ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠬᠢᠭᠡᠳ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠢᠮᠠᠭᠲᠠ | ᠴᠢᠬᠤᠯᠠ ᠠᠴᠠ ᠴᠢᠬᠤᠯᠠ ᠠᠵᠢᠯ ᠪᠣᠯᠭᠠᠨ᠂ ᠠᠮᠤ ᠪᠤᠳᠠᠭᠠᠨ ᠤ ᠦᠢᠯᠡᠳᠪᠦᠷᠢᠯᠡᠯ ᠪᠠ ᠮᠠᠯ ᠠᠵᠤ ᠠᠬᠤᠢ ᠶᠢᠨ | ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ | ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠦᠭᠰᠡᠨ ᠠᠴᠠ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ | ᠢᠯᠡᠳᠲᠡ ᠴᠢᠩᠭᠠᠷᠠᠨ᠂ ᠤᠯᠤᠰ ᠤᠨ ᠲᠠᠷᠢᠶᠠᠯᠠᠩ ᠮᠠᠯ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠤ | ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠣᠳᠣᠬᠢᠴᠢᠯᠠᠯᠲᠠ ᠲᠡᠶᠢᠰᠢ ᠬᠡᠯᠪᠡᠷᠢ ᠪᠠᠨ | ᠬᠤᠪᠢᠷᠠᠭᠤᠯᠬᠤ ᠠᠯᠬᠤᠴᠠ ᠦᠷᠭᠦᠯᠵᠢᠯᠡᠨ ᠲᠦᠷᠭᠡᠳᠴᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠠᠵᠢᠯ ᠢᠶᠠᠨ ᠬᠦᠴᠦᠲᠡᠢ ᠪᠥᠭᠡᠳ ᠪᠦᠲᠦᠮᠵᠢᠲᠡᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠠᠵᠤ ᠠᠬᠤᠢ ᠨᠡᠶᠢᠭᠡᠮ ᠢ ᠪᠦᠬᠦ ᠲᠠᠯ᠎ᠠ ᠪᠠᠷ ᠤᠷᠤᠭᠰᠢ ᠳᠠᠪᠰᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠣᠭᠰᠠᠭᠠᠷ ᠪᠠᠶᠢᠨ᠎ᠠ᠃ | ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠢᠯᠡᠳᠲᠡ ᠴᠢᠩᠭᠠᠷᠠᠵᠤ᠂ | ᠴᠢᠭᠳᠠᠭ᠎ᠠ ᠶᠢᠨ ᠦᠢᠯᠡᠳᠦᠯ ᠨᠢ ᠡᠳᠦᠷ ᠢᠷᠡᠬᠦᠶ᠎ᠡ ᠪᠠᠬᠢᠵᠢᠪᠡ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠨᠡᠯᠢᠶᠡᠳ ᠳᠠᠩ ᠴᠤᠯᠭᠤᠢ᠂ ᠲᠠᠷᠢᠶᠠᠯᠠᠩ ᠤᠢ ᠰᠢᠭᠤᠢ ᠮᠠᠯ ᠠᠵᠤ | ᠠᠬᠤᠢ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠤᠨ ᠬᠡᠪᠴᠢᠶ᠎ᠡ ᠨᠡᠯᠢᠶᠡᠳ ᠪᠠᠭ᠎ᠠ ᠪᠠᠶᠢᠵᠠᠢ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ | ᠳᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ ᠤᠢᠭᠡᠢ ᠠᠬᠢᠭᠤᠯᠬᠤ ᠶᠢ ᠳᠠᠭᠠᠯᠳᠤᠨ᠂ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠨᠥᠬᠦᠴᠡᠯ ᠢᠯᠡᠳᠲᠡ ᠰᠠᠶᠢᠵᠢᠷᠠᠵᠤ᠂ ᠦᠢᠯᠡᠳᠪᠦᠷᠢᠯᠡᠯ ᠤᠨ ᠬᠡᠪᠴᠢᠶ᠎ᠡ ᠰᠢᠨ᠎ᠡ | ᠱᠠᠲᠤᠨ ᠳᠤ ᠭᠠᠷᠪᠠ᠃ 2023 ᠣᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2737.3 | ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠯᠲᠠ ᠦᠭᠡᠢ ᠦᠨ᠎ᠡ ᠪᠠᠷ 1952 ᠣᠨ ᠤ ᠬᠢ ᠲᠠᠢ | ᠬᠠᠷᠢᠴᠠᠭᠤᠯᠤᠨ ᠪᠣᠳᠣᠪᠠᠯ 27.6 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 4.8% ᠨᠡᠮᠡᠭᠳᠡᠵᠡᠢ᠃ | ︵ᠨᠢᠭᠡ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠦᠲᠦᠭᠡᠭᠳᠡᠬᠦᠨ ᠤ | ᠶᠡᠷᠦᠩᠬᠡᠶ ᠥᠷᠲᠡᠭ ᠲᠦᠷᠭᠡᠨ ᠨᠡᠮᠡᠭᠳᠡᠵᠦ᠂ ᠠᠵᠤ ᠦᠢᠯᠡᠰ ᠤᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠣᠷᠣᠨ ᠤ ᠲᠠᠷᠢᠶᠠᠯᠠᠩ ᠣᠶ ᠰᠢᠭᠤᠶ ᠮᠠᠯ | ᠠᠵᠤ ᠠᠬᠤᠶ ᠵᠢᠭᠠᠰᠤᠨ ᠠᠵᠤ ᠠᠬᠤᠶ ᠶᠢᠨ ᠪᠦᠲᠦᠭᠡᠭᠳᠡᠬᠦᠨ ᠤ ᠶᠡᠷᠦᠩᠬᠡᠶ ᠥᠷᠲᠡᠭ ᠣᠯᠠᠨ ᠳᠠᠬᠢᠨ ᠢᠶᠠᠷ ᠨᠡᠮᠡᠭᠳᠡᠵᠦ᠂ | 2023 ᠣᠨ ᠳᠤ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ | ᠪᠦᠲᠦᠭᠡᠭᠳᠡᠬᠦᠨ ᠤ ᠶᠡᠷᠦᠩᠬᠡᠶ ᠥᠷᠲᠡᠭ 4447.3 ᠳ᠋ᠦᠩᠰᠢᠭᠤᠷ ᠲᠥᠭᠦᠷᠢᠭ ︵ᠲᠤᠬᠠᠶ ᠶᠢᠨ ᠵᠢᠯ ᠤᠨ ᠦᠨ᠎ᠡ ᠪᠠᠷ | ᠪᠣᠳᠣᠪᠠ᠂ ᠳᠣᠷᠣᠭᠰᠢ ᠠᠳᠠᠯᠢ︶ ᠲᠤ ᠬᠦᠷᠴᠦ᠂ 1949 ᠤᠨ ᠤ ᠬᠢ ᠲᠠᠢ ᠬᠠᠷᠢᠴᠠᠭᠤᠯᠪᠠᠯ 4441.3 | ᠳ᠋ᠦᠩᠰᠢᠭᠤᠷ ᠲᠥᠭᠦᠷᠢᠭ ᠨᠡᠮᠡᠭᠳᠡᠨ᠂ 1949 ᠤᠨ ᠤ ᠬᠢ ᠠᠴᠠ 741.2 ᠳᠠᠬᠢᠨ ᠪᠣᠯᠵᠠᠢ᠃ ᠲᠠᠷᠢᠶᠠᠯᠠᠩ ᠮᠠᠯ | ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠴᠤ ᠲᠠᠷᠢᠮᠠᠯ ᠤᠨ ᠦᠢᠯᠡᠰ ᠢᠶᠠᠷ ᠭᠤᠤᠯ ᠪᠣᠯᠭᠠᠭᠰᠠᠨ ᠳᠠᠩ | ᠭᠠᠭᠴᠠ ᠲᠠᠷᠢᠶᠠᠯᠠᠩ ᠪᠠᠶᠢᠭᠰᠠᠨ ᠠᠴᠠ ᠪᠠᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ | ᠪᠦᠬᠦ ᠲᠠᠯ᠎ᠠ ᠪᠠᠷ ᠬᠦᠭᠵᠢᠬᠦ ᠲᠡᠶᠢᠰᠢ ᠬᠤᠪᠢᠷᠠᠪᠠ᠃ ᠪᠦᠲᠦᠭᠡᠭᠳᠡᠬᠦᠨ ᠤ ᠥᠷᠲᠡᠭ ᠤᠨ ᠪᠦᠲᠦᠴᠡ ᠠᠴᠠ ᠦᠵᠡᠪᠡᠯ᠂ | 1949 ᠣᠨ ᠳᠤ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ 4.8 ᠳ᠋ᠦᠩᠰᠢᠭᠤᠷ ᠲᠥᠭᠦᠷᠢᠭ ᠪᠠᠶᠢᠵᠤ᠂ | ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠦᠲᠦᠭᠡᠭᠳᠡᠬᠦᠨ ᠤ ᠥᠷᠲᠡᠭ ᠤᠨ 79. | 5% ᠶᠢᠨ ᠬᠤᠪᠢ ᠶᠢᠨ ᠵᠢᠩ ᠢ ᠨᠢ ᠡᠵᠡᠯᠡᠵᠦ᠂ ᠮᠠᠯ ᠠᠵᠤ ᠠᠬᠤᠶ ᠶᠢᠨ ᠪᠦᠲᠦᠭᠡᠭᠳᠡᠬᠦᠨ ᠤ ᠥᠷᠲᠡᠭ 20. | 3% ᠶᠢᠨ ᠬᠤᠪᠢ ᠶᠢᠨ ᠵᠢᠩ ᠢ ᠨᠢ ᠡᠵᠡᠯᠡᠵᠦ ᠪᠠᠶᠢᠵᠠᠢ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ | ᠨᠥᠬᠦᠴᠡᠯ ᠠᠯᠬᠤᠮ ᠠᠯᠬᠤᠮ ᠢᠶᠠᠷ ᠰᠠᠶᠢᠵᠢᠷᠠᠬᠤ ᠶᠢ ᠳᠠᠭᠠᠯᠳᠤᠨ᠂ ᠮᠠᠯ ᠠᠵᠤ ᠠᠬᠤᠶ ᠴᠤ ᠠᠯᠬᠤᠮ ᠠᠯᠬᠤᠮ ᠢᠶᠠᠷ | ᠬᠥᠭᠵᠢᠨ ᠪᠤᠵᠠᠭᠠᠶᠢᠷᠠᠵᠤ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠳᠥᠷᠪᠡᠨ | ᠦᠢᠯᠡᠰ ᠤᠨ ᠪᠦᠲᠦᠴᠡ ᠴᠤ ᠠᠭᠠᠵᠢᠮ ᠢᠶᠠᠷ ᠵᠣᠬᠢᠴᠠᠩᠭᠤᠶ ᠲᠡᠶᠢᠰᠢ ᠪᠠᠨ ᠬᠠᠨᠳᠤᠪᠠ᠃ 2023 ᠣᠨ ᠳᠤ | ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ 2288 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠩ ᠤᠢ | ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠪᠦᠲᠦᠭᠡᠭᠳᠡᠬᠦᠨ ᠤ ᠶᠡᠷᠦᠩᠬᠡᠢ ᠥᠷᠲᠡᠭ ᠤᠨ 51. | 4% ᠶᠢᠨ ᠬᠤᠪᠢ ᠶᠢᠨ ᠵᠢᠩ ᠢ ᠨᠢ ᠡᠵᠡᠯᠡᠵᠦ᠂ 1949 ᠣᠨ ᠤ ᠬᠢ ᠲᠠᠢ ᠬᠠᠷᠢᠴᠠᠭᠤᠯᠪᠠᠯ 28.1 ᠵᠠᠭᠤᠨ ᠤ | ᠴᠡᠭ ᠪᠠᠭᠤᠷᠠᠪᠠ︔ ᠮᠠᠯ ᠠᠵᠤ ᠠᠬᠤᠢ ᠶᠢᠨ ᠪᠦᠲᠦᠭᠡᠭᠳᠡᠬᠦᠨ ᠤ ᠥᠷᠲᠡᠭ 1898.7 