦᠷᠢᠭ ᠪᠣᠯᠲᠠᠯ᠎ᠠ | ᠨᠡᠮᠡᠭᠳᠡᠵᠦ᠂ 1978 ᠣᠨ ᠤ ᠬᠢ ᠠᠴᠠ ᠲᠣᠰ ᠲᠣᠰ 160.7 ᠳᠠᠬᠢᠨ ᠪᠠ 211.2 ᠳᠠᠬᠢᠨ ᠢᠶᠠᠷ ᠨᠡᠮᠡᠭᠳᠡᠪᠡ᠃ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠬᠦ ᠶᠢ ᠳᠠᠭᠠᠯᠳᠤᠨ᠂ ᠠᠷᠠᠳ ᠤᠨ ᠠᠮᠢᠳᠤᠷᠠᠯ ᠤᠨ ᠶᠠᠰᠤ ᠴᠢᠨᠠᠷ | ᠮᠡᠳᠡᠭᠳᠡᠮ᠎ᠡ ᠳᠡᠭᠡᠭᠰᠢᠯᠡᠪᠡ᠃ 2023 ᠣᠨ ᠳᠤ᠂ ᠪᠥᠬᠦ ᠣᠷᠣᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠦᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠶ ᠶᠢ 36.22 ᠲᠡᠭᠰᠢ ᠳᠥᠷᠪᠡᠯᠵᠢᠨ ᠮᠧᠲᠷ ᠲᠤ | ᠬᠦᠷᠦᠭᠦᠯᠵᠦ᠂ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠶ ᠶᠢ 32. | 75 ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠠᠮᠢᠳᠤᠷᠠᠯ ᠤᠨ ᠭᠤᠣᠯ ᠪᠣᠯᠬᠤ ᠭᠡᠷ ᠤᠨ ᠴᠠᠬᠢᠯᠭᠠᠨ | ᠬᠡᠷᠡᠭᠰᠡᠯ ᠤᠨ ᠲᠤᠭ᠎ᠠ ᠶᠢ ᠡᠷᠦᠬᠡ ᠪᠦᠷᠢ ᠳᠤ ᠳᠤᠮᠳᠠᠴᠢ ᠪᠠᠷ 1 ᠪᠠᠶᠢᠯᠭᠠᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ | ᠵᠠᠭᠤᠨ ᠡᠷᠦᠬᠡ ᠪᠦᠷᠢ ᠳᠠᠬᠢ ᠬᠤᠲᠠ ᠶᠢᠨ ᠪᠠ ᠬᠥᠳᠡᠭᠡ ᠶᠢᠨ ᠭᠡᠷ ᠪᠦᠯᠢ ᠳᠤ ᠮᠠᠰᠢᠨ ᠲᠡᠷᠭᠡ ᠪᠠᠶᠢᠬᠤ ᠬᠡᠮᠵᠢᠶ᠎ᠡ ᠶᠢ | ᠲᠤᠰ ᠲᠤᠰ 66 ᠪᠠ 52 ᠰᠠᠤᠷᠢ ᠳᠤ ᠬᠦᠷᠦᠭᠦᠯᠵᠦ᠂ ᠭᠡᠷ ᠤᠨ ᠮᠠᠰᠢᠨ ᠲᠡᠷᠭᠡ ᠶᠢ ᠡᠭᠡᠯ ᠠᠷᠠᠳ ᠤᠨ ᠬᠡᠷ ᠲᠤ | ᠲᠦᠷᠭᠡᠨ ᠣᠷᠣᠭᠤᠯᠪᠠ᠃ | ︵ᠭᠤᠷᠪᠠ︶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠵᠦ | ᠪᠣᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠮᠠᠨ ᠤ ᠣᠷᠣᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠲᠦᠢᠯ ᠤᠨ ᠬᠤᠴᠣᠷᠤᠩᠭᠤᠢ ᠪᠠᠶᠢᠪᠠ᠃ ᠥᠭᠡᠷᠡᠴᠢᠯᠡᠯᠲᠡ ᠨᠡᠭᠡᠭᠡᠯᠲᠡ | ᠡᠬᠢᠯᠡᠭᠰᠡᠨ ᠠᠴᠠ ᠨᠠᠭᠠᠰᠢ᠂ ᠠᠵᠤ ᠠᠬᠤᠶ ᠨᠡᠶᠢᠭᠡᠮ ᠲᠦᠷᠭᠡᠨ ᠬᠥᠭᠵᠢᠬᠦ ᠶᠢ ᠳᠠᠭᠠᠯᠳᠤᠨ᠂ ᠮᠠᠨ ᠤ ᠣᠷᠣᠨ ᠡᠨᠧᠷᠭᠢ᠂ | ᠤᠰᠤᠨ ᠠᠰᠢᠭᠯᠠᠯᠲᠠ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠣᠷᠣᠭᠤᠯᠤᠯᠲᠠ ᠪᠠᠨ ᠲᠠᠰᠤᠷᠠᠯᠲᠠ ᠤᠢᠭᠡᠢ | ᠨᠡᠮᠡᠭᠳᠡᠭᠦᠯᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠢᠯᠡᠷᠬᠡᠶ ᠲᠦᠷᠭᠡᠳᠴᠦ᠂ ᠠᠷᠠᠳ ᠤᠨ | ᠠᠮᠢᠳᠤᠷᠠᠯ ᠤᠨ ᠣᠷᠴᠢᠨ ᠨᠥᠭᠦᠴᠡᠯ ᠢᠯᠡᠷᠬᠡᠶ ᠰᠠᠶᠢᠵᠢᠷᠠᠪᠠ᠃ ᠪᠦᠬᠦ ᠣᠷᠣᠨ ᠤ ᠲᠡᠮᠦᠷ ᠵᠠᠮ ᠤᠨ ᠡᠵᠡᠩᠨᠡᠯᠲᠡ ᠶᠢᠨ | ᠪᠥᠬᠦ ᠤᠷᠲᠤ 1949 ᠣᠨ ᠳᠤ 1557 ᠺᠢᠯᠤᠮᠧᠲᠷ ᠪᠠᠶᠢᠭᠰᠠᠨ ᠠᠴᠠ 2023 ᠣᠨ ᠳᠤ 1.4 ᠲᠦᠮᠡᠨ | ᠺᠢᠯᠤᠮᠧᠲᠷ ᠪᠣᠯᠲᠠᠯ᠎ᠠ ᠨᠡᠮᠡᠭᠳᠡᠵᠦ᠂ ᠵᠠᠰᠠᠮᠠᠯ ᠵᠠᠮ ᠤᠨ ᠡᠵᠡᠩᠨᠡᠯᠲᠡ ᠶᠢᠨ ᠪᠥᠬᠦ ᠤᠷᠲᠤ 1949 ᠣᠨ ᠳᠤ 1974 | ᠺᠢᠯᠤᠮᠧᠲᠷ ᠪᠠᠶᠢᠭᠰᠠᠨ ᠠᠴᠠ 2023 ᠣᠨ ᠳᠤ 21.9 ᠲᠦᠮᠡᠨ ᠺᠢᠯᠤᠮᠧᠲᠷ ᠪᠣᠯᠲᠠᠯ᠎ᠠ ᠨᠡᠮᠡᠭᠳᠡᠪᠡ᠃ 75 ᠵᠢᠯ ᠤᠨ | ᠬᠤᠭᠤᠷᠣᠨᠳᠣ᠂ ᠲᠡᠮᠦᠷ ᠵᠠᠮ᠂ ᠵᠠᠰᠠᠮᠠᠯ ᠵᠠᠮ ᠤᠨ ᠤᠷᠳᠦ ᠠᠷᠪᠠᠨ ᠲᠠᠬᠢᠨ᠂ ᠵᠠᠭᠤᠨ ᠲᠠᠬᠢᠨ ᠢᠶᠠᠷ ᠨᠡᠮᠡᠭᠳᠡᠬᠦ ᠶᠢ | ᠪᠡᠶᠡᠯᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠳᠤ ᠨᠡᠪᠲᠡᠷᠡᠭᠰᠡᠨ᠂ ᠬᠢᠵᠠᠭᠠᠷ ᠨᠤᠲᠤᠭ ᠳᠠᠯᠠᠢ ᠲᠠᠩᠬᠢᠰ ᠢ | ᠬᠤᠯᠪᠣᠭᠰᠠᠨ ᠲᠡᠮᠦᠷ ᠵᠠᠮ ᠵᠠᠰᠠᠮᠠᠯ ᠵᠠᠮ ᠤᠨ ᠲᠡᠭᠡᠭᠡᠪᠦᠷᠢ ᠶᠢᠨ ᠲᠣᠣᠷ ᠠᠩᠬ᠎ᠠ ᠠᠯᠬᠤᠮ ᠪᠣᠢ ᠪᠣᠯᠪᠠ᠃ | ᠣᠨᠴᠠᠭᠠᠶᠢᠯᠠᠨ 2016 ᠣᠨ ᠳᠤ 12 ᠠᠶᠢᠮᠠᠭ ᠬᠤᠲᠠ ᠳᠤ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ | ᠨᠢᠰᠬᠡᠯ ᠤᠨ ᠪᠠᠭᠤᠳᠠᠯ ᠢ ᠪᠥᠬᠦᠨ ᠢ ᠪᠦᠷᠬᠦᠭᠦᠯᠵᠦ᠂ 2019 ᠣᠨ ᠳᠤ ᠳᠡᠭᠡᠳᠦ ᠬᠤᠷᠳᠤᠴᠠᠲᠤ ᠲᠡᠮᠦᠷ ᠵᠠᠮ | ᠨᠡᠪᠲᠡᠷᠡᠵᠦ ᠲᠡᠷᠭᠡ ᠶᠠᠪᠤᠭᠤᠯᠬᠤ ᠶᠢ ᠪᠡᠶᠡᠯᠡᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠪᠠ | ᠤᠯᠠᠭᠠᠨᠬᠠᠳᠠ᠂ ᠲᠦᠩᠯᠢᠶᠣᠤ ᠵᠡᠷᠭᠡ ᠭᠠᠵᠠᠷ ᠤᠳ ᠤᠨ ᠨᠡᠶᠢᠰᠯᠡᠯ ᠳᠤ ᠬᠦᠷᠬᠦ 2.5 ᠴᠠᠭ ᠤᠨ ᠳᠣᠲᠣᠷᠠᠬᠢ ︽ | ᠠᠵᠢᠯ ᠤᠨ ᠡᠭᠡᠯᠵᠢ ᠶᠢᠨ ᠴᠠᠭᠠᠷᠢᠭ︾ ᠲᠤ ᠠᠭᠤᠰᠤᠯᠴᠠᠭᠤᠯᠪᠠ᠃ ᠣᠷᠣᠰᠢᠨ ᠰᠠᠭᠤᠷᠢᠰᠢᠬᠤ ᠣᠷᠴᠢᠨ ᠨᠥᠭᠦᠴᠡᠯ | ᠶᠡᠭᠡ ᠪᠠᠷ ᠰᠠᠶᠢᠵᠢᠷᠠᠪᠠ᠃ 2023 ᠣᠨ ᠳᠤ᠂ ᠮᠠᠨ ᠤ ᠣᠷᠣᠨ ᠤ ᠬᠤᠲᠠ ᠶᠢᠨ ᠬᠥᠮᠦᠨ ᠪᠦᠷᠢ ᠶᠢᠨ ᠳᠤᠮᠳᠠᠴᠢ | ᠴᠡᠴᠡᠷᠯᠢᠭ ᠤᠨ ᠨᠣᠭᠤᠭᠠᠨ ᠭᠠᠵᠠᠷ ᠤᠨ ᠲᠠᠯᠠᠪᠠᠶ 20.6 ᠲᠡᠭᠰᠢ ᠳᠥᠷᠪᠡᠯᠵᠢᠨ ᠮᠧᠲᠷ ᠲᠤ ᠬᠦᠷᠴᠦ᠂ ᠤᠰᠤ | ᠬᠠᠩᠭᠠᠬᠤ ᠶᠢ ᠲᠦᠭᠡᠮᠡᠯᠵᠢᠭᠦᠯᠦᠭᠰᠡᠨ ᠨᠣᠷᠮ᠎ᠠ 98.9% ᠳᠤ ᠬᠦᠷᠴᠦ᠂ ᠪᠣᠬᠢᠷ ᠤᠰᠤ ᠶᠢ ᠰᠢᠢᠳᠪᠦᠷᠢᠯᠡᠭᠰᠡᠨ | ᠨᠣᠷᠮ᠎ᠠ 99.3% ᠳᠤ ᠬᠦᠷᠴᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ ᠨᠣᠷᠮ᠎ᠠ 99.9% ᠳᠤ | ᠬᠦᠷᠴᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠲᠠᠰᠤᠷᠠᠯᠲᠠ ᠥᠬᠡᠶ ᠳᠡᠭᠡᠭᠰᠢᠯᠡᠪᠡ᠃ | ︵ᠲᠦᠷᠪᠡ︶ ᠨᠡᠶᠢᠭᠡᠮ ᠤᠨ ᠪᠠᠲᠤᠯᠠᠭ᠎ᠠ ᠶᠢᠨ ᠪᠦᠷᠬᠦᠴᠡ ᠦᠷᠭᠦᠯᠵᠢᠯᠡᠨ ᠥᠷᠭᠡᠵᠢᠵᠦ ᠪᠣᠢ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ | ᠬᠠᠷᠠᠬᠠᠨ ᠬᠤᠭᠤᠰᠣᠨ ᠪᠠᠶᠢᠪᠠ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠤ | ᠨᠡᠶᠢᠭᠡᠮ ᠤᠨ ᠪᠠᠲᠤᠯᠠᠭ᠎ᠠ ᠶᠢᠨ ᠳᠦᠷᠢᠮ ᠠᠯᠬᠤᠮ ᠠᠯᠬᠤᠮ ᠢᠶᠠᠷ ᠪᠠᠶᠢᠭᠤᠯᠤᠭᠳᠠᠪᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠤᠯᠠᠨ ᠲᠡᠰ ᠳᠠᠪᠬᠤᠷᠭ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ | ᠲᠦᠷᠭᠡᠳᠭᠡᠨ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ 2023 | ᠣᠨ ᠤ ᠡᠴᠦᠰ ᠲᠤ᠂ ᠪᠥᠬᠦ ᠣᠷᠣᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 932.2 ᠲᠦᠮᠡ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 815.5 ᠲᠦᠮᠡ ᠳᠤ | ᠬᠦᠷᠴᠦ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 2158.7 ᠲᠦᠮᠡ | ᠪᠣᠯᠪᠠ᠃ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ | ᠥᠪᠡᠷᠲᠡᠭᠡᠨ ᠵᠠᠰᠠᠬᠤ ᠣᠷᠣᠨ ᠤ ᠱᠠᠲᠤᠨ ᠳᠠᠬᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠴᠠᠭᠤᠯᠬᠤ ᠶᠢ | ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ | ᠪᠦᠬᠦ ᠤᠯᠤᠰ ᠲᠤ ᠡᠩ ᠲᠡᠷᠢᠭᠦᠨ ᠳᠤ ᠠᠶᠢᠮᠠᠭ ᠬᠤᠲᠠ ᠶᠢᠨ ᠱᠠᠲᠤᠨ ᠠᠴᠠ ᠬᠠᠮᠢᠶᠠᠷᠬᠤ ᠶᠢ ᠪᠡᠶᠡᠯᠡᠭᠦᠯᠵᠦ᠂ 50.3 | ᠲᠦᠮᠡᠨ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠨᠢ ᠣᠷᠣᠯᠠᠨ ᠲᠤᠰᠢᠶᠠᠵᠤ᠂ ᠬᠥᠭᠵᠢᠯᠲᠡ ᠶᠢᠨ ᠦᠷ᠎ᠡ ᠪᠦᠲᠦᠭᠡᠯ ᠢ | ᠬᠥᠮᠦᠨ ᠪᠦᠬᠦᠨ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠪᠡ᠃ | ︵ᠲᠠᠪᠤ︶ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠦᠢᠯᠡᠰ ᠥᠷᠨᠢᠨ ᠬᠥᠭᠵᠢᠵᠦ ᠪᠣᠢ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠳᠤ᠂ ᠮᠠᠨ ᠤ ᠤᠷᠤᠨ ᠤ ᠰᠣᠶᠣᠯ ᠤᠨ ᠪᠠᠯᠠᠢ᠂ ᠰᠣᠶᠣᠯ ᠤᠨ | ᠬᠠᠭᠠᠰ ᠪᠠᠯᠠᠢ ᠶᠢᠨ ᠨᠤᠷᠮ᠎ᠠ 90% ᠠᠴᠠ ᠳᠡᠭᠡᠭᠰᠢ ᠳᠤ ᠬᠦᠷᠴᠤ᠂ ᠰᠤᠷᠬᠤ ᠨᠠᠰᠤᠨ ᠤ ᠬᠡᠦᠬᠡᠳ ᠰᠤᠷᠭᠠᠭᠤᠯᠢ ᠳᠤ | ᠣᠷᠣᠭᠰᠠᠨ ᠨᠤᠷᠮ᠎ᠠ 20% ᠳᠤ ᠬᠦᠷᠬᠦ ᠦᠭᠡᠢ ᠪᠠᠶᠢᠪᠠ᠃ ᠪᠦᠬᠦ ᠣᠷᠣᠨ ᠳᠤ ᠶᠡᠭᠡ ᠰᠤᠷᠭᠠᠭᠤᠯᠢ ᠭᠡᠵᠦ ᠨᠢᠭᠡ ᠴᠤ | ᠪᠠᠶᠢᠬᠤ ᠦᠭᠡᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠥᠪᠬᠡᠨ 6 ᠪᠠᠶᠢᠵᠤ᠂ ᠳᠤᠮᠳᠠᠳᠤ | ᠰᠤᠷᠭᠠᠭᠤᠯᠢ ᠵᠥᠪᠬᠡᠨ 16 ᠪᠠᠶᠢᠵᠤ᠂ ᠡᠯ᠎ᠡ ᠲᠥᠷᠥᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠶᠡᠷᠦᠩᠬᠡᠶ | ᠲᠤᠭ᠎ᠠ ᠨᠢ ᠶᠡᠷᠦᠩᠬᠡᠶ ᠬᠥᠮᠦᠨ ᠠᠮᠠ ᠳᠠᠬᠢ ᠡᠵᠡᠯᠡᠬᠦ ᠬᠤᠪᠢ ᠶᠢᠨ ᠵᠢᠩ 3% ᠳᠤ ᠬᠦᠷᠬᠦ ᠦᠭᠡᠶ ᠪᠠᠶᠢᠪᠠ᠃ | 1952 ᠤᠨ ᠳᠤ᠂ ᠨᠠᠮ ᠪᠠ ᠤᠯᠤᠰ ᠤᠨ ᠳᠡᠮᠵᠢᠯᠭᠡ ᠪᠠᠷ ᠶᠡᠭᠡ ᠳᠡᠭᠡᠳᠦ ᠰᠤᠷᠭᠠᠭᠤᠯᠢ ᠶᠢ 3 ᠪᠠᠶᠢᠭᠤᠯᠵᠦ᠂ | ᠦᠪᠦᠷ ᠮᠤᠩᠭᠤᠯ ᠤᠨ ᠶᠡᠭᠡ ᠰᠤᠷᠭᠠᠭᠤᠯᠢ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭᠠᠬᠢ ᠴᠦᠬᠡᠨ | ᠳᠤᠭᠠᠳᠤ ᠦᠨᠳᠦᠰᠦᠳᠡᠨ ᠤ ᠭᠠᠵᠠᠷ ᠤᠷᠤᠨ ᠳᠠᠬᠢ ᠬᠠᠮᠤᠭ ᠤᠨ ᠡᠷᠳᠡ ᠪᠠᠶᠢᠭᠤᠯᠤᠭᠳᠠᠭᠰᠠᠨ ᠶᠡᠷᠦᠩᠬᠡᠶᠢᠯᠡᠭᠰᠡᠨ | ᠴᠢᠨᠠᠷᠳᠠᠢ ᠶᠡᠭᠡ ᠰᠤᠷᠭᠠᠭᠤᠯᠢ ᠪᠤᠯᠵᠠᠢ᠃ ᠥᠭᠡᠷᠡᠴᠢᠯᠡᠯᠲᠡ ᠨᠡᠭᠡᠭᠡᠯᠲᠡ ᠡᠬᠢᠯᠡᠭᠰᠡᠨ ᠠᠴᠠ ᠨᠠᠭᠠᠰᠢ᠂ ᠣᠨᠴᠠᠭᠠᠶᠢᠯᠠᠨ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠥᠵᠢᠯ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠵᠦ᠂ ᠰᠠᠭᠤᠷᠢ ᠰᠤᠷᠭᠠᠨ ᠬᠥᠮᠥᠵᠢᠯ ᠢ | ᠲᠦᠭᠡᠮᠡᠯᠵᠢᠭᠦᠯᠬᠦ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ ᠪᠠᠶᠢᠨ᠎ᠠ᠃ 2023 ᠤᠨ ᠳᠤ ᠪᠦᠬᠦ ᠤᠷᠤᠨ ᠤ | ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠳᠤᠳᠬᠠᠭᠰᠠᠨ ᠨᠤᠷᠮ᠎ᠡ 98.8% ᠥᠨᠳᠥᠷ | ᠵᠡᠷᠬᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠭᠤᠯᠢ ᠳᠤ ᠤᠷᠤᠭᠰᠠᠨ ᠪᠣᠷᠣ ᠨᠤᠷᠮ᠎ᠡ 93.5%᠂ | ᠡᠩ ᠤᠨ ᠶᠡᠭᠡ ᠳᠡᠭᠡᠳᠦ ᠰᠤᠷᠭᠠᠭᠤᠯᠢ 54᠂ ᠰᠤᠷᠭᠠᠭᠤᠯᠢ ᠳᠤ ᠰᠠᠭᠤᠭ᠎ᠠ ᠰᠤᠷᠤᠭᠴᠢ 54 ᠲᠦᠮᠡ ᠪᠣᠯᠪᠠ᠃ | ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠬᠦᠴᠦᠨ ᠴᠢᠳᠠᠯ ᠲᠠᠰᠤᠷᠠᠯᠲᠠ ᠦᠭᠡᠢ ᠳᠡᠭᠡᠭᠰᠢᠯᠡᠪᠡ᠃ | 2023 ᠣᠨ ᠤ ᠡᠴᠦᠰ ᠲᠤ᠂ ᠪᠥᠬᠦ ᠣᠷᠣᠨ ᠳᠤ ᠰᠣᠶᠣᠯ ᠤᠨ ᠣᠷᠳᠣᠨ 118᠂ ᠣᠯᠠᠨ ᠨᠡᠶᠢᠲᠡ ᠶᠢᠨ ᠨᠣᠮ ᠤᠨ | ᠰᠠᠩ 117 ᠪᠠᠶᠢᠵᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠬᠤᠶᠠᠷ ᠱᠠᠲᠤᠨ ᠳᠤ ᠡᠯ᠎ᠡ | ᠲᠥᠷᠥᠯ ᠤᠨ ᠰᠣᠨᠢᠨ ᠢ 19494 ᠲᠦᠮᠡᠨ ᠬᠤᠪᠢ᠂ ᠡᠯ᠎ᠡ ᠲᠥᠷᠥᠯ ᠤᠨ ᠬᠤᠭᠤᠴᠠᠭᠠᠲᠤ ᠰᠡᠳᠬᠦᠯ ᠢ 944 | ᠲᠦᠮᠡᠨ ᠳᠡᠪᠲᠡᠷ᠂ ᠨᠣᠮ ᠪᠢᠴᠢᠭ ᠢ 5775 ᠲᠦᠮᠡᠨ ᠳᠡᠪᠲᠡᠷ ᠬᠡᠪᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠲᠠᠰᠤᠷᠠᠯᠲᠠ ᠤᠢᠭᠡᠢ ᠳᠡᠭᠡᠭᠰᠢᠯᠡᠪᠡ᠃ 2023 ᠣᠨ ᠤ | ᠡᠴᠦᠰ ᠲᠤ᠂ ᠪᠥᠬᠦ ᠣᠷᠣᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠡᠶᠢᠲᠡ 25685᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠪᠡᠳᠴᠢᠲᠡᠨ ᠤ ᠣᠷᠣ ᠨᠡᠶᠢᠲᠡ 173136᠂ ᠡᠷᠡᠭᠦᠯ | ᠬᠠᠮᠠᠭᠠᠯᠠᠯ ᠤᠨ ᠮᠡᠷᠭᠡᠵᠢᠯᠲᠡᠨ 23.4 ᠲᠦᠮᠡ ᠪᠠᠶᠢᠪᠠ᠃ | ᠴᠠᠭ ᠮᠥᠴᠡ ᠬᠤᠪᠢᠷᠠᠯᠲᠠ ᠶᠢ ᠭᠡᠷᠡᠴᠢᠯᠡᠵᠦ᠂ ᠲᠡᠮᠡᠴᠡᠯ ᠲᠡᠦᠬᠡ ᠶᠢ ᠲᠣᠭᠲᠠᠭᠠᠨ᠎ᠠ᠃ ᠴᠠᠭ ᠤᠨ ᠡᠭᠡᠯᠵᠢᠨ ᠳᠤ᠂ | ᠬᠡᠵᠢᠶᠡᠳᠡ ᠬᠤᠪᠢᠷᠠᠰᠢ ᠦᠭᠡᠢ ᠨᠢ ᠪᠢᠳᠡᠨ ᠤ ︽ᠨᠠᠷᠠᠨ ᠰᠠᠷᠠᠨ ᠯᠤᠭ᠎ᠠ ᠤᠷᠤᠯᠳᠤᠵᠤ ᠰᠢᠨ᠎ᠡ ᠣᠷᠴᠢᠯᠠᠩ ᠢ ᠪᠣᠢ | ᠪᠣᠯᠭᠠᠬᠤ︾ ᠲᠡᠮᠡᠴᠡᠯ ᠤᠨ ᠵᠣᠷᠢᠭ ᠪᠣᠯᠤᠨ᠎ᠠ︔ ᠲᠡᠦᠬᠡ ᠶᠢᠨ ᠪᠠᠶᠢᠷᠢᠰᠢᠯ ᠳᠡᠭᠡᠷ᠎ᠡ ᠮᠠᠨ ᠤ ︽ᠴᠢᠯᠠᠭᠤᠨ ᠳᠡᠭᠡᠷ᠎ᠡ | ᠭᠢᠰᠬᠢᠬᠦ ᠳᠤ ᠮᠥᠷ ᠲᠠᠢ ᠲᠡᠮᠦᠷ ᠢ ᠠᠳᠬᠤᠬᠤ ᠳᠤ ᠣᠷᠣᠮ ᠲᠠᠢ︾ ᠲᠡᠮᠡᠴᠡᠯ ᠤᠨ ᠲᠡᠦᠬᠡ ᠢᠮᠠᠭᠲᠠ ᠲᠣᠳᠣᠷᠬᠠᠢ | ᠪᠠᠶᠢᠳᠠᠭ᠃ ᠢᠷᠡᠭᠡᠳᠦᠶ ᠪᠠᠨ ᠪᠠᠷᠠᠯᠠᠬᠤᠶ᠎ᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠳᠠᠭᠠᠭᠤᠯᠭ᠎ᠠ ᠳᠣᠤᠷ᠎ᠠ᠂ ᠬᠤᠶᠠᠷ ᠮᠢᠩᠭ᠎ᠠ ᠳᠥᠷᠪᠡᠨ ᠵᠠᠭᠤᠨ ᠲᠦᠮᠡᠨ | ᠦᠨᠳᠦᠰᠦᠲᠡᠨ ᠨᠦᠭᠦᠳ ᠤᠨ ᠬᠥᠪᠡᠭᠦᠳ ᠥᠬᠢᠳ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ | ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ | ᠬᠢᠵᠦ᠂ ᠵᠠᠮ ᠤᠨ ᠤᠷᠲᠤ ᠳᠤ ᠠᠯᠤᠰ ᠤᠨ ᠵᠣᠷᠢᠭ ᠮᠣᠬᠤᠬᠤ ᠦᠭᠡᠢ᠂ ᠬᠤᠯᠠ ᠶᠢᠨ ᠠᠶᠠᠨ ᠳᠤ ᠠᠷᠠᠳ ᠤᠨ | ᠲᠥᠯᠥᠭᠡ ᠭᠡᠬᠦ ᠰᠡᠳᠬᠢᠯ ᠬᠤᠪᠢᠷᠠᠬᠤ ᠦᠭᠡᠢ ᠵᠣᠷᠢᠭ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠭᠡᠷᠡᠯ ᠰᠠᠴᠤᠷᠠᠩᠭᠤᠶ ᠬᠠᠭᠤᠳᠠᠰᠤ ᠶᠢ ᠦᠷᠭᠦᠯᠵᠢᠯᠡᠨ | ᠪᠢᠴᠢᠭᠯᠡᠨ᠎ᠡ᠃ | |