ᠳ᠋ᠦᠩᠰᠢᠭᠤᠷ ᠲᠥᠭᠦᠷᠢᠭ ᠲᠤ | ᠬᠦᠷᠴᠦ᠂ 42.7% ᠶᠢ ᠨᠢ ᠡᠵᠡᠯᠡᠨ᠂ 1949 ᠣᠨ ᠤ ᠬᠢ ᠠᠴᠠ 22.4 ᠵᠠᠭᠤᠨ ᠤ ᠴᠡᠭ ᠥᠰᠪᠡ︔ ᠤᠢ | ᠰᠢᠭᠤᠢ ᠪᠠ ᠵᠢᠭᠠᠰᠤᠨ ᠠᠵᠤ ᠠᠬᠤᠢ ᠶᠢᠨ ᠡᠵᠡᠯᠡᠬᠦ ᠬᠤᠪᠢ ᠶᠢᠨ ᠵᠢᠩ ᠨᠢ ᠦᠨᠳᠦᠰᠦᠨ ᠳᠤ ᠪᠠᠨ 3% ᠪᠠ 1% | ᠣᠷᠴᠢᠮ ᠲᠣᠭᠲᠠᠪᠤᠷᠢᠵᠢᠪᠠ᠃ ᠲᠠᠷᠢᠮᠠᠯ ᠤᠨ ᠦᠢᠯᠡᠰ ᠤᠨ ᠳᠣᠲᠣᠭᠠᠳᠤ ᠠᠴᠠ ᠦᠵᠡᠪᠡᠯ᠂ ᠮᠠᠨ ᠤ ᠣᠷᠣᠨ ᠤ ᠠᠮᠤ | ᠪᠤᠳᠠᠭ᠎ᠠ ᠪᠠ ᠠᠵᠤ ᠠᠬᠤᠢ ᠶᠢᠨ ᠲᠠᠷᠢᠮᠠᠯ ᠲᠠᠷᠢᠬᠤ ᠲᠠᠯᠠᠪᠠᠢ ᠶᠢᠨ ᠶᠡᠷᠦᠩᠬᠡᠢ ᠲᠠᠷᠢᠬᠤ ᠲᠠᠯᠠᠪᠠᠢ ᠳᠠᠬᠢ ᠡᠵᠡᠯᠡᠬᠦ | ᠬᠤᠪᠢ ᠶᠢᠨ ᠵᠢᠩ 1949 ᠣᠨ ᠳᠤ 90.6% ᠪᠠ 7.2% ᠪᠠᠶᠢᠭᠰᠠᠨ ᠪᠣᠯ 2023 ᠣᠨ ᠳᠤ 79.3% ᠪᠠ | 14.3% ᠪᠣᠯᠭᠠᠨ ᠲᠣᠬᠢᠷᠠᠭᠤᠯᠪᠠ᠃ | ︵ᠬᠤᠶᠠᠷ︶ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠰᠢᠨ᠎ᠡ ᠳᠡᠭᠲᠡᠷ ᠲᠤ ᠭᠠᠷᠴᠤ᠂ ︽ᠳᠤᠮᠳᠠᠳᠤ | ᠤᠯᠤᠰ ᠤᠨ ᠠᠶᠠᠭᠠᠨ︾ ᠳᠤ ︽ᠠᠷᠤ ᠭᠠᠵᠠᠷ ᠤᠨ ᠠᠮᠤ ᠪᠤᠳᠠᠭ᠎ᠠ︾ ᠶᠢ ᠲᠠᠰᠤᠷᠠᠯᠲᠠ ᠥᠬᠡᠶ ᠨᠡᠮᠡᠷᠢᠯᠡᠵᠦ ᠪᠠᠶᠢᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢ ᠪᠠᠷ᠂ ᠮᠠᠨ ᠤ ᠣᠷᠣᠨ ᠤ ᠠᠮᠤ ᠪᠤᠳᠠᠭ᠎ᠠ ᠲᠠᠷᠢᠭᠰᠠᠨ | ᠲᠠᠯᠠᠪᠠᠶ ᠵᠥᠪᠬᠡᠨ 5292 ᠲᠦᠮᠡᠨ ᠮᠦ ᠪᠥᠭᠡᠳ ᠤᠨᠠᠯᠲᠠ 42.5 ᠳ᠋ᠦᠩᠰᠢᠭᠤᠷ ᠵᠢᠩ ᠯᠠ ᠪᠠᠶᠢᠭᠰᠠᠨ ᠲᠤᠯᠠ | ᠢᠳᠡᠬᠦ ᠠᠮᠤ ᠪᠠᠨ ᠭᠤᠤᠯᠳᠠᠭᠤ ᠭᠠᠳᠠᠨ᠎ᠠ ᠠᠴᠠ ᠣᠷᠣᠭᠤᠯᠬᠤ ᠳᠤ ᠲᠦᠰᠢᠭᠯᠡᠵᠦ ᠪᠠᠶᠢᠵᠠᠢ᠃ 1990 ᠤᠨ ᠳᠤ | ᠠᠮᠤ ᠪᠤᠳᠠᠭ᠎ᠠ ᠲᠠᠷᠢᠭᠰᠠᠨ ᠳᠠᠯᠠᠪᠠᠢ 5812.5 ᠲᠦᠮᠡᠨ ᠮᠤ᠋᠂ ᠤᠨᠠᠯᠳᠠ 194.6 ᠳ᠋ᠦᠩᠰᠢᠭᠤᠷ ᠵᠢᠩ ᠳᠤ | ᠬᠦᠷᠴᠦ᠂ ᠠᠮᠤ ᠪᠤᠳᠠᠭ᠎ᠠ ᠪᠠᠨ ᠦᠪᠡᠷᠲᠡᠭᠡᠨ ᠬᠠᠩᠭᠠᠬᠤ ᠠᠰᠠᠭᠤᠳᠠᠯ ᠰᠢᠢᠳᠪᠦᠷᠢᠯᠡᠭᠳᠡᠨ᠂ ᠠᠮᠤ ᠪᠤᠳᠠᠭ᠎ᠠ ᠪᠠᠨ | ᠤᠯᠠᠨ ᠵᠢᠯ ᠭᠠᠳᠠᠨ᠎ᠠ ᠠᠴᠠ ᠣᠷᠣᠭᠤᠯᠵᠤ ᠪᠠᠶᠢᠭᠰᠠᠨ ᠳᠡᠤᠬᠡ ᠶᠢ ᠡᠴᠦᠰᠯᠡᠭᠦᠯᠪᠡ᠃ 1992 ᠣᠨ ᠳᠤ ᠠᠮᠤ | ᠪᠤᠳᠠᠭᠠᠨ ᠤ ᠤᠨᠠᠯᠲᠠ 200 ᠳ᠋ᠦᠩᠰᠢᠭᠤᠷ ᠵᠢᠩ ᠢ ᠳᠠᠪᠠᠪᠠ︔ 2005 ᠣᠨ ᠳᠤ ᠪᠦᠬᠦ ᠤᠯᠤᠰ ᠤᠨ ᠠᠮᠤ | ᠪᠤᠳᠠᠭᠠᠨ ᠤ ᠭᠤᠣᠯ ᠭᠠᠷᠤᠯᠲᠠ ᠶᠢᠨ 13 ᠣᠷᠣᠨ ᠤ ᠨᠢᠭᠡ ᠨᠢ ᠪᠣᠯᠪᠠ︔ 2008 ᠣᠨ ᠳᠤ ᠠᠮᠤ ᠪᠤᠳᠠᠭᠠᠨ ᠤ | ᠤᠨᠠᠯᠲᠠ ᠠᠩᠬ᠎ᠠ ᠤᠳᠠᠭ᠎ᠠ 400 ᠳ᠋ᠦᠩᠰᠢᠭᠤᠷ ᠵᠢᠩ ᠢ ᠳᠠᠪᠠᠭᠠᠳ ᠪᠦᠬᠦ ᠤᠯᠤᠰ ᠤᠨ ᠡᠮᠦᠨ᠎ᠡ 10 ᠳᠤ ᠣᠷᠣᠵᠤ᠂ | ᠪᠦᠬᠦ ᠤᠯᠤᠰ ᠲᠠᠬᠢ ᠠᠮᠤ ᠪᠤᠳᠠᠭ᠎ᠠ ᠰᠢᠯᠵᠢᠭᠦᠯᠦᠨ ᠭᠠᠷᠭᠠᠬᠤ ᠮᠤᠵᠢ ᠣᠷᠣᠨ ᠨᠤᠭᠤᠳ ᠤᠨ ᠨᠢᠭᠡ ᠪᠣᠯᠵᠠᠶ︔ | 2018 ᠣᠨ ᠳᠤ ᠠᠮᠤ ᠪᠤᠳᠠᠭᠠᠨ ᠤ ᠤᠨᠠᠯᠲᠠ 700 ᠳ᠋ᠦᠩᠰᠢᠭᠤᠷ ᠵᠢᠩ ᠢ ᠳᠠᠪᠠᠪᠠ᠃ 2023 ᠣᠨ ᠳᠤ ᠠᠮᠤ | ᠪᠤᠳᠠᠭ᠎ᠠ ᠲᠠᠷᠢᠭᠰᠠᠨ ᠲᠠᠯᠠᠪᠠᠶ 10477.5 ᠲᠦᠮᠡᠨ ᠮᠥ᠂ ᠤᠨᠠᠯᠲᠠ 791.6 ᠳ᠋ᠦᠩᠰᠢᠭᠤᠷ ᠵᠢᠩ᠂ ᠳᠤᠮᠳᠠᠴᠢ | ᠨᠢᠭᠡᠴᠢ ᠶᠢᠨ ᠤᠨᠠᠯᠲᠠ 378 ᠺᠢᠯᠣᠭ᠍ᠷᠠᠮ / ᠮᠥ ᠳᠤ ᠬᠦᠷᠴᠦ᠂ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ | ᠣᠯᠬᠤ︾ ᠶᠢ ᠪᠡᠶᠡᠯᠡᠭᠦᠯᠦᠭᠰᠡᠨ ᠪᠥᠭᠡᠳ ᠭᠤᠷᠪᠠᠨ ᠵᠢᠯ ᠳᠠᠷᠠᠭᠠᠯᠠᠨ ᠤᠨᠠᠯᠲᠠ ᠪᠠᠷ ᠢᠶᠠᠨ ᠪᠥᠬᠦ ᠤᠯᠤᠰ ᠤᠨ | ᠵᠢᠷᠭᠤᠳᠤᠭᠠᠷ ᠲᠤ ᠵᠢᠭᠰᠠᠭᠠᠭᠳᠠᠪᠠ᠃ ᠠᠮᠤ ᠪᠤᠳᠠᠭᠠᠨ ᠤ ᠶᠡᠷᠦᠩᠭᠡᠢ ᠤᠨᠠᠯᠳᠠ᠂ ᠨᠢᠭᠡᠴᠢ ᠶᠢᠨ ᠤᠨᠠᠯᠳᠠ ᠲᠤᠰ ᠪᠦᠷᠢ | 1949 ᠤᠨ ᠬᠢ ᠠᠴᠠ 18.6 ᠳᠠᠭᠢᠨ ᠪᠠ 9.5 ᠲᠠᠬᠢᠨ ᠪᠣᠯᠵᠤ᠂ ᠳᠤᠮᠳᠠᠳᠤ ᠤᠯᠤᠰ ᠤᠨ ᠠᠶᠠᠭᠠᠨ ᠳᠤ ᠠᠷᠤ | ᠭᠠᠵᠠᠷ ᠤᠨ ᠠᠮᠤ ᠪᠤᠳᠠᠭ᠎ᠠ ᠶᠢ ᠨᠡᠩ ᠠᠷᠪᠢᠨ ᠨᠡᠮᠡᠷᠢᠯᠡᠬᠦ ᠪᠣᠯᠪᠠ᠃ | ︵ᠭᠤᠷᠪᠠ︶ ᠠᠵᠤ ᠠᠬᠤᠢ ᠶᠢᠨ ᠲᠠᠷᠢᠮᠠᠯ ᠤᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠤ᠂ ᠰᠠᠭᠤᠭᠠᠯᠢ | ᠠᠷᠠᠳ ᠤᠨ ︽ᠬᠤᠯᠢᠰᠢᠨ ᠢᠳᠡᠭᠡᠨ︾ ᠡᠳᠦᠷ ᠢᠷᠡᠬᠦᠶ᠎ᠡ ᠡᠯᠪᠡᠭ ᠪᠣᠯᠪᠠ᠃ ᠮᠠᠨ ᠤ ᠣᠷᠣᠨ ᠤ ᠠᠵᠤ ᠠᠬᠤᠶ ᠶᠢᠨ | ᠲᠠᠷᠢᠮᠠᠯ ᠤᠨ ᠲᠥᠷᠥᠯ ᠣᠯᠠᠨ ᠶᠠᠩᠵᠤ ᠶᠢᠨ ᠪᠠᠶᠢᠳᠠᠭ᠂ ᠡᠭᠦᠨ ᠳᠤ ᠭᠤᠤᠯᠳᠠᠭᠤ ᠲᠣᠰᠣᠯᠢᠭ ᠲᠠᠷᠢᠮᠠᠯ᠂ ᠢᠳᠡᠰᠢᠨ | ᠨᠣᠭᠤᠭ᠎ᠠ᠂ ᠰᠢᠬᠢᠷᠯᠢᠭ ᠲᠠᠷᠢᠮᠠᠯ᠂ ᠭᠤᠸ᠎ᠠ ᠵᠢᠮᠢᠰ ᠵᠢᠴᠢ ᠬᠢᠲᠠᠳ ᠡᠮ ᠤᠨ ᠮᠠᠲ᠋ᠧᠷᠢᠶᠠᠯ ᠤᠳ ᠢ ᠪᠠᠭᠲᠠᠭᠠᠨ᠎ᠠ᠃ | 1949 ᠣᠨ ᠳᠤ ᠪᠦᠬᠦ ᠣᠷᠣᠨ ᠤ ᠠᠵᠤ ᠠᠬᠤᠢ ᠶᠢᠨ ᠲᠠᠷᠢᠮᠠᠯ ᠲᠠᠷᠢᠭᠰᠠᠨ ᠲᠠᠯᠠᠪᠠᠢ ᠵᠥᠪᠬᠡᠨ 420 ᠲᠦᠮᠡᠨ ᠮᠦ | ᠪᠠᠶᠢᠵᠤ᠂ 2023 ᠣᠨ ᠪᠣᠯᠬᠤ ᠳᠤ ᠨᠡᠮᠡᠭᠳᠡᠭᠡᠳ 2736.2 ᠲᠦᠮᠡᠨ ᠮᠦ ᠪᠣᠯᠵᠤ᠂ 5.5 ᠳᠠᠬᠢᠨ ᠥᠰᠴᠦ᠂ | ᠵᠢᠯ ᠪᠦᠷᠢ ᠳᠤᠮᠳᠠᠴᠢ ᠪᠠᠷ 2.6% ᠥᠰᠴᠡᠢ᠃ ᠲᠣᠰᠣᠯᠢᠭ ᠲᠠᠷᠢᠮᠠᠯ ᠠᠴᠠ ᠦᠵᠡᠪᠡᠯ᠂ 1949 ᠣᠨ ᠳᠤ | ᠲᠣᠰᠣᠯᠢᠭ ᠲᠠᠷᠢᠮᠠᠯ ᠲᠠᠷᠢᠬᠤ ᠲᠠᠯᠠᠪᠠᠢ ᠬᠢᠵᠠᠭᠠᠷ ᠲᠠᠢ ᠪᠥᠭᠡᠳ ᠤᠨᠠᠯᠲᠠ ᠨᠢ ᠵᠥᠪᠬᠡᠨ 9 ᠲᠦᠮᠡᠨ ᠲᠣᠨ ᠪᠠᠶᠢᠵᠠᠢ᠂ | ᠭᠠᠵᠠᠷ ᠰᠢᠷᠣᠢ ᠶᠢᠨ ᠥᠭᠡᠷᠡᠴᠢᠯᠡᠯᠲᠡ᠂ ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ ᠳᠤ ᠳᠠᠭᠠᠭᠠᠴᠢᠯᠠᠭᠤᠯᠬᠤ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠳᠠᠭᠠᠯᠳᠤᠨ᠂ ᠲᠠᠷᠢᠶᠠᠯᠠᠩ ᠦᠢᠯᠡᠳᠪᠦᠷᠢᠯᠡᠭᠴᠢᠳ ᠤᠨ | ᠢᠳᠡᠪᠬᠢᠵᠢᠯ ᠢᠯᠡᠳᠲᠡ ᠨᠡᠮᠡᠭᠳᠡᠵᠦ᠂ 2023 ᠣᠨ ᠪᠣᠯᠬᠤ ᠳᠤ ᠲᠣᠰᠣᠯᠢᠭ ᠲᠠᠷᠢᠮᠠᠯ ᠤᠨ ᠤᠨᠠᠯᠲᠠ 206.2 | ᠲᠦᠮᠡᠨ ᠲᠣᠨ ᠳᠤ ᠬᠦᠷᠴᠦ᠂ 1949 ᠣᠨ ᠤ ᠬᠢ ᠠᠴᠠ 21.9 ᠳᠠᠬᠢᠨ ᠨᠡᠮᠡᠭᠳᠡᠵᠦ᠂ ᠵᠢᠯ ᠳᠤ ᠳᠤᠮᠳᠠᠴᠢ ᠪᠠᠷ 4. | 3% ᠨᠡᠮᠡᠭᠳᠡᠵᠡᠢ᠃ ᠢᠳᠡᠰᠢᠨ ᠨᠣᠭᠤᠭᠠᠨ ᠠᠴᠠ ᠦᠵᠡᠪᠡᠯ᠂ ᠤᠯᠤᠰ ᠪᠠᠶᠢᠭᠤᠯᠤᠭᠳᠠᠭᠰᠠᠨ ᠤ ᠡᠬᠢᠨ | ᠬᠤᠭᠤᠴᠠᠭᠠᠨ ᠳᠤ ᠮᠠᠨ ᠤ ᠣᠷᠣᠨ ᠤ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠰᠠᠭᠤᠷᠢ ᠪᠠᠭᠤᠷᠠᠢ ᠪᠠᠶᠢᠭᠰᠠᠨ | ᠮᠥᠷᠲᠡᠭᠡᠨ ᠲᠡᠦᠬᠡᠨ ᠰᠢᠯᠲᠠᠭᠠᠨ ᠪᠠ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ ᠢᠳᠡᠰᠢᠨ | ᠨᠣᠭᠤᠭᠠᠨ ᠤ ᠲᠠᠯᠠᠪᠠᠢ᠂ ᠤᠨᠠᠯᠲᠠ ᠪᠠ ᠲᠥᠷᠥᠯ ᠬᠠᠷᠢᠴᠠᠩᠭᠤᠢ ᠪᠠᠷ ᠨᠡᠯᠢᠶᠡᠳ ᠴᠥᠭᠡᠨ ᠪᠠᠶᠢᠵᠤ᠂ 1949 | ᠣᠨ ᠳᠤ ᠢᠳᠡᠰᠢᠨ ᠨᠣᠭᠤᠭᠠᠨ ᠤ ᠤᠨᠠᠯᠲᠠ ᠵᠥᠪᠬᠡᠨ 44.9 ᠲᠦᠮᠡᠨ ᠲᠣᠨ ᠪᠠᠶᠢᠵᠠᠢ᠂ ᠤᠯᠤᠰ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠠᠬᠢᠬᠤ ᠶᠢ ᠳᠠᠭᠠᠯᠳᠤᠨ᠂ ᠮᠠᠨ ᠤ ᠣᠷᠣᠨ | ᠢᠳᠡᠰᠢᠨ ᠨᠣᠭᠤᠭ᠎ᠠ ᠲᠠᠷᠢᠬᠤ ᠲᠡᠷᠢᠭᠦᠨ ᠤ ᠮᠡᠷᠭᠡᠵᠢᠯ ᠪᠠ ᠪᠡᠯᠡᠳᠬᠡᠮᠵᠢ ᠨᠦᠭᠦᠳ ᠢ ᠢᠳᠡᠪᠬᠢᠲᠡᠢ ᠪᠠᠷ ᠣᠷᠣᠭᠤᠯᠤᠨ | ᠠᠪᠴᠢᠷᠠᠵᠤ ᠳᠡᠯᠭᠡᠷᠡᠭᠦᠯᠦᠭᠡᠳ ᠢᠳᠡᠰᠢᠨ ᠨᠣᠭᠤᠭᠠᠨ ᠤ ᠦᠢᠯᠡᠳᠪᠦᠷᠢᠯᠡᠯ ᠤᠨ ᠴᠢᠳᠠᠪᠤᠷᠢ ᠪᠠᠨ ᠢᠯᠡᠳᠲᠡ | ᠳᠡᠭᠡᠭᠰᠢᠯᠡᠭᠦᠯᠪᠡ᠃ 2023 ᠣᠨ ᠳᠤ ᠢᠳᠡᠰᠢᠨ ᠨᠣᠭᠤᠭᠠᠨ ᠤ ᠤᠨᠠᠯᠲᠠ 1097.1 ᠲᠦᠮᠡᠨ ᠲᠣᠨ ᠳᠤ | ᠬᠦᠷᠴᠦ᠂ 1949 ᠣᠨ ᠤ ᠬᠢ ᠠᠴᠠ 23.4 ᠳᠠᠬᠢᠨ ᠨᠡᠮᠡᠭᠳᠡᠨ᠂ ᠵᠢᠯ ᠳᠤ ᠳᠤᠮᠳᠠᠴᠢ ᠪᠠᠷ 4.4% ᠨᠡᠮᠡᠭᠳᠡᠪᠡ᠂ | ᠡᠭᠦᠨ ᠳᠤ ᠪᠡᠯᠡᠳᠭᠡᠮᠵᠢᠳᠤ ᠢᠳᠡᠰᠢᠨ ᠨᠣᠭᠤᠭᠠᠨ ᠤ ᠤᠨᠠᠯᠲᠠ 262.4 ᠲᠦᠮᠡᠨ ᠲᠣᠨ ᠪᠠᠶᠢᠵᠤ᠂ ᠤᠯᠠᠷᠢᠯ ᠤᠨ | ᠪᠤᠰᠤ ᠢᠳᠡᠰᠢᠨ ᠨᠣᠭᠤᠭᠠᠨ ᠤ ᠬᠠᠩᠭᠠᠯᠭ᠎ᠠ ᠶᠢ ᠲᠦᠢᠯ ᠤᠨ ᠶᠡᠭᠡ ᠪᠠᠷ ᠪᠠᠲᠤᠯᠠᠵᠤ᠂ ᠰᠠᠭᠤᠭᠠᠯᠢ ᠠᠷᠠᠳ ᠤᠨ ︽ | ᠬᠤᠯᠢᠰᠢᠨ ᠢᠳᠡᠭᠡᠨ︾ ᠳᠤ ᠣᠷᠣᠭᠤᠯᠬᠤ ᠢᠳᠡᠰᠢᠨ ᠨᠣᠭᠤᠭᠠᠨ ᠤ ᠬᠠᠩᠭᠠᠯᠭ᠎ᠠ ᠶᠢ ᠲᠠᠰᠤᠷᠠᠯᠲᠠ ᠦᠭᠡᠢ | ᠡᠯᠪᠡᠭᠵᠢᠭᠦᠯᠪᠡ᠃ | ︵ᠳᠥᠷᠪᠡ︶ ᠮᠠᠯ ᠠᠵᠤ ᠠᠬᠤᠶ ᠶᠢᠨ ᠦᠢᠯᠡᠳᠪᠦᠷᠢᠯᠡᠯ ᠳᠠᠪᠠᠯᠲᠠ ᠶᠢᠨ ᠴᠢᠨᠠᠷᠲᠠᠢ ᠬᠥᠭᠵᠢᠵᠦ᠂ ︽ᠮᠢᠬᠠᠨ ᠤ | ᠬᠥᠮᠥᠷᠭᠡ︾᠂ ︽ᠰᠦᠨ ᠤ ᠰᠠᠪᠠ︾᠂ ︽ᠨᠣᠣᠯᠤᠭᠤᠷ ᠤᠨ ᠲᠥᠪ︾ ᠤᠨ ᠨᠡᠷ᠎ᠡ ᠨᠢᠳᠡᠷ ᠲᠤ ᠪᠠᠨ ᠨᠡᠶᠢᠴᠡᠪᠡ᠃ | ᠮᠠᠨ ᠤ ᠣᠷᠣᠨ ᠤ ᠨᠤᠲᠤᠭ ᠪᠡᠯᠴᠢᠭᠡᠷ ᠤᠨ ᠲᠠᠯᠠᠪᠠᠢ ᠥᠷᠭᠡᠨ ᠠᠭᠤᠳᠠᠮ ᠪᠣᠯᠬᠤᠷ ᠮᠠᠨ ᠤ ᠤᠯᠤᠰ ᠤᠨ ᠲᠠᠪᠤᠨ ᠶᠡᠭᠡ | ᠮᠠᠯᠵᠢᠬᠤ ᠣᠷᠣᠨ ᠤ ᠲᠡᠷᠢᠭᠦᠨ ᠳᠤ ᠪᠠᠶᠢᠷᠢᠯᠠᠳᠠᠭ᠂ ᠮᠥᠨ ᠴᠤ ᠤᠯᠤᠰ ᠤᠨ ᠮᠠᠯ ᠲᠠᠷᠢᠶᠠᠯᠠᠩ ᠤᠨ ᠭᠠᠷᠤᠯᠲᠠ ᠶᠢᠨ | ᠦᠢᠯᠡᠳᠪᠦᠷᠢᠯᠡᠯ ᠤᠨ ᠴᠢᠬᠤᠯᠠ ᠰᠠᠭᠤᠷᠢᠨ ᠪᠠᠶᠢᠵᠤ᠂ 75 ᠵᠢᠯ ᠤᠨ ᠲᠤᠷᠰᠢᠳᠠ ᠮᠠᠯ ᠠᠵᠤ ᠠᠬᠤᠢ ᠶᠢᠨ | ᠦᠢᠯᠡᠳᠪᠦᠷᠢᠯᠡᠯ ᠢᠶᠠᠨ ᠳᠠᠪᠠᠯᠲᠠ ᠶᠢᠨ ᠴᠢᠨᠠᠷᠲᠠᠢ ᠬᠦᠭᠵᠢᠭᠦᠯᠪᠡ᠃ 1949 ᠣᠨ ᠤ ᠡᠴᠦᠰ ᠲᠤ ᠮᠠᠨ ᠤ ᠣᠷᠣᠨ ᠤ | ᠮᠠᠯ ᠤᠨ ᠶᠡᠷᠦᠩᠬᠡᠢ ᠲᠤᠭ᠎ᠠ ᠲᠣᠯᠣᠭᠠᠢ 968.6 ᠲᠦᠮᠡ ᠪᠠᠶᠢᠭᠰᠠᠨ ᠠᠴᠠ ᠪᠠᠨ 2023 ᠣᠨ ᠪᠣᠯᠬᠤ ᠳᠤ | 7880.3 ᠲᠦᠮᠡ ᠳᠤ ᠬᠦᠷᠴᠦ᠂ ᠵᠢᠯ ᠪᠦᠷᠢ ᠳᠤᠮᠳᠠᠴᠢ ᠪᠠᠷ 2.9% ᠪᠠᠷ ᠨᠡᠮᠡᠭᠳᠡᠪᠡ᠃ ᠡᠭᠦᠨ ᠳᠤ ᠭᠠᠭ᠋ᠠᠢ | 629.9 ᠲᠦᠮᠡ᠂ ᠬᠤᠨᠢ ᠢᠮᠠᠭ᠎ᠠ 6180.6 ᠲᠦᠮᠡ᠂ ᠦᠬᠡᠷ 947.7 ᠲᠦᠮᠡ ᠪᠠᠶᠢᠵᠦ᠂ 1949 | ᠣᠨ ᠤ ᠬᠢ ᠠᠴᠠ ᠳᠤᠰ ᠪᠦᠷᠢ 6.1 ᠳᠠᠬᠢᠨ᠂ 9.7 ᠳᠠᠬᠢᠨ ᠪᠠ 3.8 ᠳᠠᠬᠢᠨ ᠨᠡᠮᠡᠭᠳᠡᠪᠡ᠃ ᠮᠠᠯ ᠤᠨ ᠲᠤᠭ᠎ᠠ | ᠲᠣᠯᠣᠭᠠᠢ ᠨᠡᠮᠡᠭᠳᠡᠬᠦ ᠶᠢ ᠳᠠᠭᠠᠯᠳᠤᠨ᠂ ᠮᠠᠯ ᠵᠢᠭᠦᠷᠲᠡᠨ ᠤ ᠭᠤᠤᠯ ᠪᠣᠯᠬᠤ ᠪᠦᠲᠦᠭᠡᠭᠳᠡᠬᠦᠨ ᠤ ᠭᠠᠷᠤᠯᠲᠠ ᠨᠤᠭᠤᠳ | ᠴᠦ ᠶᠡᠭᠡ ᠪᠠᠷ ᠨᠡᠮᠡᠭᠳᠡᠭᠰᠡᠨ ᠪᠠᠶᠢᠨ᠎ᠠ᠃ 2023 ᠣᠨ ᠳᠤ ᠦᠨᠢᠶᠡᠨ ᠰᠦᠨ ᠤ ᠭᠠᠷᠤᠯᠲᠠ 792.6 ᠲᠦᠮᠡᠨ | ᠲᠣᠨ ᠳᠤ ᠬᠦᠷᠴᠦ᠂ ᠪᠦᠬᠦ ᠤᠯᠤᠰ ᠲᠠᠬᠢ 700 ᠲᠦᠮᠡᠨ ᠲᠣᠨ ᠢ ᠳᠠᠪᠠᠭᠰᠠᠨ ᠴᠣᠷ ᠤᠨ ᠭᠠᠭᠴᠠ ᠮᠤᠵᠢ ᠣᠷᠣᠨ | ᠪᠣᠯᠵᠤ᠂ 1980 ᠣᠨ ᠤ ᠬᠢ ᠠᠴᠠ 117.5 ᠳᠠᠬᠢᠨ ᠨᠡᠮᠡᠭᠳᠡᠨ᠂ ᠵᠢᠯ ᠪᠦᠷᠢ ᠳᠤᠮᠳᠠᠴᠢ ᠪᠠᠷ 11.7% ᠪᠠᠷ | ᠨᠡᠮᠡᠭᠳᠡᠵᠡᠢ᠂ 2003 ᠣᠨ ᠠᠴᠠ ᠡᠬᠢᠯᠡᠨ ᠦᠨᠢᠶᠡᠨ ᠰᠦᠨ ᠤ ᠭᠠᠷᠤᠯᠲᠠ 21 ᠵᠢᠯ ᠳᠠᠷᠠᠭᠠᠯᠠᠨ ᠪᠦᠬᠦ ᠤᠯᠤᠰ ᠲᠤ | ᠲᠡᠷᠢᠭᠦᠯᠡᠪᠡ︔ ᠬᠤᠨᠢ ᠢᠮᠠᠭᠠᠨ ᠤ ᠨᠣᠣᠰᠤ ᠨᠣᠣᠯᠤᠭᠤᠷ ᠤᠨ ᠭᠠᠷᠤᠯᠲᠠ 8635.8 ᠲᠣᠨ ᠳᠤ ᠬᠦᠷᠴᠦ᠂ | 1980 ᠣᠨ ᠤ ᠬᠢ ᠠᠴᠠ 3.8 ᠳᠠᠬᠢᠨ ᠨᠡᠮᠡᠭᠳᠡᠨ᠂ ᠵᠢᠯ ᠳᠤ ᠳᠤᠮᠳᠠᠴᠢ ᠪᠠᠷ 3.7% ᠪᠠᠷ ᠨᠡᠮᠡᠭᠳᠡᠵᠡᠢ᠂ 1980 | ᠣᠨ ᠠᠴᠠ ᠡᠬᠢᠯᠡᠨ ᠬᠤᠨᠢ ᠢᠮᠠᠭᠠᠨ ᠤ ᠨᠣᠣᠰᠤ ᠨᠣᠣᠯᠤᠭᠤᠷ ᠤᠨ ᠭᠠᠷᠤᠯᠲᠠ 44 ᠵᠢᠯ ᠳᠠᠷᠠᠭᠠᠯᠠᠨ ᠪᠦᠬᠦ | ᠤᠯᠤᠰ ᠲᠤ ᠲᠡᠷᠢᠭᠦᠯᠡᠪᠡ︔ ᠦᠬᠡᠷ ᠤᠨ ᠮᠢᠬᠠᠨ ᠤ ᠭᠠᠷᠤᠯᠲᠠ 77.8 ᠲᠦᠮᠡᠨ ᠲᠣᠨ᠂ ᠬᠤᠨᠢᠨ ᠤ ᠮᠢᠬᠠᠨ ᠤ | ᠭᠠᠷᠤᠯᠲᠠ 108.8 ᠲᠦᠮᠡᠨ ᠲᠣᠨ ᠳᠤ ᠬᠦᠷᠴᠦ᠂ 1979 ᠣᠨ ᠤ ᠬᠢ ᠠᠴᠠ ᠲᠤᠰ ᠪᠦᠷᠢ 24.8 ᠳᠠᠬᠢᠨ ᠪᠠ | 16.3 ᠳᠠᠬᠢᠨ ᠨᠡᠮᠡᠭᠳᠡᠵᠦ᠂ ᠭᠠᠷᠤᠯᠲᠠ ᠨᠤᠭᠤᠳ ᠨᠢ ᠴᠥᠮ ᠪᠥᠬᠦ ᠤᠯᠤᠰ ᠲᠤ ᠲᠡᠷᠢᠭᠦᠯᠡᠭᠡᠳ ᠨᠡᠷ᠎ᠡ | ᠨᠢᠳᠡᠷ ᠲᠤ ᠪᠠᠨ ᠨᠡᠶᠢᠴᠡᠭᠰᠡᠨ ᠤᠯᠤᠰ ᠤᠨ ︽ᠮᠢᠬᠠᠨ ᠤ ᠬᠥᠮᠥᠷᠭᠡ︾᠂ ︽ᠰᠦᠨ ᠤ ᠰᠠᠪᠠ︾᠂ ︽ | ᠨᠣᠣᠯᠤᠭᠤᠷ ᠤᠨ ᠲᠥᠪ︾ ᠪᠣᠯᠪᠠ᠃ | ᠬᠤᠶᠠᠷ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ | ︵ᠨᠢᠭᠡ︶ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠲᠦᠪᠰᠢᠨ ᠶᠡᠭᠡ ᠪᠠᠷ ᠳᠡᠭᠡᠭᠰᠢᠯᠡᠵᠦ᠂ | ᠦᠢᠯᠡᠳᠪᠦᠷᠢᠯᠡᠯ ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ︽ | ᠭᠠᠵᠠᠷ ᠬᠠᠭᠠᠯᠪᠤᠷᠢᠯᠠᠬᠤ ᠳᠤ ᠦᠬᠡᠷ ᠲᠤ ᠲᠦᠰᠢᠭᠯᠡᠬᠦ᠂ ᠲᠠᠷᠢᠶ᠎ᠠ ᠲᠠᠷᠢᠬᠤ ᠳᠤ ᠠᠨᠵᠢᠰᠤᠨ ᠳᠤ ᠲᠦᠰᠢᠭᠯᠡᠬᠦ᠂ | ᠬᠠᠳᠤᠵᠤ ᠬᠤᠷᠢᠶᠠᠬᠤ ᠳᠤ ᠬᠥᠮᠦᠨ ᠳᠤ ᠲᠦᠰᠢᠭᠯᠡᠬᠦ︾ ᠪᠠᠶᠢᠭᠰᠠᠨ ᠢᠶᠠᠨ ᠮᠧᠬᠠᠨᠢᠭ ᠬᠦᠳᠡᠯᠭᠡᠭᠴᠢ ᠬᠦᠴᠦᠨ ᠢᠶᠠᠷ | ᠭᠤᠣᠯ ᠪᠣᠯᠭᠠᠭᠰᠠᠨ ᠠᠷᠭ᠎ᠠ ᠮᠠᠶ᠋ᠢᠭ ᠪᠣᠯᠭᠠᠨ ᠬᠤᠪᠢᠷᠠᠭᠤᠯᠪᠠ᠃ ᠲᠠᠷᠢᠶᠠᠯᠠᠩ ᠮᠠᠯ ᠠᠵᠦ ᠠᠬᠤᠢ ᠶᠢᠨ ᠮᠧᠬᠠᠨᠢᠭ ᠤᠨ | ᠶᠡᠷᠦᠩᠬᠡᠢ ᠬᠦᠳᠡᠯᠭᠡᠭᠴᠢ ᠬᠦᠴᠦ 1988 ᠤᠨ ᠳᠤ 672.3 ᠲᠦᠮᠡᠨ ᠺᠢᠯᠤᠸᠠᠲ ᠪᠠᠶᠢᠭᠰᠠᠨ ᠠᠴᠠ ᠪᠠᠨ | ᠳᠡᠭᠡᠭᠰᠢᠯᠡᠭᠡᠳ 2023 ᠤᠨ ᠳᠤ 4925 ᠲᠦᠮᠡᠨ ᠺᠢᠯᠤᠸᠠᠲ ᠪᠤᠯᠵᠦ᠂ 2023 ᠤᠨ ᠳᠤ ᠲᠠᠷᠢᠮᠠᠯ ᠤᠨ | ᠠᠵᠢᠯ ᠳᠠᠬᠢ ᠬᠠᠭᠠᠯᠪᠤᠷᠢᠯᠠᠬᠤ ᠲᠠᠷᠢᠬᠤ ᠬᠤᠷᠢᠶᠠᠬᠤ ᠶᠡᠷᠦᠩᠬᠡᠢ ᠮᠧᠬᠠᠨᠢᠭᠵᠢᠭᠤᠯᠤᠯᠲᠠ ᠶᠢᠨ ᠨᠤᠷᠮ᠎ᠠ 88.4% ᠳᠤ | ᠬᠦᠷᠪᠡ᠃ | ︵ᠬᠤᠶᠠᠷ︶ ᠤᠰᠤ᠂ ᠴᠠᠬᠢᠯᠭᠠᠨ᠂ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ | ᠪᠦᠲᠦᠮᠵᠢ ᠣᠯᠵᠤ᠂ ᠬᠥᠳᠡᠭᠡ ᠲᠤᠰᠬᠤᠨ ᠣᠷᠣᠰᠢᠨ ᠰᠠᠭᠤᠷᠢᠰᠢᠬᠤ ᠳᠤ ᠨᠡᠩ ᠢᠯᠡᠭᠦᠦ ᠲᠠᠭᠠᠯᠠᠮᠵᠢᠲᠠᠢ ᠪᠣᠯᠪᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠡᠬᠢ ᠪᠠᠷ᠂ ᠮᠠᠨ ᠤ ᠣᠷᠣᠨ ᠤ ᠶᠡᠬᠡᠩᠬᠢ ᠮᠠᠯᠵᠢᠬᠤ ᠲᠠᠷᠢᠶᠠᠯᠠᠬᠤ | ᠣᠷᠣᠨ ᠤ ᠭᠡᠷᠡᠯᠳᠦᠭᠦᠯᠭᠡ ᠨᠢ ᠨᠡᠭᠦᠷᠡᠰᠦᠨ ᠲᠤᠰᠤᠨ ᠳ᠋ᠧᠩ᠂ ᠬᠤᠨᠢᠨ ᠲᠣᠰᠣᠨ ᠳ᠋ᠧᠩ ᠳᠤ ᠲᠦᠰᠢᠭᠯᠡᠨ᠂ ᠤᠤᠭᠤᠬᠤ | ᠤᠰᠤ ᠨᠢ ᠰᠢᠭᠤᠳ ᠬᠤᠳᠳᠤᠭ ᠤᠨ ᠤᠰᠤ᠂ ᠭᠤᠣᠯ ᠤᠨ ᠤᠰᠤᠨ ᠳᠤ ᠲᠦᠰᠢᠭᠯᠡᠳᠡᠭ ᠪᠠᠶᠢᠵᠠᠢ᠃ ᠥᠭᠡᠷᠡᠴᠢᠯᠡᠯᠲᠡ | ᠨᠡᠭᠡᠭᠡᠯᠲᠡ ᠬᠢᠭᠰᠡᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠮᠠᠨ ᠤ ᠣᠷᠣᠨ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ | ᠤᠢᠭᠡᠢ ᠴᠢᠩᠭᠠᠳᠬᠠᠭᠠᠳ ᠤᠰᠤ᠂ ᠴᠠᠬᠢᠯᠭᠠᠨ᠂ ᠵᠠᠮ ᠤᠨ ᠲᠣᠤᠷ ᠤᠨ ᠪᠦᠲᠦᠭᠡᠨ ᠪᠠᠶᠢᠭᠤᠯᠤᠯᠲᠠ ᠳᠤ ᠢᠯᠡᠷᠬᠡᠶ | ᠠᠮᠵᠢᠯᠲᠠ ᠣᠯᠪᠠ᠃ 2023 ᠣᠨ ᠤ ᠡᠴᠦᠰ ᠪᠣᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠶᠡᠬᠡᠩᠬᠢ ᠭᠠᠵᠠᠷ | ᠣᠷᠣᠨ ᠳᠤ ᠨᠢᠭᠡᠨᠲᠡ ᠴᠠᠬᠢᠯᠭᠠᠨ ᠨᠡᠪᠲᠡᠷᠡᠭᠦᠯᠵᠦ᠂ 67.5% ᠶᠢᠨ ᠲᠣᠰᠬᠤᠨ ᠤ ᠭᠤᠤᠯ ᠪᠣᠯᠬᠤ ᠵᠠᠮ ᠤᠳ ᠲᠤ | ᠵᠠᠮ ᠤᠨ ᠳ᠋ᠧᠩ ᠤᠨ ᠬᠡᠷᠡᠯᠲᠦᠭᠦᠯᠭᠡ ᠲᠠᠢ ᠪᠣᠯᠵᠤ᠂ 48.5% ᠶᠢᠨ ᠲᠣᠰᠬᠤᠨ ᠤ ᠤᠤᠭᠤᠬᠤ ᠤᠰᠤ ᠶᠢ | ᠲᠥᠪᠯᠡᠷᠡᠭᠦᠯᠦᠨ ᠠᠷᠢᠭᠤᠳᠬᠠᠨ ᠴᠡᠪᠡᠷᠰᠢᠭᠦᠯᠵᠦ᠂ 98.0% ᠶᠢᠨ ᠲᠣᠰᠬᠤᠨ ᠤ ᠭᠤᠤᠯ ᠪᠣᠯᠬᠤ ᠵᠠᠮ ᠤᠳ ᠲᠤ | ᠪᠠᠷᠤᠭᠰᠢᠨ ᠪᠤᠶᠤ ᠱᠦᠢᠨᠢ ᠳᠡᠪᠢᠰᠴᠦ᠂ 94.7% ᠶᠢᠨ ᠲᠣᠰᠬᠤᠨ ᠳᠤ ᠲᠣᠭᠲᠠᠮᠠᠯ ᠢᠨᠲ᠋ᠧᠷ ᠰᠦᠯᠵᠢᠶᠡᠨ ᠤ | ᠥᠷᠭᠡᠨ ᠪᠦᠰᠡ ᠵᠠᠯᠭᠠᠨ᠂ 61.2% ᠤᠨ ᠲᠣᠰᠬᠤᠨ ᠳᠤ 5G ᠰᠦᠯᠵᠢᠶ᠎ᠡ ᠶᠢ ᠨᠡᠪᠲᠡᠷᠡᠭᠦᠯᠵᠦ᠂ 67.1% ᠶᠢᠨ | ᠲᠣᠰᠬᠤᠨ ᠳᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠣᠬᠢᠷᠠᠭᠤᠯᠤᠨ ᠬᠦᠷᠭᠡᠬᠦ ᠥᠷᠲᠡᠭᠡ ᠴᠡᠭ ᠲᠠᠢ | ᠪᠣᠯᠭᠠᠵᠤ᠂ ᠮᠠᠯᠴᠢᠨ ᠲᠠᠷᠢᠶᠠᠴᠢᠳ ᠤᠨ ᠠᠮᠢᠳᠤᠷᠠᠯ ᠤᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ | ︵ᠭᠤᠷᠪᠠ︶ ᠮᠠᠯᠴᠢᠨ ᠲᠠᠷᠢᠶᠠᠴᠢᠳ ᠤᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠵᠦ᠂ ᠬᠤᠲᠠ ᠬᠥᠳᠡᠭᠡ ᠶᠢᠨ | ᠣᠷᠣᠯᠭ᠎ᠠ ᠶᠢᠨ ᠵᠥᠷᠢᠶ᠎ᠡ ᠮᠡᠳᠡᠭᠳᠡᠮ᠎ᠡ ᠪᠠᠭᠠᠰᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ | ᠣᠷᠣᠨ ᠤ ᠮᠠᠯᠵᠢᠬᠤ ᠲᠠᠷᠢᠶᠠᠯᠠᠬᠤ ᠣᠷᠣᠨ ᠨᠤᠭᠤᠳ ᠤᠷᠢᠳ ᠬᠤᠵᠢᠳ ᠬᠤᠷᠢᠶᠠᠯᠲᠠ ᠲᠠᠢ ᠨᠢ ᠬᠤᠯᠪᠣᠭᠳᠠᠭᠤᠯᠤᠨ | ᠡᠷᠦᠬᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ | ᠠᠬᠤᠶ ᠶᠢᠨ ᠭᠠᠶᠢᠯᠢ ᠶᠢ ᠪᠦᠬᠦ ᠲᠠᠯ᠎ᠠ ᠪᠠᠷ ᠬᠡᠯᠲᠦᠷᠢᠭᠦᠯᠦᠭᠰᠡᠨ ᠵᠢᠴᠢ ᠮᠠᠯᠵᠢᠬᠤ ᠲᠠᠷᠢᠶᠠᠯᠠᠬᠤ ᠣᠷᠣᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠬᠢᠭᠰᠡᠨ ᠠᠴᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠲᠦᠷᠭᠡᠨ | ᠬᠥᠭᠵᠢᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠲᠦᠷᠭᠡᠨ ᠨᠡᠮᠡᠭᠳᠡᠵᠡᠢ᠃ ᠮᠠᠯᠵᠢᠬᠤ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 1978 ᠣᠨ ᠳᠤ 100 | ᠲᠥᠭᠦᠷᠢᠭ ᠪᠠᠶᠢᠭᠰᠠᠨ ᠠᠴᠠ ᠪᠠᠨ 2023 ᠣᠨ ᠳᠤ 21221 ᠲᠥᠭᠦᠷᠢᠭ ᠪᠣᠯᠤᠨ ᠨᠡᠮᠡᠭᠳᠡᠵᠦ᠂ 1978 | ᠣᠨ ᠤ ᠬᠢ ᠠᠴᠠ 212.2 ᠳᠠᠬᠢᠨ ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠵᠥᠷᠢᠶ᠎ᠡ ᠲᠠᠰᠤᠷᠠᠯᠲᠠ ᠦᠭᠡᠢ ᠪᠠᠭᠠᠰᠴᠤ᠂ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠤᠪᠢ ᠶᠢᠨ ᠵᠢᠩ ᠬᠡᠮᠵᠢᠭᠳᠡᠯ 2.3 ᠪᠣᠯᠵᠤ᠂ 1978 | ᠣᠨ ᠤ ᠬᠢ ᠠᠴᠠ 0.7 ᠪᠠᠭᠤᠷᠠᠵᠠᠢ᠃ | ︵ᠲᠦᠷᠪᠡ︶ ᠮᠠᠯᠴᠢᠨ ᠲᠠᠷᠢᠶᠠᠴᠢᠳ ᠤᠨ ᠬᠡᠷᠡᠭᠯᠡᠭᠡ ᠶᠢᠨ ᠲᠦᠪᠰᠢᠨ ᠲᠠᠰᠤᠷᠠᠯᠲᠠ ᠤᠢᠭᠡᠢ ᠳᠡᠭᠡᠭᠰᠢᠯᠡᠵᠦ᠂ | ᠠᠮᠢᠳᠤᠷᠠᠯ ᠤᠨ ᠴᠢᠨᠠᠷ ᠴᠢᠨᠰᠠᠭ᠎ᠠ ᠢᠯᠡᠳᠲᠡ ᠰᠠᠶᠢᠵᠢᠷᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ | ᠨᠠᠭᠠᠰᠢ᠂ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠬᠡᠷᠡᠭᠯᠡᠭᠡ ᠶᠢᠨ ᠲᠦᠪᠰᠢᠨ ᠢᠳᠡᠵᠦ ᠡᠮᠦᠰᠬᠦ ᠨᠢ ᠭᠦᠢᠴᠡᠬᠦ | ᠦᠭᠡᠢ ᠪᠠᠶᠢᠭᠰᠠᠨ ᠠᠴᠠ ᠶᠡᠷᠦᠩᠬᠡᠶ ᠳᠤ ᠪᠠᠨ ᠴᠢᠨᠡᠭᠡᠯᠢᠭᠵᠢᠭᠰᠡᠨ ᠲᠡᠦᠬᠡᠲᠦ ᠴᠢᠨᠠᠷᠲᠠᠶ ᠳᠠᠪᠠᠯᠲᠠ ᠲᠠᠢ ᠪᠣᠯᠪᠠ᠃ | 1980 ᠣᠨ ᠳᠤ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠭᠡᠷ ᠪᠦᠯᠢ ᠶᠢᠨ ᠬᠥᠮᠥᠨ ᠳᠤᠮᠳᠠᠴᠢ ᠶᠢᠨ | ᠬᠡᠷᠡᠭᠯᠡᠭᠡ ᠶᠢᠨ ᠵᠠᠷᠤᠯᠭ᠎ᠠ ᠵᠥᠪᠬᠡᠨ 157 ᠲᠥᠭᠦᠷᠢᠭ ᠪᠠᠶᠢᠵᠤ᠂ 2023 ᠣᠨ ᠪᠣᠯᠬᠤ ᠳᠤ ᠨᠡᠮᠡᠭᠳᠡᠭᠡᠳ | 18650 ᠲᠥᠭᠦᠷᠢᠭ ᠪᠣᠯᠵᠤ᠂ 117.8 ᠳᠠᠬᠢᠨ ᠨᠡᠮᠡᠭᠳᠡᠵᠦ᠂ ᠵᠢᠯ ᠳᠤ ᠳᠤᠮᠳᠠᠴᠢ ᠪᠠᠷ 11.8% ᠨᠡᠮᠡᠭᠳᠡᠵᠡᠢ᠃ | ᠬᠡᠷᠡᠭᠯᠡᠭᠡ ᠶᠢᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠡᠮᠴᠢᠯᠡᠭᠡ ᠡᠷᠡᠭᠦᠯᠵᠢᠯ᠂ ᠵᠠᠮ ᠬᠠᠷᠢᠯᠴᠠᠭ᠎ᠠ ᠴᠢᠮᠡᠭᠡ | ᠬᠤᠯᠪᠣᠭ᠎ᠠ᠂ ᠵᠤᠭ᠎ᠠ ᠴᠡᠩᠭᠡᠯ ᠰᠤᠷᠭᠠᠨ ᠬᠥᠮᠦᠵᠢᠯ ᠰᠣᠶᠣᠯ ᠪᠠ ᠣᠷᠣᠨ ᠰᠠᠭᠤᠴᠠ ᠶᠢᠨ ᠬᠡᠷᠡᠭᠯᠡᠭᠡ ᠶᠢᠨ ᠨᠡᠮᠡᠭᠳᠡᠯ | ᠲᠦᠷᠭᠡᠰᠴᠦ᠂ ᠬᠡᠷ ᠪᠦᠯᠢ ᠶᠢᠨ ᠬᠡᠷᠡᠭᠯᠡᠭᠡ ᠶᠢᠨ ᠵᠦᠢᠯᠡᠰ ᠲᠠᠰᠤᠷᠠᠯᠲᠠ ᠥᠬᠡᠶ ᠳᠡᠭᠡᠭᠰᠢᠯᠡᠨ᠂ 2023 ᠣᠨ ᠳᠤ | ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠳᠠᠬᠢ ᠪᠠᠶᠢᠩᠭᠤ ᠰᠠᠭᠤᠭ᠎ᠠ ᠰᠠᠭᠤᠭᠠᠯᠢ ᠠᠷᠠᠳ ᠳᠤᠮᠳᠠᠴᠢ ᠪᠠᠷ | ᠵᠠᠭᠤᠨ ᠡᠷᠦᠬᠡ ᠪᠦᠷᠢ ᠳᠤ ᠭᠡᠷ ᠪᠦᠯᠢ ᠶᠢᠨ ᠬᠡᠷᠡᠭᠯᠡᠬᠦ ᠮᠠᠰᠢᠨ ᠲᠡᠷᠭᠡ 58.2᠂ ᠰᠢᠯᠵᠢᠮᠡᠯ ᠤᠲᠠᠰᠤ 229.7᠂ | ᠬᠡᠷ ᠪᠦᠯᠢ ᠶᠢᠨ ᠴᠠᠬᠢᠯᠭᠠᠨ ᠬᠦᠷᠦᠭᠡᠭᠴᠢ 116.5᠂ ᠬᠤᠪᠴᠠᠰᠤ ᠤᠬᠢᠶᠠᠬᠤ ᠮᠠᠰᠢᠨ 98.5 ᠪᠠᠶᠢᠪᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠮᠠᠨ ᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠬᠥᠭᠵᠢᠯᠲᠡ ᠢᠯᠡᠳᠲᠡ ᠠᠮᠵᠢᠯᠲᠠ ᠣᠯᠵᠤ᠂ ᠤᠯᠤᠰ ᠠᠷᠠᠳ ᠤᠨ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠳᠤ ᠴᠢᠬᠤᠯᠠ ᠦᠢᠯᠡᠳᠦᠯ | ᠪᠠᠳᠠᠷᠠᠭᠤᠯᠪᠠ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠮᠠᠨ ᠤ ᠣᠷᠣᠨ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ | ᠤᠯᠤᠰ ᠤᠨ ᠲᠠᠷᠢᠶᠠᠯᠠᠩ ᠮᠠᠯ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠢ ᠴᠢᠷᠮᠠᠶᠢᠨ ᠪᠠᠶᠢᠭᠤᠯᠤᠨ᠎ᠠ᠃ |